| | ᠬᠦᠯᠦᠨ ᠵᠠᠰᠠᠭ ᠦᠰᠦᠭ ︹2025︺ 2 ᠳ᠋ᠤᠭᠠᠷ ᠲᠤᠭᠠᠳᠤ | | | ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳᠤ᠄ | ᠲᠠᠨ ᠤ ᠬᠤᠰᠢᠭᠤᠨ ᠤ ︽ᠬᠥᠯᠥᠨ ᠪᠤᠶᠢᠷ ᠬᠤᠲᠠ ᠶᠢᠨ ᠴᠠᠭᠠᠨ ᠠᠭᠤᠷᠬᠠᠶ ᠶᠢᠨ ᠦᠢᠯᠡᠰ ᠤᠨ ᠬᠢᠵᠠᠭᠠᠷᠲᠤ ᠺᠣᠮᠫᠠᠨᠢ ᠶᠢᠨ ᠠᠷᠪᠠᠳᠤᠭᠠᠷ ᠬᠦᠳᠡᠷ ᠤᠨ | ᠴᠤᠭᠴᠠ ᠶᠢᠨ ᠠᠭᠤᠷᠬᠠᠢ ᠶᠢᠨ ᠣᠷᠣᠨ ᠤ ᠬᠦᠷᠢᠶ᠎ᠡ ᠬᠡᠪᠴᠢᠶ᠎ᠡ ᠶᠢ ᠬᠤᠪᠢᠷᠠᠭᠠᠬᠤ ᠲᠤᠬᠠᠶ ᠵᠢᠭᠠᠪᠤᠷᠢ ᠠᠪᠬᠤ ᠮᠡᠳᠡᠭᠦᠯᠦᠯᠲᠡ︾ ︵ᠰᠢᠨ᠎ᠡ ᠪᠠᠷᠠᠭᠤᠨ ᠵᠠᠰᠠᠭ | ᠲᠠᠷᠬᠠᠭᠠᠭᠰᠠᠨ ﹇2020﹈ 32 ᠳ᠋ᠤᠭᠠᠷ ᠲᠣᠭᠠᠲᠤ︶ ᠶᠢ ᠬᠦᠯᠢᠶᠡᠨ ᠠᠪᠤᠯ᠎ᠠ᠃ ᠰᠤᠳᠤᠯᠬᠤ ᠪᠠᠷ ᠳᠠᠮᠵᠢᠭᠠᠳ᠂ ᠡᠳᠦᠭᠡ ᠬᠤᠯᠪᠣᠭᠳᠠᠯ ᠪᠦᠬᠦᠢ ᠤᠴᠢᠷ ᠢ | ᠳᠣᠣᠷᠠᠬᠢ ᠮᠡᠲᠦ ᠴᠤᠬᠤᠯᠠᠪᠤᠷᠢᠯᠠᠶ᠎ᠠ᠄ | ᠨᠢᠭᠡ᠂ ᠬᠥᠯᠥᠨ ᠪᠤᠶᠢᠷ ᠬᠤᠲᠠ ᠶᠢᠨ ᠴᠠᠭᠠᠨ ᠠᠭᠤᠷᠬᠠᠶ ᠶᠢᠨ ᠦᠢᠯᠡᠰ ᠤᠨ ᠬᠢᠵᠠᠭᠠᠷᠲᠤ ᠺᠣᠮᠫᠠᠨᠢ ᠶᠢᠨ ᠠᠷᠪᠠᠳᠤᠭᠠᠷ ᠬᠦᠳᠡᠷ ᠤᠨ ᠴᠤᠭᠴᠠ ᠶᠢᠨ | ᠠᠭᠤᠷᠬᠠᠢ ᠶᠢᠨ ᠣᠷᠣᠨ ᠤ ᠬᠦᠷᠢᠶ᠎ᠡ ᠬᠡᠪᠴᠢᠶ᠎ᠡ ᠶᠢ ᠬᠤᠪᠢᠷᠠᠭᠠᠬᠤ ᠶᠢ ᠵᠠᠷᠴᠢᠮ ᠳᠡᠭᠡᠷ᠎ᠡ ᠪᠠᠨ ᠵᠥᠪᠰᠢᠶᠡᠷᠡᠨ᠎ᠡ᠃ | ᠬᠤᠶᠠᠷ᠂ ᠲᠠᠨ ᠤ ᠬᠤᠰᠢᠭᠤ ᠠᠭᠤᠷᠬᠠᠶ ᠶᠢᠨ ᠠᠵᠤ ᠠᠬᠤᠶᠢᠯᠠᠯ ᠪᠠ ᠬᠠᠮᠢᠶ᠎ᠠ ᠪᠥᠬᠦᠶ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ᠂ ᠲᠣᠭᠲᠠᠭᠰᠠᠨ ᠴᠤᠪᠤᠷᠠᠯ | ᠶᠣᠰᠣᠭᠠᠷ ᠠᠭᠤᠷᠬᠠᠶ ᠶᠢᠨ ᠦᠢᠯᠡᠰ ᠤᠨ ᠡᠷᠬᠡ ᠶᠢ ᠨᠡᠶᠢᠯᠡᠬᠦᠯᠦᠨ ᠬᠤᠪᠢᠷᠠᠭᠠᠬᠤ ᠤᠴᠢᠷ ᠶᠠᠪᠤᠳᠠᠯ ᠢ ᠲᠦᠷᠭᠡᠬᠡᠨ ᠭᠦᠢᠴᠡᠳᠬᠡᠬᠦ ᠬᠡᠷᠡᠭᠲᠡᠶ᠃ | ᠭᠤᠷᠪᠠ᠂ ᠠᠭᠤᠷᠬᠠᠶ ᠶᠢᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠭᠤᠤᠯ ᠴᠣᠭᠴᠠ ᠶᠢᠨ | ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢ ᠰᠢᠮᠳᠠᠭᠤᠯᠵᠤ᠂ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠵᠡᠷᠭᠡ ᠬᠠᠤᠯᠢ ᠪᠠᠷ | ᠲᠣᠭᠲᠠᠭᠠᠭᠰᠠᠨ ᠡᠭᠦᠷᠭᠡ ᠶᠢ ᠦᠨᠡᠨᠬᠦ ᠭᠦᠢᠴᠡᠳᠬᠡᠬᠦ ᠬᠡᠷᠡᠭᠲᠡᠶ᠃ | ᠡᠭᠦᠨ ᠤ ᠲᠤᠯᠠ ᠲᠤᠰᠬᠠᠶᠢᠯᠠᠨ ᠴᠤᠬᠤᠯᠠᠪᠤᠷᠢᠯᠠᠪᠠ᠃ | | | | | | | | 2025 ᠣᠨ ᠤ 1 ᠰᠠᠷ᠎ᠠ ᠶᠢᠨ 7 ᠤ ᠡᠳᠦᠷ | | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ | |