ᠨᠢᠭᠡ ᠨᠢ ᠡᠯᠡᠰᠦᠨ ᠭᠠᠵᠠᠷ ᠢ ᠪᠣᠰᠤᠭ᠎ᠠ ᠴᠣᠭᠴᠠ ᠪᠠᠷ ᠨᠡᠭᠡᠭᠡᠨ ᠠᠰᠢᠭᠯᠠᠬᠤ ᠬᠡᠪ ᠵᠠᠭᠪᠤᠷ᠃ ᠠᠰᠢᠬᠠᠨ ᠰᠤᠮᠤᠨ ᠳᠤ ᠬᠤᠷᠴᠢᠨ ᠤ ᠡᠯᠡᠰᠦ ᠶᠢᠨ ᠠᠮᠢ ᠠᠬᠤᠶ ᠶᠢ | ᠵᠠᠰᠠᠬᠤ ᠰᠢᠨ᠎ᠡ ᠡᠨᠧᠷᠭᠢ ᠶᠢᠨ ᠪᠠᠷᠢᠮᠵᠢᠶᠠᠲᠤ ᠭᠠᠵᠠᠷ ᠢ 5 ᠲᠦᠮᠡᠨ ᠮᠥ ᠲᠥᠯᠥᠪᠵᠢᠭᠦᠯᠦᠨ ᠪᠥᠲᠥᠭᠡᠨ ᠪᠠᠶᠢᠭᠤᠯᠵᠤ᠂ ᠭᠡᠷᠡᠯᠴᠢ ᠴᠡᠨᠡᠭ ᠤᠨ ᠬᠠᠪᠲᠠᠰᠤᠨ ᠳᠡᠭᠡᠷ᠎ᠡ | ᠴᠠᠬᠢᠯᠭᠠᠨ ᠭᠠᠷᠭᠠᠬᠤ᠂ ᠬᠠᠪᠲᠠᠰᠤᠨ ᠳᠣᠤᠷ᠎ᠠ ᠪᠠ ᠬᠠᠪᠲᠠᠰᠤᠨ ᠤ ᠬᠤᠭᠤᠷᠣᠨᠳᠣ ᠰᠢᠬᠢᠷ ᠡᠪᠡᠰᠦ ᠲᠡᠵᠢᠭᠡᠯ ᠡᠪᠡᠰᠦ᠂ ᠠᠵᠤ ᠠᠬᠤᠶ ᠶᠢᠨ ᠣᠶ ᠰᠢᠭᠤᠢ ᠵᠡᠷᠭᠡ ᠠᠮᠢ | ᠠᠬᠤᠶ ᠶᠢᠨ ᠲᠠᠷᠢᠮᠠᠯ ᠢ ᠲᠠᠷᠢᠬᠤ ᠶᠢ ᠬᠡᠷᠡᠭᠵᠢᠭᠦᠯᠦᠨ᠂ ︽ᠮᠠᠯ ᠠᠵᠤ ᠠᠬᠤᠶ ᠪᠠ ᠭᠡᠷᠡᠯᠴᠢ ᠴᠡᠨᠡᠭ ᠤᠨ ᠬᠠᠷᠢᠯᠴᠠᠨ ᠨᠦᠬᠦᠪᠦᠷᠢᠯᠡᠬᠦ︾ ᠶᠢ ᠪᠡᠶᠡᠯᠡᠭᠦᠯᠪᠡ᠃ | ᠣᠳᠣᠬᠠᠨ ᠳᠤ᠂ ᠨᠢᠭᠡᠨᠲᠡ ᠪᠠᠶᠢᠭᠤᠯᠤᠭᠰᠠᠨ ᠭᠡᠷᠡᠯᠴᠢ ᠴᠡᠨᠡᠭ ᠤᠨ ᠬᠠᠪᠲᠠᠰᠤᠨ ᠤ ᠲᠤᠭ᠎ᠠ 9.16 ᠲᠦᠮᠡ᠂ ᠭᠡᠷᠡᠯᠴᠢ ᠴᠡᠨᠡᠭ ᠢᠶᠠᠷ ᠴᠠᠬᠢᠯᠭᠠᠨ ᠭᠠᠷᠭᠠᠬᠤ ᠶᠡᠷᠦᠩᠬᠡᠶ | ᠮᠠᠰᠢᠨ ᠴᠣᠭᠴᠠᠯᠠᠪᠤᠷᠢ ᠶᠢᠨ ᠬᠡᠪᠴᠢᠶᠡᠵᠢᠯ 130 ᠲᠦᠮᠡᠨ ᠺᠢᠯᠣᠸᠠᠲ ᠲᠤ ᠬᠦᠷᠪᠡ᠂ ᠵᠢᠱᠢᠯᠲᠡ ᠪᠠᠷ ᠵᠢᠯ ᠤᠨ ᠣᠷᠣᠯᠭ᠎ᠠ ᠶᠢ 1.29 ᠳ᠋ᠦᠩᠰᠢᠭᠤᠷ ᠲᠥᠭᠦᠷᠢᠭ ᠲᠤ | ᠬᠦᠷᠦᠭᠦᠯᠬᠦ ᠶᠢᠨ ᠬᠠᠮᠲᠤ 5 ᠲᠦᠮᠡᠨ ᠠᠯᠠᠰᠢᠨ ᠦᠬᠡᠷ ᠲᠤ ᠡᠪᠡᠰᠦ ᠪᠣᠷᠳᠤᠭ᠎ᠠ ᠬᠠᠩᠭᠠᠬᠤ ᠪᠣᠯᠣᠮᠵᠢ ᠲᠠᠢ᠃ ᠬᠤᠶᠠᠷ ᠨᠢ ᠡᠯᠡᠰᠦᠨ ᠭᠠᠵᠠᠷ ᠢ ᠶᠡᠷᠦᠩᠬᠡᠶᠢᠯᠡᠨ | ᠴᠡᠭᠴᠡᠯᠡᠨ ᠵᠠᠰᠠᠬᠤ ᠬᠡᠪ ᠵᠠᠭᠪᠤᠷ᠃ ᠲᠠᠷᠢᠶᠠᠯᠠᠬᠤ ᠭᠠᠵᠠᠷ ᠪᠣᠯᠭᠠᠨ ᠬᠤᠪᠢᠷᠠᠭᠤᠯᠬᠤ ᠳᠤ ᠳᠣᠬᠢᠷᠠᠮᠵᠢ ᠦᠭᠡᠢ 614 ᠲᠦᠮᠡᠨ ᠮᠦ ᠡᠯᠡᠰᠦᠷᠬᠡᠭ ᠭᠠᠵᠠᠷ ᠲᠤ | ᠴᠢᠭᠯᠡᠭᠦᠯᠦᠨ᠂ ᠵᠠᠮ ᠢᠶᠠᠷ ᠡᠯᠡᠰᠦ ᠶᠢ ᠵᠠᠰᠠᠬᠤ᠂ ᠲᠤᠷᠤᠭ ᠪᠤᠳᠠ ᠡᠪᠡᠰᠦ ᠶᠢ ᠤᠶᠠᠯᠳᠤᠭᠤᠯᠬᠤ᠂ ᠪᠢᠲᠡᠭᠦᠮᠵᠢᠯᠡᠨ ᠣᠶᠢᠵᠢᠭᠤᠯᠬᠤ ᠨᠢᠰᠬᠡᠯ ᠢᠶᠠᠷ ᠲᠠᠷᠢᠵᠤ | ᠣᠶᠢᠵᠢᠭᠤᠯᠬᠤ ᠥᠭᠡᠷᠡᠴᠢᠯᠡᠨ ᠵᠠᠰᠠᠬᠤ ᠶᠢ ᠵᠡᠷᠭᠡ ᠪᠠᠷ ᠬᠡᠷᠡᠭᠵᠢᠭᠦᠯᠬᠦ ᠵᠡᠷᠭᠡ ᠡᠯᠡᠰᠦ ᠶᠢ ᠵᠠᠰᠠᠬᠤ ᠬᠡᠪ ᠵᠠᠭᠪᠤᠷ ᠤᠳ ᠢ ᠬᠡᠷᠡᠭᠵᠢᠭᠦᠯᠦᠭᠡᠳ ᠣᠳᠣᠬᠠᠨ ᠳᠤ ᠡᠯᠡᠰᠦ ᠶᠢ | ᠲᠤᠭᠤᠯᠤᠭᠰᠠᠨ ᠵᠠᠰᠠᠮᠠᠯ ᠵᠠᠮ ᠢ 16 ᠵᠤᠷᠪᠤᠰ ᠨᠡᠪᠲᠡᠷᠡᠭᠦᠯᠵᠦ᠂ 551 ᠲᠦᠮᠡᠨ ᠮᠦ ᠡᠯᠡᠰᠦᠨ ᠭᠠᠵᠠᠷ ᠢ ᠶᠡᠷᠦᠩᠬᠡᠶᠢᠯᠡᠨ ᠵᠠᠰᠠᠪᠠ᠂ ᠡᠨᠡ ᠵᠢᠯ ᠡᠯᠡᠰᠦ ᠶᠢ | ᠲᠤᠭᠤᠯᠤᠭᠰᠠᠨ 3 ᠵᠤᠷᠪᠤᠰ ᠵᠠᠰᠠᠮᠠᠯ ᠵᠠᠮ ᠢ ᠰᠢᠨ᠎ᠡ ᠪᠠᠷ ᠪᠠᠶᠢᠭᠤᠯᠵᠤ᠂ 46 ᠲᠦᠮᠡᠨ ᠮᠦ ᠡᠯᠡᠰᠦᠨ ᠭᠠᠵᠠᠷ ᠢ ᠶᠡᠷᠦᠩᠬᠡᠶᠢᠯᠡᠨ ᠵᠠᠰᠠᠬᠤ ᠪᠠᠷ ᠲᠥᠯᠥᠪᠯᠡᠵᠦ ᠪᠣᠢ᠃ | ᠭᠤᠷᠪᠠ ᠨᠢ ᠡᠯᠡᠰᠦᠨ ᠭᠠᠵᠠᠷ ᠤᠨ ᠡᠬᠢ ᠪᠠᠶᠠᠯᠢᠭ ᠢ ᠠᠭᠤᠳᠠᠯᠬᠤ ᠬᠡᠪ ᠵᠠᠭᠪᠤᠷ᠃ ᠡᠯᠡᠰᠦᠨ ᠭᠠᠵᠠᠷ ᠵᠢᠴᠢ ᠡᠷᠭᠢᠨ ᠲᠣᠭᠤᠷᠢᠨ ᠤ 3 ᠲᠦᠮᠡ ᠭᠠᠷᠤᠶ ᠮᠦ ᠭᠠᠵᠠᠷ | ᠰᠢᠷᠣᠶ ᠶᠢ ᠵᠦᠶ ᠵᠣᠬᠢᠰᠲᠠᠶ ᠠᠰᠢᠭᠯᠠᠵᠤ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠦᠭᠡᠮᠡᠯᠵᠢᠭᠦᠯᠬᠦ᠂ ᠰᠣᠶᠣᠯ ᠤᠨ ᠪᠡᠶᠡᠴᠢᠯᠡᠨ ᠣᠶᠢᠯᠠᠭᠠᠬᠤᠢ᠂ ᠰᠡᠯᠡᠭᠦᠴᠡᠯ | ᠵᠤᠭᠠᠴᠠᠯ ᠵᠡᠷᠭᠡ ᠴᠢᠳᠠᠮᠵᠢ ᠶᠢ ᠨᠢᠭᠡ ᠴᠣᠭᠴᠠᠵᠢᠭᠤᠯᠤᠭᠰᠠᠨ ᠡᠯᠡᠰᠦᠨ ᠭᠠᠵᠠᠷ ᠤᠨ ᠵᠢᠭᠤᠯᠴᠢᠯᠠᠯ ᠤᠨ ᠰᠠᠭᠤᠷᠢᠨ ᠭᠠᠵᠠᠷ ᠢ 3 ᠪᠠᠶᠢᠭᠤᠯᠤᠭᠠᠳ ᠣᠳᠣᠬᠠᠨ ᠪᠣᠯᠲᠠᠯ᠎ᠠ | ᠡᠯᠡᠰᠦᠨ ᠭᠠᠵᠠᠷ ᠤᠨ ᠵᠢᠭᠤᠯᠴᠢᠯᠠᠯ ᠤᠨ ᠰᠠᠭᠤᠷᠢᠨ ᠭᠠᠵᠠᠷ ᠨᠢ ᠵᠢᠯ ᠪᠦᠷᠢ ᠵᠢᠭᠤᠯᠴᠢᠯᠠᠭᠴᠢᠳ ᠢ 123 ᠲᠦᠮᠡᠨ ᠬᠥᠮᠦᠨ ᠤᠳᠠᠭ᠎ᠠ ᠬᠦᠯᠢᠶᠡᠨ ᠠᠪᠴᠤ᠂ | ᠶᠡᠷᠦᠩᠬᠡᠶᠢᠯᠡᠭᠰᠡᠨ ᠵᠢᠭᠤᠯᠴᠢᠯᠠᠯ ᠤᠨ ᠣᠷᠣᠯᠭ᠎ᠠ ᠨᠢ 15.91 ᠳ᠋ᠦᠩᠰᠢᠭᠤᠷ ᠲᠥᠭᠦᠷᠢᠭ ᠲᠤ ᠬᠦᠷᠦᠭᠰᠡᠨ ᠪᠠᠶᠢᠨ᠎ᠠ︔ ᠣᠨᠴᠠᠯᠢᠭᠲᠤ ᠳᠠᠪᠠᠭᠤᠯᠢᠭ ᠠᠭᠤᠷᠬᠠᠶ ᠶᠢᠨ | ᠵᠦᠢᠯ ᠢ ᠬᠥᠭᠵᠢᠭᠦᠯᠵᠦ᠂ ᠥᠭᠡᠬᠦᠨ ᠴᠢᠯᠠᠭᠤᠨ ᠬᠠᠶᠢᠷ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠥᠭᠡᠬᠦᠨ ᠴᠢᠯᠠᠭᠤᠨ ᠬᠠᠶᠢᠷ ᠤᠨ | ᠠᠭᠤᠷᠬᠠᠶ ᠮᠠᠯᠳᠠᠬᠤ ᠡᠷᠬᠡ ᠶᠢ 3 ᠲᠣᠬᠢᠷᠠᠭᠤᠯᠵᠤ᠂ ᠵᠢᠯ ᠤᠨ ᠦᠢᠯᠡᠳᠪᠦᠷᠢᠯᠡᠯ ᠤᠨ ᠬᠡᠪᠴᠢᠶᠡᠵᠢᠯ ᠨᠢ 50 ᠲᠦᠮᠡᠨ ᠺᠦᠪ ᠮᠧᠳ᠋ᠷ ᠪᠠᠶᠢᠵᠤ᠂ ᠵᠢᠯ ᠤᠨ | ᠦᠢᠯᠡᠳᠬᠦᠨ ᠤ ᠥᠷᠲᠡᠭ ᠨᠢ 2000 ᠲᠦᠮᠡᠨ ᠲᠥᠭᠦᠷᠢᠭ ᠲᠤ ᠬᠦᠷᠪᠡ᠃ ︵ᠤᠯᠠᠭᠠᠨᠬᠠᠳᠠ ᠬᠤᠲᠠ ᠶᠢᠨ ᠵᠠᠰᠠᠭ ᠤᠨ ᠣᠷᠳᠣᠨ︶ |