ᠰᠢᠨᠬᠤᠸᠠ ᠬᠤᠷᠢᠶ᠎ᠠ ᠶᠢᠨ ᠪᠡᠭᠡᠵᠢᠩ ᠤᠨ 2 ᠰᠠᠷ᠎ᠠ ᠶᠢᠨ 28 ᠤ | ᠴᠠᠭᠢᠯᠭᠠᠨ ᠮᠡᠳᠡᠭᠡ 2 ᠰᠠᠷ᠎ᠠ ᠶᠢᠨ 28 ᠤ ᠦᠳᠡ ᠶᠢᠨ ᠬᠤᠶᠢᠨ᠎ᠠ᠂ | ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ | ᠠᠷᠠᠳ ᠤᠨ ᠶᠡᠭᠡ ᠬᠤᠷᠠᠯ ᠤᠨ ᠲᠠᠩᠬᠢᠮ ᠳᠤ ᠤᠷᠤᠰ ᠤᠨ | ᠬᠤᠯᠪᠣᠭᠠᠨ ᠤ ᠠᠮᠤᠷ ᠲᠦᠪᠰᠢᠨ ᠤ ᠬᠤᠷᠠᠯ ᠤᠨ ᠨᠠᠷᠢᠨ | ᠪᠢᠴᠢᠭᠡᠴᠢ ᠱᠤᠤᠶ᠋ᠢᠭᠦ᠋ ᠲᠠᠢ ᠠᠭᠤᠯᠵᠠᠪᠠ᠃ | | | | | 2 ᠰᠠᠷ᠎ᠠ ᠶᠢᠨ 28 ᠤ ᠦᠳᠡ ᠶᠢᠨ ᠬᠤᠶᠢᠨ᠎ᠠ᠂ ᠤᠯᠤᠰ ᠤᠨ | ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ | ᠬᠤᠷᠠᠯ ᠤᠨ ᠲᠠᠩᠬᠢᠮ ᠳᠤ ᠤᠷᠤᠰ ᠤᠨ ᠬᠤᠯᠪᠣᠭᠠᠨ ᠤ ᠠᠮᠤᠷ | ᠲᠦᠪᠰᠢᠨ ᠤ ᠬᠤᠷᠠᠯ ᠤᠨ ᠨᠠᠷᠢᠨ ᠪᠢᠴᠢᠭᠡᠴᠢ ᠱᠤᠤᠶ᠋ᠢᠭᠦ᠋ ᠲᠠᠢ | ᠠᠭᠤᠯᠵᠠᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢᠦ ᠸᠧᠢ ᠪᠢᠩ | ᠰᠡᠭᠦᠳᠡᠷᠯᠡᠪᠡ | ᠰᠢ ᠶᠢᠨ ᠫᠢᠩ᠂ ᠳᠤᠮᠳᠠᠳᠤ ᠤᠷᠤᠰ ᠪᠣᠯ ᠠᠭᠤᠯᠠ | ᠤᠰᠤ ᠪᠠᠷ ᠢᠶᠠᠨ ᠵᠠᠯᠭᠠᠯᠳᠤᠭᠰᠠᠨ ᠨᠥᠭᠦᠷᠰᠡᠭ ᠬᠥᠷᠰᠢ ᠤᠯᠤᠰ | ᠮᠥᠨ᠂ ᠨᠡᠩ ᠴᠤ ᠪᠣᠯᠣᠳ ᠰᠢᠭ᠋ ᠳᠠᠪᠲᠠᠭᠳᠠᠭᠰᠠᠨ ᠦᠨᠡᠨᠴᠢ | ᠨᠠᠶᠢᠵᠠ ᠮᠥᠨ᠃ ᠡᠨᠡ ᠵᠢᠯ ᠪᠢ ᠶᠡᠷᠦᠩᠬᠡᠶᠢᠯᠡᠭᠴᠢ ᠫᠦᠲ᠋ᠢᠨ ᠲᠠᠢ | ᠬᠤᠶᠠᠷ ᠤᠳᠠᠭ᠎ᠠ ᠰᠠᠨᠠᠯ ᠢᠶᠠᠨ ᠰᠣᠯᠢᠯᠴᠠᠵᠤ᠂ ᠳᠤᠮᠳᠠᠳᠤ | ᠤᠷᠤᠰ ᠤᠨ ᠬᠠᠷᠢᠯᠴᠠᠭᠠᠨ ᠤ ᠬᠥᠭᠵᠢᠯᠲᠡ ᠳᠤ ᠦᠵᠦ ᠲᠥᠯᠥᠪᠯᠡᠭᠡ | ᠬᠢᠵᠦ᠂ ᠠᠯᠢ ᠤᠯᠠᠨ ᠴᠢᠬᠤᠯᠠ ᠶᠡᠭᠡ ᠳᠡᠯᠡᠬᠡᠢ ᠶᠢᠨ ᠪᠠ ᠭᠠᠵᠠᠷ | ᠣᠷᠣᠨ ᠤ ᠠᠰᠠᠭᠤᠳᠠᠯ ᠤᠨ ᠲᠤᠬᠠᠢ ᠰᠠᠨᠠᠯ ᠢᠶᠠᠨ ᠭᠦᠨᠵᠡᠭᠡᠢ | ᠣᠯᠣᠯᠴᠠᠪᠠ᠃ ᠡᠨᠡ ᠵᠢᠯ ᠪᠣᠯ ᠳᠤᠮᠳᠠᠳᠤ ᠤᠯᠤᠰ ᠤᠨ ᠠᠷᠠᠳ | ᠲᠦᠮᠡᠨ ᠤ ᠶᠠᠫᠤᠨ ᠢ ᠡᠰᠡᠷᠭᠦᠴᠡᠬᠦ ᠳᠠᠶᠢᠨ᠂ ᠵᠥᠪᠯᠡᠯᠲᠦ | ᠬᠤᠯᠪᠣᠭᠠᠲᠤ ᠤᠯᠤᠰ ᠤᠨ ᠠᠭᠤᠤ ᠶᠡᠭᠡ ᠤᠯᠤᠰ ᠢᠶᠠᠨ | ᠬᠠᠮᠠᠭᠠᠯᠠᠬᠤ ᠳᠠᠶᠢᠨ ᠵᠢᠴᠢ ᠳᠡᠯᠡᠬᠡᠢ ᠶᠢᠨ ᠹᠠᠱᠢᠰ ᠢ | ᠡᠰᠡᠷᠭᠦᠴᠡᠬᠦ ᠳᠠᠶᠢᠨ ᠢᠯᠠᠯᠲᠠ ᠣᠯᠣᠭᠰᠠᠨ 80 ᠵᠢᠯ ᠤᠨ ᠣᠶ | ᠪᠤᠯᠬᠤ ᠪᠥᠭᠡᠳ ᠪᠠᠰᠠ ᠴᠤ ᠣᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠪᠠᠶᠢᠭᠤᠯᠤᠭᠳᠠᠭᠰᠠᠨ 80 ᠵᠢᠯ ᠤᠨ ᠣᠶ ᠪᠣᠯᠣᠨ᠎ᠠ᠃ | ᠡᠶᠢᠮᠦᠷᠬᠦᠦ ᠣᠨᠴᠠᠭᠠᠢ ᠲᠡᠦᠬᠡᠲᠦ ᠠᠴᠢ ᠬᠤᠯᠪᠣᠭᠳᠠᠯ ᠲᠠᠢ | ᠵᠢᠯ ᠳᠤ᠂ ᠳᠤᠮᠳᠠᠳᠤ ᠤᠷᠤᠰ ᠤᠨ ᠬᠠᠷᠢᠯᠴᠠᠭ᠎ᠠ ᠠᠯᠢ ᠤᠯᠠᠨ | ᠴᠢᠬᠤᠯᠠ ᠵᠥᠪᠯᠡᠬᠦ ᠵᠦᠢᠯ ᠢᠶᠠᠨ ᠤᠭᠲᠤᠬᠤ ᠪᠣᠯᠣᠨ᠎ᠠ᠃ ᠬᠤᠶᠠᠷ | ᠲᠠᠯ᠎ᠠ ᠶᠢᠨ ᠡᠯ᠎ᠡ ᠱᠠᠲᠤ ᠳᠠᠪᠬᠤᠷᠭ᠎ᠠ ᠶᠢᠨ ᠬᠢᠨ ᠨᠢᠭᠲᠠ | ᠣᠯᠣᠯᠴᠠᠭ᠎ᠠ ᠪᠠᠨ ᠪᠠᠲᠤᠯᠠᠵᠤ᠂ ᠮᠢᠨᠤ ᠶᠡᠷᠦᠩᠬᠡᠶᠢᠯᠡᠭᠴᠢ | ᠫᠦᠲ᠋ᠢᠨ ᠲᠠᠢ ᠲᠣᠬᠢᠷᠠᠯᠴᠠᠭᠰᠠᠨ ᠬᠠᠮᠲᠤ ᠶᠢᠨ ᠲᠠᠨᠢᠯᠲᠠ ᠶᠢ | ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠭᠦᠷᠢᠳᠡ ᠶᠢᠨ | ᠡᠶᠡᠯᠳᠡᠭ ᠬᠥᠷᠰᠢ ᠶᠢᠨ ᠨᠥᠭᠦᠷᠰᠡᠭ ᠬᠠᠷᠢᠯᠴᠠᠭ᠎ᠠ᠂ ᠪᠦᠭᠦ | ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ᠂ | ᠬᠠᠷᠢᠯᠴᠠᠨ ᠠᠰᠢᠭᠲᠠᠢ ᠬᠠᠮᠲᠤᠷᠠᠯᠴᠠᠭ᠎ᠠ ᠬᠢᠵᠦ ᠬᠠᠮᠲᠤ ᠪᠠᠷ | ᠠᠰᠢᠭ ᠭᠦᠷᠳᠡᠭᠦ ᠰᠢᠨ᠎ᠡ ᠴᠠᠭ ᠦᠶ᠎ᠡ ᠶᠢᠨ ᠳᠤᠮᠳᠠᠳᠤ ᠤᠷᠤᠰ ᠤᠨ | ᠬᠠᠷᠢᠯᠴᠠᠭᠠᠨ ᠤ ᠵᠣᠷᠢᠭ ᠰᠠᠨᠠᠭᠠᠨ ᠤ ᠳᠣᠲᠣᠭᠠᠳᠤ ᠴᠥᠮ᠎ᠡ ᠶᠢ | ᠪᠠᠳᠠᠷᠠᠭᠤᠯᠵᠤ᠂ ᠪᠠᠶᠢᠯᠳᠤᠬᠤ ᠪᠣᠳᠣᠯᠭ᠎ᠠ ᠶᠢᠨ | ᠬᠠᠮᠵᠢᠯᠴᠠᠭ᠎ᠠ ᠪᠣᠯᠣᠨ ᠪᠣᠳᠠᠲᠠᠢ ᠶᠢ ᠡᠷᠬᠢᠮᠯᠡᠭᠰᠡᠨ | ᠬᠠᠮᠲᠤᠷᠠᠯᠴᠠᠭ᠎ᠠ ᠶᠢ ᠲᠠᠰᠤᠷᠠᠯᠳᠠ ᠦᠭᠡᠢ | ᠭᠦᠨᠵᠡᠭᠡᠶᠢᠷᠡᠭᠦᠯᠵᠦ᠂ ᠬᠤᠶᠠᠷ ᠤᠯᠤᠰ ᠤᠨ ᠬᠠᠮᠲᠤ ᠶᠢᠨ | ᠬᠥᠭᠵᠢᠯ ᠮᠠᠨᠳᠤᠯ ᠳᠤ ᠬᠦᠴᠦᠨ ᠨᠡᠮᠡᠷᠢᠯᠡᠶ᠎ᠡ᠃ ᠬᠤᠶᠠᠷ | ᠲᠠᠯ᠎ᠠ ᠪᠠᠷ ᠢᠶᠠᠨ ᠳᠡᠯᠡᠬᠡᠢ ᠶᠢᠨ ᠪᠠ ᠭᠠᠵᠠᠷ ᠣᠷᠣᠨ ᠤ | ᠬᠡᠷᠡᠭ ᠶᠠᠪᠤᠳᠠᠯ ᠳᠠᠬᠢ ᠵᠣᠬᠢᠴᠠᠭᠤᠯᠭ᠎ᠠ ᠪᠠᠨ ᠦᠷᠭᠦᠯᠵᠢᠯᠡᠨ | ᠴᠢᠩᠭᠠᠳᠬᠠᠵᠤ᠂ ᠠᠯᠳᠠᠨ ᠲᠣᠭᠤᠰᠭ᠋᠎ᠠ ᠤᠯᠤᠰ ᠤᠳ ᠪᠠ | ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ | ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ | ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ | ᠪᠦᠯᠬᠦᠮᠳᠡᠯ ᠬᠠᠮᠲᠤᠷᠠᠯᠴᠠᠭᠠᠨ ᠤ ᠶᠡᠭᠡ ᠴᠢᠭᠯᠡᠯ ᠢ | ᠪᠠᠬᠢᠵᠢᠭᠦᠯᠦᠶ᠎ᠡ ᠭᠡᠵᠦ ᠵᠢᠭᠠᠵᠤ ᠭᠠᠷᠭᠠᠪᠠ᠃ | | | | | 2 ᠰᠠᠷ᠎ᠠ ᠶᠢᠨ 28 ᠤ ᠦᠳᠡ ᠶᠢᠨ ᠬᠤᠶᠢᠨ᠎ᠠ᠂ ᠤᠯᠤᠰ ᠤᠨ | ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ | ᠬᠤᠷᠠᠯ ᠤᠨ ᠲᠠᠩᠬᠢᠮ ᠳᠤ ᠤᠷᠤᠰ ᠤᠨ ᠬᠤᠯᠪᠣᠭᠠᠨ ᠤ ᠠᠮᠤᠷ | ᠲᠦᠪᠰᠢᠨ ᠤ ᠬᠤᠷᠠᠯ ᠤᠨ ᠨᠠᠷᠢᠨ ᠪᠢᠴᠢᠭᠡᠴᠢ ᠱᠤᠤᠶ᠋ᠢᠭᠦ᠋ ᠲᠠᠢ | ᠠᠭᠤᠯᠵᠠᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢᠦ ᠸᠧᠢ ᠪᠢᠩ | ᠰᠡᠭᠦᠳᠡᠷᠯᠡᠪᠡ | ᠱᠤᠤᠶ᠋ᠢᠭᠦ᠋ ᠶᠡᠷᠦᠩᠬᠡᠶᠢᠯᠡᠭᠴᠢ ᠫᠦᠲ᠋ᠢᠨ ᠤ | ᠲᠡᠷᠢᠭᠦᠯᠡᠭᠴᠢ ᠰᠢ ᠶᠢᠨ ᠫᠢᠩ ᠳᠤ ᠬᠦᠷᠭᠡᠭᠰᠡᠨ ᠳᠣᠲᠣᠨᠣ | ᠮᠡᠨᠳᠦᠴᠢᠯᠡᠯ ᠢ ᠳᠠᠮᠵᠢᠭᠤᠯᠵᠤ᠂ ᠶᠡᠷᠦᠩᠬᠡᠶᠢᠯᠡᠭᠴᠢ | ᠫᠦᠲ᠋ᠢᠨ ᠠᠴᠠ ᠲᠡᠷᠢᠭᠦᠯᠡᠭᠴᠢ ᠰᠢ ᠶᠢᠨ ᠫᠢᠩ ᠯᠦᠭᠡ ᠶᠢᠨ ᠴᠢᠩ | ᠦᠨᠡᠨᠴᠢ ᠨᠥᠬᠦᠷᠯᠡᠯ ᠪᠣᠯᠣᠨ ᠨᠢᠭᠲᠠ ᠬᠠᠷᠢᠯᠴᠠᠭ᠎ᠠ ᠶᠢ | ᠳᠡᠭᠡᠳᠦ ᠬᠡᠮᠵᠢᠶ᠎ᠡ ᠪᠠᠷ ᠨᠠᠨᠳᠢᠩᠨᠠᠵᠤ ᠪᠠᠶᠢᠨ᠎ᠠ᠃ ᠤᠷᠤᠰ | ᠳᠤᠮᠳᠠᠳᠤ ᠶᠢᠨ ᠬᠠᠷᠢᠯᠴᠠᠭ᠎ᠠ ᠤᠷᠢᠳ ᠡᠮᠦᠨ᠎ᠡ ᠪᠠᠶᠢᠭ᠎ᠠ ᠦᠭᠡᠢ | ᠥᠨᠳᠥᠷ ᠲᠦᠪᠰᠢᠨ ᠳᠤ ᠬᠦᠷᠴᠦ᠂ ᠶᠠᠮᠠᠷᠪᠠ ᠭᠤᠷᠪᠠᠳᠠᠭᠢ | ᠡᠲᠡᠭᠡᠳ ᠲᠤ ᠴᠢᠭᠯᠡᠭᠦᠯᠬᠦ ᠦᠭᠡᠢ᠃ ᠤᠷᠤᠰ ᠳᠤᠮᠳᠠᠳᠤ ᠬᠤᠶᠠᠷ | ᠤᠯᠤᠰ ᠳᠡᠯᠡᠬᠡᠢ ᠳᠡᠭᠡᠷ᠎ᠡ ᠴᠢᠬᠤᠯᠠ ᠦᠢᠯᠡᠳᠦᠯ ᠦᠵᠡᠭᠦᠯᠵᠦ᠂ | ᠲᠣᠮᠣ ᠤᠯᠤᠰ ᠤᠨ ᠬᠠᠷᠢᠯᠴᠠᠭᠠᠨ ᠤ ᠬᠡᠪ ᠳᠠᠭᠤᠷᠢᠶᠠᠯ ᠢ ᠪᠤᠢ | ᠪᠣᠯᠭᠠᠪᠠ᠃ ᠤᠷᠤᠰ ᠳᠤᠮᠳᠠᠳᠤ ᠢᠮᠠᠭᠲᠠ ᠬᠠᠷᠢᠯᠴᠠᠨ ᠢᠲᠡᠭᠡᠵᠦ᠂ | ᠡᠷᠬᠡ ᠲᠡᠭᠰᠢ ᠪᠠᠷ ᠶᠠᠷᠢᠯᠴᠠᠵᠤ᠂ ᠬᠤᠶᠠᠷ ᠤᠯᠤᠰ ᠤᠨ | ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠨᠢ ᠬᠤᠶᠠᠷ | ᠲᠠᠯ᠎ᠠ ᠶᠢᠨ ᠬᠠᠮᠲᠤ ᠶᠢᠨ ᠠᠰᠢᠭ ᠲᠤᠰᠠ ᠳᠤ ᠨᠡᠶᠢᠴᠡᠨ᠎ᠡ᠃ | ᠤᠷᠤᠰ ᠤᠨ ᠬᠢᠨ ᠬᠤᠶᠠᠷ ᠤᠯᠤᠰ ᠤᠨ ᠲᠡᠷᠢᠭᠦᠨ ᠤ | ᠲᠣᠬᠢᠷᠠᠯᠴᠠᠭᠰᠠᠨ ᠴᠢᠬᠤᠯᠠ ᠬᠠᠮᠲᠤ ᠶᠢᠨ ᠲᠠᠨᠢᠯᠲᠠ ᠶᠢ ᠦᠨᠡᠨ | ᠬᠦ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠯᠤᠭ᠎ᠠ ᠶᠢᠨ | ᠬᠠᠮᠲᠤᠷᠠᠯᠴᠠᠭ᠎ᠠ ᠶᠢ ᠡᠷᠡᠰ ᠭᠤᠶᠢᠪᠢᠰᠢ ᠦᠭᠡᠢ | ᠴᠢᠩᠭᠠᠳᠬᠠᠨ᠎ᠠ᠃ ᠳᠤᠮᠳᠠᠳᠤ ᠤᠯᠤᠰ ᠦᠺᠷᠠᠶᠢᠨ ᠤ ᠬᠢᠮᠤᠷᠠᠯ ᠢ | ᠨᠠᠶᠢᠷᠠᠮᠳᠠᠯ ᠢᠶᠠᠷ ᠰᠢᠢᠳᠪᠦᠷᠢᠯᠡᠬᠦ ᠶᠢ ᠢᠳᠡᠪᠬᠢᠲᠡᠢ | ᠠᠬᠢᠭᠤᠯᠤᠭᠰᠠᠭᠠᠷ ᠢᠷᠡᠵᠠᠢ᠂ ᠤᠷᠤᠰ ᠤᠨ ᠬᠢᠨ ᠡᠭᠦᠨ ᠢ | ᠶᠡᠬᠡᠳᠡ ᠮᠠᠭᠲᠠᠨ ᠰᠠᠶᠢᠰᠢᠶᠠᠵᠤ ᠪᠠᠶᠢᠨ᠎ᠠ ᠭᠡᠵᠦ ᠢᠯᠡᠳᠬᠡᠪᠡ᠃ | ᠸᠠᠩ ᠢ ᠠᠭᠤᠯᠵᠠᠯᠲᠠ ᠳᠤ ᠣᠷᠣᠯᠴᠠᠵᠠᠢ᠃ |