| | ᠥᠪᠥᠷ ᠮᠣᠩᠭᠤᠯ ᠤᠨ ᠰᠢᠨᠬᠤᠸᠠ ᠲᠠᠷᠬᠠᠭᠠᠯᠲᠠ ᠶᠢᠨ ᠪᠦᠯᠦᠭᠯᠡᠯ ᠨᠢ ᠥᠪᠥᠷ ᠮᠣᠩᠭᠤᠯ ᠤᠨ 12 ᠠᠶᠢᠮᠠᠭ ᠬᠤᠲᠠ ᠶᠢᠨ ᠪᠤᠶ ᠪᠦᠬᠦᠢ ᠳᠤᠮᠳᠠᠳᠤ ᠪᠠᠭ᠎ᠠ | ᠰᠤᠷᠭᠠᠭᠤᠯᠢ ᠶᠢᠨ ᠰᠤᠷᠬᠤ ᠪᠢᠴᠢᠭ ᠢ ᠵᠠᠬᠢᠶᠠᠯᠠᠬᠤ ᠪᠠ ᠲᠠᠷᠬᠠᠭᠠᠬᠤ ᠠᠵᠢᠯ ᠢ ᠡᠭᠦᠷᠭᠡᠯᠡᠵᠦ ᠪᠤᠶ᠃ 2025 ᠣᠨ ᠳᠤ ᠥᠪᠥᠷ ᠮᠣᠩᠭᠤᠯ ᠤᠨ ᠬᠠᠪᠤᠷ ᠤᠨ | ᠤᠯᠠᠷᠢᠯ ᠤᠨ ᠰᠤᠷᠬᠤ ᠪᠢᠴᠢᠭ ᠢ ᠨᠡᠶᠢᠲᠡ 3000 ᠲᠦᠮᠡᠨ ᠳᠡᠪᠲᠡᠷ᠂ 35 ᠲᠦᠮᠡᠨ ᠪᠠᠭᠯᠠᠭ᠎ᠠ ᠶᠢ ᠴᠠᠭ ᠲᠤᠬᠠᠢ ᠳᠤᠨᠢ ᠬᠦᠷᠭᠡᠪᠡ᠃ | | | | ᠰᠤᠷᠬᠤ ᠪᠢᠴᠢᠭ ᠢᠶᠠᠨ ᠳᠤᠰᠤᠯ᠎ᠠ | | ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠬᠦ ᠪᠠᠷ ᠰᠤᠷᠬᠤ ᠪᠢᠴᠢᠭ ᠢ ᠴᠠᠭ ᠲᠤᠬᠠᠢ ᠳᠤᠨᠢ ᠰᠤᠷᠤᠬᠴᠢ ᠶᠢᠨ ᠭᠠᠷ ᠲᠤ ᠬᠦᠷᠭᠡᠬᠦ ᠶᠢᠨ ᠲᠥᠯᠥᠭᠡ᠂ ᠥᠪᠥᠷ | ᠮᠣᠩᠭᠤᠯ ᠤᠨ ᠰᠢᠨᠬᠤᠸᠠ ᠲᠠᠷᠬᠠᠭᠠᠯᠲᠠ ᠶᠢᠨ ᠪᠦᠯᠦᠭᠯᠡᠯ ᠤᠨ ᠬᠢᠨ ᠠᠵᠢᠯ ᠢᠶᠠᠨ ᠤᠷᠢᠳᠴᠢᠯᠠᠨ ᠪᠠᠶᠢᠷᠢᠯᠠᠭᠤᠯᠵᠤ᠂ ᠨᠠᠷᠢᠨ ᠨᠢᠮᠪᠠᠢ ᠲᠣᠬᠢᠷᠠᠭᠤᠯᠵᠤ᠂ ᠴᠠᠭ ᠲᠤᠬᠠᠢ | ᠳᠤᠨᠢ ᠬᠦᠷᠭᠡᠬᠦ ᠶᠢ ᠪᠦᠭᠦ ᠬᠦᠴᠦᠨ ᠢᠶᠠᠷ ᠢᠶᠠᠨ ᠪᠠᠲᠤᠯᠠᠪᠠ᠃ ᠰᠤᠷᠪᠤᠯᠵᠢᠯᠠᠬᠴᠢ ᠲᠦᠷᠦᠭᠦᠬᠡᠨ ᠥᠪᠥᠷ ᠮᠣᠩᠭᠤᠯ ᠤᠨ ᠰᠢᠨᠬᠤᠸᠠ ᠲᠠᠷᠬᠠᠭᠠᠯᠲᠠ ᠶᠢᠨ ᠪᠦᠯᠦᠭᠯᠡᠯ ᠤᠨ | ᠣᠲᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠬᠢᠵᠠᠭᠠᠷᠲᠤ ᠺᠤᠮᠫᠠᠨᠢ ᠶᠢᠨ ᠲᠣᠬᠢᠷᠠᠭᠤᠯᠤᠨ ᠬᠦᠷᠭᠡᠬᠦ ᠲᠥᠪ ᠲᠤ ᠬᠦᠷᠬᠦ ᠳᠤ ᠠᠵᠢᠯᠲᠠᠳ ᠰᠤᠷᠬᠤ ᠪᠢᠴᠢᠭ ᠢ | ᠲᠠᠷᠬᠠᠭᠠᠬᠤ᠂ ᠪᠣᠭᠤᠳᠠᠯᠯᠠᠬᠤ ᠪᠠ ᠲᠡᠭᠡᠭᠡᠪᠦᠷᠢᠯᠡᠬᠦ ᠠᠵᠢᠯ ᠢ ᠱᠠᠯᠠᠪᠳᠠᠨ ᠬᠢᠵᠡᠭᠡᠵᠦ ᠪᠠᠶᠢᠯ᠎ᠠ᠃ ᠪᠦᠯᠦᠭᠯᠡᠯ ᠤᠨ ᠣᠲᠣ ᠦᠶ᠎ᠡ ᠶᠢᠨ ᠪᠠᠷᠠᠭᠠᠨ ᠤ ᠭᠦᠢᠯᠭᠡᠭᠡᠨ ᠤ | ᠬᠢᠵᠠᠭᠠᠷᠲᠤ ᠺᠤᠮᠫᠠᠨᠢ ᠶᠢᠨ ᠡᠵᠡᠩᠨᠡᠯᠲᠡ ᠶᠢᠨ ᠬᠡᠯᠲᠡᠰ ᠤᠨ ᠳᠡᠳ᠋ ᠳᠠᠷᠤᠭ᠎ᠠ ᠯᠢᠦ ᠶᠦᠩ ᠯᠢ᠄ ︽ᠮᠠᠨ ᠤ ᠪᠦᠯᠦᠭᠯᠡᠯ ᠰᠤᠷᠭᠠᠨ ᠬᠥᠮᠦᠵᠢᠯ ᠤᠨ ᠰᠠᠯᠠᠭ᠎ᠠ ᠮᠥᠴᠢᠷ | ᠪᠣᠯᠣᠨ ᠰᠤᠷᠭᠠᠭᠤᠯᠢ ᠲᠠᠢ ᠤᠷᠢᠳᠴᠢᠯᠠᠨ ᠵᠤᠯᠭᠠᠯᠴᠠᠵᠤ᠂ ᠨᠠᠷᠢᠯᠢᠭ ᠲᠣᠬᠢᠷᠠᠭᠤᠯᠤᠨ ᠬᠦᠷᠭᠡᠬᠦ ᠲᠥᠯᠥᠪᠯᠡᠭᠡ ᠲᠣᠭᠲᠠᠭᠠᠵᠠᠢ᠃ ᠪᠢᠳᠡ ᠴᠠᠭᠠᠨ ᠰᠠᠷ᠎ᠠ ᠶᠢᠨ | ᠰᠢᠨ᠎ᠡ ᠶᠢᠨ ᠲᠠᠪᠤᠨ ᠠᠴᠠ ᠠᠵᠢᠯ ᠢᠶᠠᠨ ᠡᠬᠢᠯᠡᠭᠦᠯᠵᠦ᠂ ᠠᠵᠢᠯ ᠤᠨ ᠳᠡᠰ ᠳᠠᠷᠠᠭᠠᠯᠠᠯ ᠢᠶᠠᠨ ᠰᠢᠯᠢᠳᠡᠭᠵᠢᠭᠦᠯᠦᠨ᠂ ᠡᠯ᠎ᠡ ᠭᠤᠭᠴᠤᠭ᠎ᠠ ᠶᠢ ᠵᠠᠪᠰᠠᠷ ᠦᠭᠡᠢ | ᠵᠣᠯᠭᠠᠭᠤᠯᠬᠤ ᠶᠢ ᠦᠨᠡᠨ ᠬᠦ ᠪᠠᠲᠤᠯᠠᠪᠠ᠃ 2 ᠰᠠᠷ᠎ᠠ ᠶᠢᠨ 18 ᠤ ᠡᠳᠦᠷ ᠪᠤᠯᠳᠠᠯ᠎ᠠ ᠪᠦᠭᠦ ᠣᠷᠣᠨ ᠤ ᠪᠦᠭᠦ ᠠᠶᠢᠮᠠᠭ ᠬᠤᠳᠠ ᠬᠤᠰᠢᠭᠤ ᠰᠢᠶᠠᠨ ᠳᠤ ᠭᠤᠪᠢᠭᠤᠯᠬᠤ | ᠠᠵᠢᠯ ᠢᠶᠠᠨ ᠳᠠᠭᠤᠰᠬᠠᠵᠤ᠂ 2025 ᠣᠨ ᠤ ᠬᠠᠪᠤᠷ ᠤᠨ ᠤᠯᠠᠷᠢᠯ ᠤᠨ ᠲᠠᠷᠬᠠᠭᠠᠬᠤ ᠡᠭᠦᠷᠭᠡ ᠪᠠᠨ ᠪᠡᠶᠡᠯᠡᠭᠦᠯᠵᠡᠢ︾ ᠭᠡᠵᠦ ᠶᠠᠷᠢᠵᠤ ᠪᠠᠶᠢᠯ᠎ᠠ᠃ | | ᠰᠤᠷᠬᠤ ᠪᠢᠴᠢᠭ ᠢ ᠭᠤᠪᠢᠭᠤᠯᠬᠤ ᠪᠠᠷ ᠪᠣᠭᠤᠳᠠᠯᠯᠠᠨ᠎ᠠ | ᠰᠤᠷᠭᠠᠭᠤᠯᠢ ᠡᠬᠢᠯᠡᠬᠦ ᠠᠴᠠ ᠡᠮᠦᠨ᠎ᠡ᠂ ᠭᠦᠭᠡᠬᠤᠳᠠ ᠶᠢᠨ ᠦᠨᠳᠦᠰᠦᠲᠡᠨ ᠤ ᠲᠤᠷᠰᠢᠯᠲᠠ ᠶᠢᠨ ᠰᠤᠷᠭᠠᠭᠤᠯᠢ ᠶᠢᠨ ᠬᠢᠨ ᠰᠢᠨ᠎ᠡ ᠰᠤᠷᠤᠯᠭ᠎ᠠ ᠶᠢᠨ | ᠬᠤᠭᠤᠴᠠᠭ᠎ᠠ ᠶᠢᠨ ᠰᠤᠷᠬᠤ ᠪᠢᠴᠢᠭ ᠢᠶᠠᠨ ᠴᠠᠭ ᠲᠤᠬᠠᠢ ᠳᠤᠨᠢ ᠳᠤᠰᠴᠤ᠂ ᠪᠠᠭᠰᠢ ᠰᠤᠷᠤᠬᠴᠢ ᠬᠠᠮᠲᠤ ᠪᠠᠷ ᠠᠩᠭᠢ ᠨᠢᠭᠡᠴᠢ ᠪᠠᠷ ᠢᠶᠠᠨ ᠰᠤᠷᠬᠤ ᠪᠢᠴᠢᠭ ᠢᠶᠠᠨ | ᠬᠤᠪᠢᠶᠠᠷᠢᠯᠠᠵᠤ᠂ ᠰᠤᠷᠭᠠᠭᠤᠯᠢ ᠡᠬᠢᠯᠡᠬᠦ ᠪᠡᠯᠡᠳᠬᠡᠯ ᠢᠶᠠᠨ ᠬᠢᠪᠡ᠃ 2025 ᠣᠨ ᠤ ᠬᠠᠪᠤᠷ ᠤᠨ ᠤᠯᠠᠷᠢᠯ ᠤᠨ ᠰᠤᠷᠬᠤ ᠪᠢᠴᠢᠭ ᠢ ᠴᠠᠭ ᠲᠤᠬᠠᠢ ᠳᠤᠨᠢ | ᠰᠤᠷᠤᠬᠴᠢ ᠶᠢᠨ ᠭᠠᠷ ᠲᠤ ᠬᠦᠷᠭᠡᠬᠦ ᠶᠢ ᠦᠨᠡᠨ ᠬᠦ ᠪᠠᠲᠤᠯᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠡᠯ᠎ᠡ | ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠴᠠᠭᠤᠯᠵᠤ᠂ ᠭᠠᠷᠠᠭ ᠤᠨ ᠲᠣᠬᠢᠷᠠᠭᠤᠯᠤᠯᠲᠠ᠂ ᠡᠳᠦᠷ ᠤᠨ ᠮᠡᠳᠡᠭᠦᠯᠦᠯᠲᠡ ᠵᠡᠷᠭᠡ ᠭᠡᠯᠪᠡᠷᠢ ᠪᠠᠷ ᠳᠠᠮᠵᠢᠭᠤᠯᠤᠨ᠂ ᠰᠤᠷᠬᠤ | ᠪᠢᠴᠢᠭ ᠢ ᠬᠡᠪᠯᠡᠬᠦ᠂ ᠲᠠᠷᠬᠠᠭᠠᠬᠤ ᠠᠬᠢᠴᠠ ᠶᠢ ᠴᠠᠭ ᠲᠤᠬᠠᠢ ᠳᠤᠨᠢ ᠣᠶᠢᠯᠠᠭᠠᠵᠤ᠂ ᠪᠦᠭᠦ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠬᠠᠪᠤᠷ ᠤᠨ ᠤᠯᠠᠷᠢᠯ ᠤᠨ | ᠰᠤᠷᠭᠠᠭᠤᠯᠢ ᠡᠬᠢᠯᠡᠬᠦ ᠠᠴᠠ ᠡᠮᠦᠨ᠎ᠡ ᠡᠯ᠎ᠡ ᠬᠢᠴᠢᠶᠡᠯ ᠲᠥᠷᠥᠯ ᠤᠨ ᠰᠤᠷᠬᠤ ᠪᠢᠴᠢᠭ ᠢ ᠴᠠᠭ ᠲᠤᠬᠠᠢ ᠳᠤᠨᠢ ᠬᠠᠩᠭᠠᠬᠤ ᠶᠢ ᠦᠨᠡᠨ ᠬᠦ ᠪᠠᠲᠤᠯᠠᠪᠠ᠃ | | | | ᠬᠦᠷᠭᠡᠵᠦ ᠢᠷᠡᠭᠰᠡᠨ ᠰᠤᠷᠬᠤ ᠪᠢᠴᠢᠭ ᠢ ᠪᠠᠭᠤᠯᠭᠠᠨ᠎ᠠ | ︵ᠭᠡᠷᠡᠯ ᠵᠢᠷᠤᠭ ᠤᠳ ᠢ ᠰᠤᠷᠪᠤᠯᠵᠢᠯᠠᠬᠴᠢ ᠸᠠᠩ ᠯᠧᠢ ᠰᠡᠭᠦᠳᠡᠷᠯᠡᠪᠡ︶ | |