| | 2025 ᠣᠨ ᠤ 4 ᠰᠠᠷ᠎ᠠ ᠶᠢᠨ 15 ᠤ ᠡᠳᠦᠷ ᠪᠣᠯ ᠠᠷᠪᠠᠳᠤᠭᠠᠷ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠪᠣᠯᠤᠨ᠎ᠠ᠃ | ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠲᠤᠭᠤᠰᠢᠯᠠᠭᠤᠯᠵᠤ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠤᠯᠤᠰ ᠤᠨ ᠠᠮᠤᠷ ᠲᠦᠪᠰᠢᠨ ᠤ | ᠤᠬᠠᠮᠰᠠᠷ ᠪᠠ ᠬᠡᠪ ᠪᠣᠯᠪᠠᠰᠤᠷᠠᠯ ᠢ ᠴᠢᠩᠭᠠᠳᠬᠠᠨ᠂ ᠰᠠᠭᠤᠭᠠᠯᠢ ᠠᠷᠠᠳ ᠤᠨ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠬᠦ ᠪᠠ ᠡᠰᠡᠷᠭᠦᠴᠡᠬᠦ ᠴᠢᠳᠠᠪᠤᠷᠢ ᠶᠢ | ᠳᠡᠭᠡᠭᠰᠢᠯᠡᠭᠦᠯᠬᠦ ᠶᠢᠨ ᠲᠥᠯᠥᠭᠡ᠂ ᠡᠸᠡᠩᠬᠢ ᠦᠨᠳᠦᠰᠦᠲᠡᠨ ᠤ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠦᠷᠲᠡᠭᠡ᠂ ᠬᠠᠤᠯᠢ ᠴᠠᠭᠠᠵᠠ ᠶᠢᠨ ᠦᠷᠲᠡᠭᠡ᠂ ᠲᠣᠮᠢᠯᠠᠭᠰᠠᠨ ᠰᠠᠯᠪᠤᠷᠢ ᠠᠩᠭᠢ᠂ ᠨᠡᠶᠢᠭᠡᠮ ᠲᠣᠭᠤᠷᠢᠭ ᠲᠤ ᠤᠯᠤᠰ ᠤᠨ ᠠᠮᠤᠷ ᠲᠦᠪᠰᠢᠨ ᠤ | ᠬᠥᠮᠦᠵᠢᠯ ᠤᠨ ᠡᠳᠦᠷ ᠵᠢᠴᠢ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | | | | | | ᠠᠵᠢᠯᠯᠠᠭ᠎ᠠ ᠶᠢᠨ ᠳᠤᠮᠳᠠ᠂ ᠠᠳᠠᠭᠠᠢ ᠨᠡᠶᠢᠭᠡᠮ ᠲᠣᠭᠤᠷᠢᠭ ᠲᠤ ᠲᠥᠪᠯᠡᠷᠡᠭᠦᠯᠦᠨ ᠤᠬᠠᠭᠤᠯᠬᠤ ᠪᠠ ᠡᠷᠦᠬᠡ ᠳᠤ ᠣᠷᠣᠵᠤ ᠤᠬᠠᠭᠤᠯᠬᠤ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ ᠣᠯᠠᠨ ᠲᠦᠮᠡᠨ ᠳᠤ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠤᠬᠠᠭᠤᠯᠭ᠎ᠠ ᠶᠢᠨ ᠳᠡᠪᠲᠡᠷ᠂ ᠭᠠᠵᠢᠭᠤ ᠨᠣᠮᠯᠠᠯ ᠢ | ᠡᠰᠡᠷᠭᠦᠴᠡᠬᠦ ᠮᠡᠳᠡᠯᠭᠡ ᠶᠢᠨ ᠤᠬᠠᠭᠤᠯᠭ᠎ᠠ ᠶᠢᠨ ᠳᠡᠪᠲᠡᠷ᠂ ᠮᠡᠬᠡᠯᠡᠯ ᠢ ᠡᠰᠡᠷᠭᠦᠴᠡᠬᠦ ᠤᠬᠠᠭᠤᠯᠭ᠎ᠠ ᠶᠢᠨ ᠳᠡᠪᠲᠡᠷ ᠵᠢᠴᠢ ︽ᠤᠯᠤᠰ ᠤᠨ ᠠᠮᠤᠷ ᠲᠦᠪᠰᠢᠨ ᠤ ᠬᠠᠤᠯᠢ︾ | ᠂ ︽ᠢᠷᠭᠡᠨ ᠤ ᠬᠠᠤᠯᠢ ᠶᠢᠨ ᠪᠢᠴᠢᠭ︾᠂ ︽ᠵᠣᠬᠢᠶᠠᠨ ᠪᠠᠶᠢᠭᠤᠯᠤᠯᠲᠠ ᠲᠠᠢ ᠶᠠᠯ᠎ᠠ ᠬᠢᠬᠦ ᠶᠢ ᠡᠰᠡᠷᠭᠦᠴᠡᠬᠦ ᠬᠠᠤᠯᠢ︾᠂ ︽ᠵᠠᠬᠢᠳᠠᠯ ᠰᠤᠷᠪᠤᠯᠵᠢᠯᠠᠭ᠎ᠠ ᠶᠢᠨ | ᠠᠵᠢᠯ ᠤᠨ ᠲᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ | ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠪᠠ᠃ ᠡᠭᠦᠨ ᠤ ᠬᠠᠮᠲᠤ᠂ ᠠᠵᠢᠯᠲᠠᠳ ᠣᠯᠠᠨ ᠲᠦᠮᠡᠨ ᠳᠤ ᠶᠠᠭᠤ ᠶᠢ | ᠤᠯᠤᠰ ᠤᠨ ᠠᠮᠤᠷ ᠲᠦᠪᠰᠢᠨ᠂ ᠠᠷᠠᠳ ᠢᠷᠭᠡᠳ ᠤᠨ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠳᠤᠮᠳᠠᠬᠢ ᠡᠷᠬᠡ ᠪᠠ ᠡᠭᠦᠷᠭᠡ ᠨᠢ ᠶᠠᠭᠤ ᠶᠠᠭᠤ ᠪᠣᠯᠬᠤ᠂ | ᠡᠳᠦᠷ ᠲᠤᠲᠤᠮ ᠤᠨ ᠠᠮᠢᠳᠤᠷᠠᠯ ᠳᠤᠮᠳᠠ ᠠᠷᠠᠳ ᠢᠷᠭᠡᠨ ᠶᠠᠮᠠᠷ ᠶᠠᠮᠠᠷ ᠤᠯᠤᠰ ᠤᠨ ᠠᠮᠤᠷ ᠲᠦᠪᠰᠢᠨ ᠢ ᠬᠤᠬᠢᠷᠠᠭᠤᠯᠬᠤ ᠠᠵᠢᠯᠯᠠᠭ᠎ᠠ ᠶᠢ ᠠᠩᠬᠠᠷᠬᠤ ᠵᠡᠷᠭᠡ | ᠠᠭᠤᠯᠭ᠎ᠠ ᠶᠢ ᠨᠠᠷᠢᠨ ᠲᠠᠶᠢᠯᠪᠤᠷᠢᠯᠠᠵᠤ ᠥᠭᠪᠡ᠃ | | | | | ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ ᠬᠠᠷᠢᠶᠠᠲᠤ ᠣᠷᠣᠨ ᠤ ᠮᠠᠯᠴᠢᠳ ᠢ ᠬᠥᠮᠦᠵᠢᠭᠦᠯᠦᠨ ᠵᠢᠯᠣᠭᠤᠳᠴᠤ ᠪᠠᠶᠢᠭᠠᠳ | ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠶᠢᠨ ᠴᠢᠬᠤᠯᠠ ᠴᠢᠨᠠᠷ ᠢ ᠲᠠᠨᠢᠭᠤᠯᠵᠤ᠂ ᠬᠠᠷᠢᠶᠠᠲᠤ ᠣᠷᠣᠨ ᠤ ᠮᠠᠯᠴᠢᠳ ᠤᠨ ᠤᠯᠤᠰ ᠤᠨ ᠠᠮᠤᠷ ᠲᠦᠪᠰᠢᠨ ᠤ | ᠤᠬᠠᠮᠰᠠᠷ ᠪᠠ ᠠᠶᠤᠯ ᠲᠦᠭᠰᠢᠭᠦᠷᠢ ᠶᠢᠨ ᠰᠠᠨᠠᠭᠠᠰᠢᠷᠠᠯ ᠤᠨ ᠤᠬᠠᠮᠰᠠᠷ ᠢ ᠴᠢᠩᠭᠠᠷᠠᠭᠤᠯᠵᠤ᠂ ᠬᠠᠷᠢᠶ᠎ᠠ ᠣᠷᠣᠨ ᠳᠤ ︽ᠤᠯᠤᠰ ᠤᠨ ᠠᠮᠤᠷ ᠲᠦᠪᠰᠢᠨ᠂ ᠬᠥᠮᠦᠨ | ᠪᠦᠬᠦᠨ ᠬᠠᠷᠢᠭᠤᠴᠠᠯᠭ᠎ᠠ ᠲᠠᠢ︾ ᠭᠦᠨ ᠵᠤᠵᠠᠭᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠪᠠ᠃ ᠡᠭᠦᠨ ᠤ ᠬᠠᠮᠲᠤ᠂ ᠤᠯᠤᠰ ᠤᠨ ᠬᠠᠤᠯᠢ ᠴᠠᠭᠠᠵᠠ ᠬᠠᠤᠯᠢ | ᠲᠣᠭᠲᠠᠭᠠᠯ ᠢ ᠢᠳᠡᠪᠬᠢᠲᠡᠢ ᠤᠬᠠᠭᠤᠯᠵᠤ᠂ ᠬᠠᠷᠢᠶᠠᠲᠤ ᠣᠷᠣᠨ ᠤ ᠮᠠᠯᠴᠢᠳ ᠤᠨ ᠬᠠᠤᠯᠢ ᠴᠠᠭᠠᠵᠠ ᠶᠢᠨ ᠤᠬᠠᠮᠰᠠᠷ ᠢ ᠳᠡᠭᠡᠭᠰᠢᠯᠡᠭᠦᠯᠵᠦ᠂ ᠬᠠᠤᠯᠢ ᠪᠠᠷ ᠵᠠᠰᠠᠬᠤ | ᠣᠷᠴᠢᠨ ᠲᠣᠭᠤᠷᠢᠨ ᠢ ᠪᠤᠢ ᠪᠣᠯᠭᠠᠬᠤ ᠳᠤ ᠠᠰᠢᠭᠲᠠᠢ ᠪᠠᠲᠤᠯᠠᠭ᠎ᠠ ᠬᠠᠩᠭᠠᠭᠰᠠᠨ ᠪᠠᠶᠢᠨ᠎ᠠ᠃ | | | | | | | |