ᠬᠦᠬᠡᠨᠠᠭᠤᠷ ᠪᠠᠯᠭᠠᠰᠤ ᠭᠤᠤᠯᠳᠠᠯᠭ᠎ᠠ ᠲᠠᠢ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2025/4/17
            4 ᠰᠠᠷ᠎ᠠ ᠶᠢᠨ 10 ᠤ ᠡᠳᠦᠷ᠂ ᠬᠦᠬᠡᠨᠠᠭᠤᠷ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠳᠠᠷᠤᠭ᠎ᠠ ᠪᠤᠶᠢᠷ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠩᠭᠢ ᠶᠢ ᠳᠠᠭᠠᠭᠤᠯᠤᠨ᠂ ᠬᠠᠷᠭᠠᠨᠳᠤ ᠭᠠᠴᠠᠭ᠎ᠠ ᠳᠤ ᠭᠦᠨᠵᠡᠭᠡᠶᠢᠷᠡᠨ ᠬᠠᠪᠤᠷ ᠤᠨ ᠤᠯᠠᠷᠢᠯ ᠤᠨ ᠪᠡᠯᠴᠢᠭᠡᠷᠯᠡᠭᠦᠯᠬᠦ ᠶᠢ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠪᠡ᠃ ᠲᠣᠭᠤᠷᠢᠨ ᠪᠠᠶᠢᠴᠠᠭᠠᠬᠤ ᠳᠤᠭᠤᠶᠢᠯᠠᠩ ᠵᠢᠯᠣᠭᠤᠴᠢ ᠥᠬᠡᠶ ᠨᠢᠰᠬᠡᠯ ᠤᠨ ᠮᠡᠷᠭᠡᠵᠢᠯ ᠢ ᠬᠡᠷᠡᠭᠯᠡᠨ ᠨᠤᠲᠤᠭ ᠪᠡᠯᠴᠢᠭᠡᠷ ᠲᠤ ᠪᠥᠬᠦ ᠲᠠᠯ᠎ᠠ ᠶᠢᠨ ᠬᠢᠨᠠᠨ ᠬᠡᠮᠵᠢᠯᠲᠡ ᠬᠢᠵᠦ᠂ ᠲᠣᠭᠲᠠᠭᠠᠯ ᠠᠴᠠ ᠵᠥᠷᠢᠴᠡᠨ ᠪᠡᠯᠴᠢᠭᠡᠷᠯᠡᠭᠦᠯᠬᠦ ᠦᠢᠯᠡ ᠠᠵᠢᠯᠯᠠᠭ᠎ᠠ ᠶᠢ ᠭᠤᠤᠯᠳᠠᠯᠭ᠎ᠠ ᠲᠠᠢ ᠪᠠᠶᠢᠴᠠᠭᠠᠵᠤ᠂ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠰᠢᠢᠤᠨᠪᠤᠶᠢᠯᠡᠬᠦ ᠶᠢᠨ ᠬᠠᠮᠲᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠵᠤ᠂ ᠨᠤᠲᠤᠭ ᠪᠡᠯᠴᠢᠭᠡᠷ ᠤᠨ ᠠᠮᠢ ᠠᠬᠤᠶ ᠶᠢ ᠪᠦᠲᠦᠮᠵᠢᠲᠡᠶ ᠰᠡᠷᠭᠦᠭᠡᠬᠦ ᠶᠢ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃
20250416095100024yz6jf4_l.jpg
       ᠭᠠᠯ ᠰᠡᠷᠭᠡᠶᠢᠯᠡᠬᠦ ᠵᠢᠵᠢᠭᠦᠷ ᠤᠨ ᠲᠠᠰᠤᠭ ᠲᠤ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠭᠠᠯ ᠰᠡᠷᠭᠡᠶᠢᠯᠡᠬᠦ ᠡᠳ᠋ ᠪᠣᠳᠠᠰ ᠤᠨ ᠨᠥᠭᠡᠴᠡ ᠪᠣᠯᠤᠨ ᠵᠢᠵᠢᠭᠦᠷᠯᠡᠨ ᠰᠠᠬᠢᠵᠤ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃ ᠡᠭᠦᠨ ᠤ ᠬᠠᠮᠲᠤ᠂   ᠠᠵᠢᠯᠳᠠᠨ ᠳᠤ ᠣᠳᠣᠬᠠᠨ ᠳᠤ ᠶᠠᠭ ᠬᠠᠪᠤᠷ ᠤᠨ ᠤᠯᠠᠷᠢᠯ ᠤᠨ ᠭᠠᠯ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠭᠠᠳ ᠪᠠᠶᠢᠨ᠎ᠠ᠂ 24 ᠴᠠᠭ ᠢᠶᠠᠷ ᠵᠢᠵᠢᠭᠦᠷᠯᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ ᠪᠠ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠮᠤᠷ ᠲᠦᠪᠰᠢᠨ ᠢ  ᠦᠨᠡᠨᠬᠦ ᠪᠠᠲᠤᠯᠠᠬᠤ ᠬᠡᠷᠡᠭᠲᠡᠶ ᠭᠡᠪᠡ᠃
20250416095100028ddg707_l.jpg    
        ᠳᠠᠷᠠᠭ᠎ᠠ ᠨᠢ᠂ ᠪᠠᠶᠢᠴᠠᠭᠠᠨ ᠰᠤᠳᠤᠯᠬᠤ ᠳᠤᠭᠤᠶᠢᠯᠠᠩ ᠬᠠᠷᠭᠠᠨᠳᠤ ᠨᠡᠶᠢᠭᠡᠮ ᠲᠣᠭᠤᠷᠢᠭ ᠲᠤ ᠬᠦᠷᠴᠦ᠂  ᠰᠠᠭᠤᠷᠢᠰᠢᠯ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠪᠸᠢ ᠱᠠᠭᠠᠷᠳᠠᠭᠰᠠᠨ ᠨᠢ᠂ ᠨᠡᠶᠢᠭᠡᠮ ᠲᠣᠭᠤᠷᠢᠭ ᠢ ᠬᠠᠮᠢᠶᠠᠷᠤᠯᠲᠠ ᠶᠢᠨ ᠳᠦᠷᠢᠮ ᠢᠶᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠤᠭ ᠨᠣᠪᠰᠢ ᠶᠢ ᠲᠥᠷᠥᠯ ᠬᠤᠪᠢᠶᠠᠬᠤ ᠪᠠ ᠣᠯᠠᠨ ᠨᠡᠶᠢᠲᠡ ᠶᠢᠨ ᠣᠷᠣᠨ ᠪᠦᠰᠡ ᠶᠢ ᠴᠡᠪᠡᠷᠯᠡᠬᠦ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠵᠦ᠂ ᠰᠠᠭᠤᠭᠠᠯᠢ ᠠᠷᠠᠳ ᠲᠤ ᠲᠠᠭᠠᠯᠠᠮᠵᠢᠲᠠᠶ ᠠᠮᠢᠳᠤᠷᠠᠯ ᠤᠨ ᠣᠷᠴᠢᠨ ᠲᠣᠭᠤᠷᠢᠨ ᠢ ᠪᠣᠶ ᠪᠣᠯᠭᠠᠵᠤ ᠥᠭᠬᠦ ᠬᠡᠷᠡᠭᠲᠡᠶ ᠭᠡᠵᠡᠶ᠃         ᠲᠠᠷᠠᠭᠠᠴᠢ ᠶᠢᠨ ᠠᠯᠬᠤᠮ ᠳᠤ᠂ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠩᠭᠢ ᠲᠣᠭᠤᠷᠢᠨ ᠬᠠᠮᠠᠭᠠᠯᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ︽ᠬᠥᠮᠦᠨ ᠤ ᠬᠦᠴᠦ ᠪᠠᠷ ᠰᠡᠷᠭᠡᠶᠢᠯᠡᠬᠦ ᠪᠠ ᠮᠡᠷᠭᠡᠵᠢᠯ ᠢᠶᠠᠷ ᠰᠡᠷᠭᠡᠶᠢᠯᠡᠬᠦ︾ ᠶᠢ ᠤᠶᠠᠯᠳᠤᠭᠤᠯᠬᠤ ᠠᠷᠭ᠎ᠠ ᠬᠡᠯᠪᠡᠷᠢ ᠪᠠᠷ ᠳᠠᠮᠵᠢᠭᠤᠯᠤᠨ᠂ ᠬᠠᠪᠤᠷ ᠤᠨ ᠤᠯᠠᠷᠢᠯ ᠤᠨ ᠪᠡᠯᠴᠢᠭᠡᠷᠯᠡᠭᠦᠯᠬᠦ ᠶᠢ ᠵᠣᠭᠰᠤᠭᠠᠬᠤ ᠬᠤᠭᠤᠴᠠᠭᠠᠨ ᠤ ᠤᠷᠭᠤᠮᠠᠯ ᠤᠨ ᠬᠤᠴᠢᠯᠭ᠎ᠠ ᠨᠣᠭᠤᠭᠠᠷᠠᠬᠤ ᠰᠠᠶᠢᠨ ᠰᠠᠶᠢᠬᠠᠨ᠂ ᠨᠤᠲᠤᠭ ᠪᠡᠯᠴᠢᠭᠡᠷ ᠤᠨ ᠠᠮᠢ ᠠᠬᠤᠶ ᠶᠢ ᠯᠠᠪᠳᠠᠭᠤᠨ ᠢᠶᠠᠷ ᠰᠡᠷᠭᠦᠭᠡᠬᠦ ᠶᠢ ᠦᠨᠡᠨᠬᠦ ᠪᠠᠲᠤᠯᠠᠪᠠ︔ ᠵᠢᠯᠣᠭᠤᠴᠢ ᠥᠬᠡᠶ ᠨᠢᠰᠬᠡᠯ ᠤᠨ ᠲᠣᠭᠤᠷᠢᠨ ᠪᠠᠶᠢᠴᠠᠭᠠᠬᠤ ᠤᠳᠠᠭ᠎ᠠ ᠶᠢ ᠵᠡᠷᠭᠡᠪᠡᠷ ᠨᠢᠭᠲᠠᠷᠠᠭᠤᠯᠵᠤ᠂ ᠭᠠᠯ ᠤᠨ ᠪᠠᠶᠢᠳᠠᠯ ᠤᠨ ᠳᠠᠯᠳᠠ ᠬᠡᠮ ᠢ ᠪᠥᠬᠦ ᠡᠳᠦᠷ ᠢᠶᠠᠷ ᠲᠠᠩᠨᠠᠨ ᠪᠠᠶᠢᠴᠠᠭᠠᠵᠤ᠂ ᠡᠷᠲᠡ ᠢᠯᠡᠷᠡᠭᠦᠯᠵᠦ᠂ ᠡᠷᠲᠡ ᠰᠡᠷᠡᠮᠵᠢᠯᠡᠭᠦᠯᠵᠦ᠂ ᠡᠷᠲᠡ ᠰᠢᠢᠳᠪᠦᠷᠢᠯᠡᠵᠦ᠂ ᠨᠤᠲᠤᠭ ᠪᠡᠯᠴᠢᠭᠡᠷ ᠤᠨ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠦᠨᠡᠨᠬᠦ ᠪᠠᠬᠢᠵᠢᠭᠦᠯᠦᠨ᠎ᠡ᠃ ᠡᠭᠦᠨ ᠤ ᠬᠠᠮᠲᠤ᠂ ᠪᠡᠯᠴᠢᠭᠡᠷ ᠰᠡᠷᠭᠦᠭᠡᠬᠦ ᠬᠢᠨᠠᠯᠲᠠ ᠬᠠᠮᠢᠶᠠᠷᠤᠯᠲᠠ ᠬᠢᠭᠡᠳ ᠨᠡᠶᠢᠭᠡᠮ ᠲᠣᠭᠤᠷᠢᠭ ᠤᠨ ᠵᠠᠰᠠᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠣᠯᠠᠨ ᠲᠦᠮᠡᠨ ᠤ ᠣᠷᠣᠯᠴᠠᠬᠤ ᠨᠡᠶᠢᠯᠡᠮᠡᠯ ᠬᠦᠴᠦᠨ ᠢ ᠨᠢᠭᠲᠠᠷᠠᠭᠤᠯᠤᠨ᠂ ᠰᠠᠭᠤᠷᠢᠰᠢᠬᠤ ᠳᠤ ᠲᠣᠬᠢᠷᠠᠮᠵᠢᠲᠠᠶ᠂ ᠠᠮᠢ ᠠᠬᠤᠶ ᠡᠶ᠎ᠡ ᠵᠣᠬᠢᠴᠠᠩᠭᠤᠶ ᠦᠵᠡᠰᠬᠦᠯᠡᠩᠲᠦ ᠰᠠᠶᠢᠬᠠᠨ ᠬᠡᠷ ᠣᠷᠣᠨ ᠢ ᠪᠥᠲᠥᠭᠡᠨ ᠪᠠᠶᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ᠃
ᠢᠷᠡᠯᠲᠡ᠄ ᠬᠠᠭᠤᠴᠢᠨ ᠪᠠᠷᠭᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ