ᠬᠠᠭᠤᠴᠢᠨ ᠪᠠᠷᠭᠤ ᠬᠤᠰᠢᠭᠤᠨ ᠤ ᠡᠪᠡᠳᠴᠢᠨ ᠡᠮᠭᠡᠭ ᠢ ᠰᠡᠷᠭᠡᠢᠯᠡᠨ ᠡᠵᠡᠮᠳᠡᠬᠦ ᠲᠥᠪ ᠡᠸᠡᠩᠬᠢ  ᠦᠨᠳᠤᠰᠤᠳᠡᠨ ᠤ ᠰᠤᠮᠤ ᠶᠢᠨ ᠠᠳᠠᠭᠠᠢ ᠨᠡᠶᠢᠭᠡᠮ ᠲᠣᠭᠤᠷᠢᠭ ᠲᠤ ᠭᠦᠨᠵᠡᠭᠡᠢᠷᠡᠨ ︽ᠤᠯᠤᠰ ᠤᠨ ᠠᠮᠤᠷ ᠲᠦᠪᠰᠢᠨ ᠢ ᠵᠠᠭᠤᠨ ᠲᠤᠰᠬᠤᠨ ᠳᠤ ᠬᠦᠷᠭᠡᠬᠦ︾ ᠪᠷᠦ᠋ᠼᠧᠯ ᠡᠪᠡᠳᠴᠢᠨ ᠢ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/4/22
    ᠣᠢᠷ᠎ᠠ ᠳᠤ᠂ ᠬᠠᠭᠤᠴᠢᠨ ᠪᠠᠷᠭᠤ  ᠬᠤᠰᠢᠭᠤᠨ ᠤ ᠡᠪᠡᠳᠴᠢᠨ ᠡᠮᠭᠡᠭ ᠢ ᠰᠡᠷᠭᠡᠢᠯᠡᠨ ᠡᠵᠡᠮᠳᠡᠬᠦ ᠲᠥᠪ ᠡᠸᠡᠩᠬᠢ ᠦᠨᠳᠦᠰᠦᠲᠡᠨ ᠤ ᠰᠤᠮᠤᠨ ᠤ ᠵᠠᠰᠠᠭ ᠤᠨ ᠣᠷᠳᠣᠨ ᠪᠣᠯᠤᠨ ᠡᠸᠡᠩᠬᠢ ᠡᠷᠡᠭᠦᠯ ᠬᠠᠮᠠᠭᠠᠯᠠᠯ ᠤᠨ ᠬᠤᠷᠢᠶ᠎ᠠ ᠲᠠᠢ ᠬᠠᠮᠲᠤᠷᠠᠨ ᠡᠸᠡᠩᠬᠢ ᠰᠤᠮᠤ ᠶᠢᠨ ᠠᠳᠠᠭᠠᠢ ᠨᠡᠶᠢᠭᠡᠮ ᠲᠣᠭᠤᠷᠢᠭ ᠲᠤ ᠬᠦᠷᠴᠦ ︽ᠤᠯᠤᠰ ᠤᠨ ᠠᠮᠤᠷ ᠲᠦᠪᠰᠢᠨ ᠢ ᠵᠠᠭᠤᠨ ᠲᠤᠰᠬᠤᠨ ᠳᠤ ᠬᠦᠷᠭᠡᠬᠦ︾ ᠪᠷᠦ᠋ᠼᠧᠯ ᠡᠪᠡᠳᠴᠢᠨ ᠢ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠥᠷᠨᠢᠭᠦᠯᠵᠦ᠂ ᠨᠠᠮ ᠤᠨ ᠪᠠᠢᠭᠤᠯᠤᠯᠲᠠ ᠶᠢᠨ ᠠᠵᠢᠯ ᠬᠢᠭᠡᠳ ᠲᠤᠬᠠᠢᠯᠠᠭᠰᠠᠨ ᠠᠵᠢᠯ ᠤᠨ ᠭᠦᠨᠵᠡᠭᠡᠢ  ᠠᠭᠤᠰᠤᠯᠴᠠᠯ ᠢ ᠠᠮᠢᠳᠤᠯᠢᠭ ᠢᠶᠠᠷ ᠢᠯᠡᠷᠡᠭᠦᠯᠪᠡ᠃
20250418093110784bwfmlz_l.jpg
    ᠠᠵᠢᠯᠯᠠᠭ᠎ᠠ ᠶᠢᠨ ᠬᠤᠭᠤᠴᠠᠭᠠᠨ ᠳᠤ᠂ ᠬᠠᠭᠤᠴᠢᠨ ᠪᠠᠷᠭᠤ ᠬᠤᠰᠢᠭᠤᠨ ᠤ ᠡᠪᠡᠳᠴᠢᠨ ᠡᠮᠭᠡᠭ ᠢ ᠰᠡᠷᠭᠡᠢᠯᠡᠨ ᠡᠵᠡᠮᠳᠡᠬᠦ ᠲᠥᠪ ᠨᠢ ᠨᠡᠶᠢᠭᠡᠮ ᠲᠣᠭᠤᠷᠢᠭ ᠤᠨ  ᠰᠠᠭᠤᠭᠠᠯᠢ ᠠᠷᠠᠤᠨ ᠲᠤ ᠪᠷᠦ᠋ᠼᠧᠯ ᠡᠪᠡᠳᠴᠢᠨ ᠤ ᠪᠠᠢᠴᠠᠭᠠᠯᠲᠠ ᠬᠢᠪᠡ᠃ ᠰᠠᠭᠤᠭᠠᠯᠢ ᠠᠷᠠᠤᠨ ᠤᠨ ᠦᠢᠯᠡ ᠠᠵᠢᠯᠯᠠᠭ᠎ᠠ ᠶᠢᠨ ᠳᠠᠳᠬᠠᠯ ᠳᠤ ᠴᠢᠭᠯᠡᠭᠦᠯᠦᠨ᠂ ᠬᠦᠯᠢᠴᠡᠩᠭᠦᠶ ᠨᠢᠮᠪᠠᠶ ᠵᠢᠭᠠᠨ ᠵᠢᠯᠣᠭᠤᠳᠣᠯᠭ᠎ᠠ ᠬᠢᠵᠦ᠂ ᠲᠡᠳᠡᠨ ᠢ ᠬᠠᠪᠰᠤᠷᠤᠨ ᠵᠥᠪ ᠣᠨᠣᠪᠴᠢᠲᠠᠶ ᠰᠡᠷᠭᠡᠶᠢᠯᠡᠨ ᠬᠠᠮᠠᠭᠠᠯᠠᠬᠤ ᠠᠷᠭ᠎ᠠ ᠶᠢ ᠣᠶᠢᠯᠠᠭᠠᠭᠤᠯᠬᠤ ᠶᠢᠨ ᠬᠠᠮᠲᠤ ᠡᠵᠡᠮᠰᠢᠭᠦᠯᠪᠡ᠃ ᠲᠣᠰ ᠤᠳᠠᠭᠠᠨ ᠤ ᠰᠢᠭᠰᠢᠨ ᠪᠠᠶᠢᠴᠠᠭᠠᠬᠤ ᠳᠤ ᠨᠡᠶᠢᠲᠡ 20 ᠭᠠᠷᠤᠢ ᠬᠦᠮᠤᠰ ᠤᠷᠤᠯᠴᠠᠵᠤ᠂ ᠪᠷᠦ᠋ᠼᠧᠯ ᠡᠪᠡᠳᠴᠢᠨ ᠤ ᠤᠬᠠᠭᠤᠯᠭ᠎ᠠ ᠶᠢᠨ ᠳᠡᠪᠲᠡᠷ ᠵᠢᠴᠢ ᠡᠯ᠎ᠡ ᠲᠥᠷᠥᠯ ᠤᠨ ᠤᠬᠠᠭᠤᠯᠭ᠎ᠠ ᠶᠢᠨ ᠮᠠᠲ᠋ᠧᠷᠢᠶᠠᠯ ᠢ ᠨᠡᠶᠢᠲᠡ 50 ᠭᠠᠷᠤᠶ ᠬᠤᠪᠢ ᠲᠠᠷᠬᠠᠭᠠᠪᠠ᠃
20250418093110482wdqd4u_l.png
    ᠨᠠᠮ ᠤᠨ ᠪᠠᠶᠢᠭᠤᠯᠤᠯᠲᠠ ᠶᠢᠨ ᠳᠠᠭᠠᠭᠤᠯᠭ᠎ᠠ ᠳᠣᠤᠷ᠎ᠠ᠂ ᠲᠣᠰ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠵᠢᠴᠢ ᠰᠢᠭᠰᠢᠨ ᠪᠠᠶᠢᠴᠠᠭᠠᠬᠤ ᠠᠵᠢᠯᠯᠠᠭ᠎ᠠ ᠢᠯᠡᠳᠲᠡ ᠦᠷ᠎ᠡ ᠪᠦᠲᠦᠮᠵᠢ ᠣᠯᠵᠤ᠂ ᠡᠸᠡᠩᠬᠢ ᠰᠤᠮᠤ ᠶᠢᠨ ᠠᠳᠠᠭᠠᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠪᠷᠦ᠋ᠼᠧᠯ ᠡᠪᠡᠳᠴᠢᠨ ᠢ ᠰᠡᠷᠭᠡᠶᠢᠯᠡᠨ ᠡᠵᠡᠮᠳᠡᠬᠦ ᠲᠤᠬᠠᠶ ᠲᠠᠨᠢᠯᠲᠠ ᠶᠢ ᠪᠦᠲᠦᠮᠵᠢᠲᠡᠶ ᠨᠡᠮᠡᠭᠳᠡᠭᠦᠯᠵᠦ᠂ ᠥᠪᠡᠷ ᠢ ᠪᠠᠨ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠦᠨ᠂ ᠪᠷᠦ᠋ᠼᠧᠯ ᠡᠪᠡᠳᠴᠢᠨ ᠤ ᠬᠠᠯᠳᠠᠪᠤᠷᠢᠯᠠᠬᠤ ᠲᠦᠭᠰᠢᠭᠦᠷᠢ ᠶᠢ ᠪᠠᠭᠤᠷᠠᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃
20250418093110752s7zi9l_l.jpg
20250418093110782958inv_l.jpg
ᠢᠷᠡᠯᠲᠡ᠄ ᠬᠠᠭᠤᠴᠢᠨ ᠪᠠᠷᠭᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ