ᠨᠢᠭᠡ ᠳᠤ᠂ ᠲᠡᠵᠢᠭᠡᠨ ᠦᠷᠡᠵᠢᠭᠦᠯᠬᠦ ᠡᠷᠦᠬᠡ ᠳᠤ ︽ᠰᠦᠯᠵᠢᠶᠡᠨ ᠳᠡᠭᠡᠷᠡᠬᠢ ᠡᠯᠧᠺᠳ᠋ᠷᠣᠨ ᠮᠠᠯᠵᠢᠯ ᠤᠨ ᠲᠠᠯᠠᠪᠠᠶ︾ ᠶᠢ ᠪᠠᠶᠢᠭᠤᠯᠤᠨ ᠥᠭᠴᠦ᠂ ᠲᠡᠵᠢᠭᠡᠨ | ᠦᠷᠡᠵᠢᠭᠦᠯᠬᠦ ᠲᠠᠯᠠᠪᠠᠶ ᠶᠢᠨ ᠡᠷᠦᠬᠡ ᠶᠢᠨ ᠬᠢᠨ ᠸᠢᠴᠠᠲ ᠤᠨ ᠵᠢᠵᠢᠭ ᠫᠷᠤᠭ᠍ᠷᠠᠮ ᠢᠶᠠᠷ ︽AI ᠣᠶᠤᠨᠴᠢ︾ ᠶᠢᠨ ᠬᠡᠰᠡᠭ ᠲᠤ ᠠᠰᠠᠭᠤᠯᠲᠠ ᠠᠰᠠᠭᠤᠪᠠᠯ ᠠᠯᠠᠰᠢᠨ | ᠦᠬᠡᠷ ᠤᠨ ᠲᠡᠵᠢᠭᠡᠨ ᠦᠷᠡᠵᠢᠭᠦᠯᠬᠦ ᠪᠠ ᠭᠡᠮ ᠬᠢᠵᠢᠭ ᠢ ᠰᠡᠷᠭᠡᠶᠢᠯᠡᠨ ᠳᠠᠷᠤᠬᠤ᠂ ᠡᠳᠦᠷ ᠲᠤᠲᠤᠮ ᠤᠨ ᠬᠠᠮᠢᠶᠠᠷᠤᠯᠲᠠ ᠬᠢᠭᠡᠳ ᠥᠪᠡᠷ ᠤᠨ ᠥᠷᠲᠡᠭ ᠢ ᠨᠢ | ᠰᠢᠯᠢᠳᠡᠭᠵᠢᠭᠦᠯᠬᠦ ᠵᠡᠷᠭᠡ ᠵᠦᠶ ᠵᠣᠬᠢᠰᠲᠠᠶ ᠰᠠᠨᠠᠭᠤᠯᠭ᠎ᠠ ᠶᠢ ᠳᠠᠷᠦ᠋ᠢᠬᠠᠨ ᠣᠯᠵᠤ ᠪᠣᠯᠤᠨ᠎ᠠ᠃ ᠬᠤᠶᠠᠷ ᠲᠤ᠂ ᠲᠡᠵᠢᠭᠡᠨ ᠦᠷᠡᠵᠢᠭᠦᠯᠬᠦ ᠲᠠᠯᠠᠪᠠᠢ ᠶᠢᠨ ᠡᠷᠦᠬᠡ ᠳᠤ | ᠲᠡᠵᠢᠭᠡᠨ ᠠᠷᠠᠴᠢᠯᠠᠬᠤ ᠬᠠᠮᠢᠶᠠᠷᠤᠯᠲᠠ ᠶᠢᠨ ᠡᠯᠧᠺᠳ᠋ᠷᠣᠨ ᠳᠠᠩᠰᠠ ᠡᠪᠬᠡᠮᠡᠯ ᠪᠠᠶᠢᠭᠤᠯᠬᠤ ᠦᠢᠯᠡᠴᠢᠯᠡᠭᠡ ᠬᠠᠩᠭᠠᠵᠤ᠂ ᠲᠡᠵᠢᠭᠡᠨ ᠦᠷᠡᠵᠢᠭᠦᠯᠬᠦ ᠲᠠᠯᠠᠪᠠᠢ ᠶᠢᠨ | ᠡᠷᠦᠬᠡ ᠶᠢᠨ ᠬᠢᠨ ᠠᠯᠠᠰᠢᠨ ᠦᠬᠡᠷ ᠤᠨ ᠡᠭᠦᠯᠳᠡᠷ ᠰᠠᠶᠢᠵᠢᠷᠠᠭᠤᠯᠤᠯᠲᠠ᠂ ᠦᠢᠯᠡᠳᠪᠦᠷᠢᠯᠡᠯ᠂ ᠬᠢᠵᠢᠭ ᠤᠨ ᠰᠡᠷᠭᠡᠶᠢᠯᠡᠯᠲᠡ᠂ ᠪᠣᠷᠤᠯᠠᠭᠤᠯᠭ᠎ᠠ ᠵᠡᠷᠭᠡ | ᠦᠢᠯᠡᠳᠪᠦᠷᠢᠯᠡᠯ ᠤᠨ ᠭᠤᠭᠴᠤᠭ᠎ᠠ ᠶᠢ ᠭᠡᠷ ᠲᠤ ᠪᠠᠶᠢᠵᠤ ᠪᠠᠶᠢᠭᠠᠳ ᠬᠠᠮᠢᠶᠠᠷᠴᠤ ᠪᠣᠯᠬᠤ ᠶᠢᠨ ᠬᠠᠮᠲᠤ ᠭᠡᠮ ᠬᠢᠵᠢᠭ ᠢ ᠣᠨᠣᠰᠢᠭᠤᠯᠤᠨ ᠡᠮᠨᠡᠬᠦ᠂ ᠵᠠᠬ᠎ᠠ ᠳᠡᠯᠭᠡᠭᠦᠷ ᠤᠨ | ᠬᠥᠳᠡᠯᠦᠩᠭᠦᠢ ᠪᠠᠶᠢᠳᠠᠯ ᠵᠡᠷᠭᠡ ᠠᠵᠢᠯ ᠲᠦᠷᠦᠯ ᠤᠨ ᠮᠡᠳᠡᠭᠡ ᠵᠠᠩᠭᠢ ᠶᠢ ᠡᠵᠡᠮᠰᠢᠵᠦ᠂ ᠭᠡᠷ ᠠᠴᠠ ᠪᠠᠨ ᠭᠠᠷᠬᠤ ᠦᠭᠡᠢ ᠪᠠᠷ ᠦᠬᠡᠷ ᠤᠨ ᠵᠠᠬ᠎ᠠ ᠳᠡᠯᠭᠡᠭᠦᠷ ᠤᠨ | ᠪᠠᠶᠢᠳᠠᠯ ᠢ ᠣᠶᠢᠯᠠᠭᠠᠭᠤᠯᠬᠤ ᠪᠣᠯᠣᠨ᠎ᠠ᠃ ᠭᠤᠷᠪᠠ ᠳᠤ᠂ ︽ᠲᠠᠯ᠎ᠠ ᠨᠤᠲᠤᠭ ᠤᠨ ᠡᠭᠦᠯᠡᠨ ᠮᠠᠯᠵᠢᠯ︾ ᠤᠨ ᠵᠢᠵᠢᠭ ᠫᠷᠤᠭ᠍ᠷᠠᠮ ᠢ DeepSeeek ᠤᠨ ᠲᠣᠮᠣ | ᠵᠠᠭᠪᠤᠷ ᠲᠤ ᠵᠠᠯᠭᠠᠨ ᠣᠷᠣᠭᠤᠯᠬᠤ ᠶᠢ ᠠᠬᠢᠭᠤᠯᠵᠤ᠂ ᠤᠯᠠᠭᠠᠨᠬᠠᠳᠠ ᠶᠢᠨ ᠡᠭᠦᠯᠳᠡᠷ ᠰᠠᠶᠢᠲᠠᠢ ᠠᠯᠠᠰᠢᠨ ᠦᠬᠡᠷ ᠲᠤ ︽ᠳ᠋ᠢᠭᠢᠳ᠋ᠴᠢᠯᠡᠭᠰᠡᠨ ᠮᠠᠯᠴᠢᠨ︾ ᠢ | ᠳᠣᠬᠢᠷᠠᠭᠤᠯᠤᠨ ᠥᠭᠴᠦ᠂ ᠤᠯᠠᠭᠠᠨᠬᠠᠳᠠ ᠶᠢᠨ ᠠᠯᠠᠰᠢᠨ ᠦᠬᠡᠷ ᠤᠨ ᠬᠠᠮᠢᠶᠠᠷᠤᠯᠲᠠ ᠶᠢ ᠨᠢ ᠨᠠᠩ ᠣᠨᠣᠴᠠᠲᠠᠶ᠂ ᠲᠡᠵᠢᠭᠡᠨ ᠦᠷᠡᠵᠢᠭᠦᠯᠬᠦ ᠶᠢ ᠨᠢ ᠨᠠᠩ ᠥᠨᠳᠥᠷ | ᠪᠦᠲᠦᠮᠵᠢᠲᠡᠶ ᠪᠣᠯᠭᠠᠨ᠎ᠠ᠃ ᠣᠳᠣᠬᠠᠨ ᠪᠣᠯᠲᠠᠯ᠎ᠠ᠂ ᠤᠯᠠᠭᠠᠨᠬᠠᠳᠠ ᠬᠤᠲᠠ ᠶᠢᠨ ᠠᠯᠠᠰᠢᠨ ᠦᠬᠡᠷ ᠤᠨ ᠠᠵᠤ ᠦᠢᠯᠡᠰ ᠤᠨ ᠲᠣᠮᠣ ᠳ᠋ᠠᠶᠢᠲ᠋ᠠ ᠶᠢᠨ ᠲᠠᠪᠴᠠᠩ ᠳᠤ | ᠠᠯᠠᠰᠢᠨ ᠦᠬᠡᠷ ᠤᠨ ᠮᠡᠳᠡᠭᠡ ᠵᠠᠩᠭᠢ ᠶᠢ ᠨᠡᠶᠢᠲᠡ 207 ᠲᠦᠮᠡᠨ ᠬᠤᠪᠢ ᠣᠷᠣᠭᠤᠯᠵᠤ᠂ ᠲᠡᠵᠢᠭᠡᠨ ᠦᠷᠡᠵᠢᠭᠦᠯᠬᠦ ᠲᠠᠯᠠᠪᠠᠶ ᠶᠢᠨ ᠡᠷᠦᠬᠡ ᠶᠢ 9.3 ᠲᠦᠮᠡ | ᠪᠠᠭᠲᠠᠭᠠᠨ ᠬᠠᠮᠤᠷᠪᠠ᠃ ︵ᠤᠯᠠᠭᠠᠨᠬᠠᠳᠠ ᠬᠤᠲᠠ ᠶᠢᠨ ᠵᠠᠰᠠᠭ ᠤᠨ ᠣᠷᠳᠣᠨ︶ | | |