| ᠬᠠᠪᠤᠷ ᠤᠨ ᠤᠯᠠᠷᠢᠯ ᠪᠣᠯ ᠨᠤᠲᠤᠭ ᠪᠡᠯᠴᠢᠭᠡᠷ ᠤᠨ ᠠᠮᠢ ᠠᠬᠤᠢ ᠶᠢᠨ ᠰᠢᠰᠲ᠋ᠧᠮ ᠢ ᠰᠡᠷᠭᠦᠭᠡᠬᠦ ᠵᠠᠩᠭᠢᠯᠠᠭ᠎ᠠ ᠶᠢᠨ ᠬᠤᠭᠤᠴᠠᠭ᠎ᠠ ᠪᠤᠯᠬᠤ ᠶᠤᠮ᠂ ᠮᠠᠯᠵᠢᠬᠤ ᠶᠢ | ᠵᠤᠭᠰᠤᠭᠠᠵᠤ ᠪᠡᠯᠴᠢᠭᠡᠷ ᠢ ᠰᠡᠷᠭᠦᠭᠡᠬᠦ ᠲᠥᠷᠥ ᠶᠢᠨ ᠪᠣᠳᠣᠯᠭ᠎ᠠ ᠨᠢ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠵᠤ᠂ ᠠᠮᠢᠳᠤ ᠪᠣᠳᠠᠰ ᠤᠨ ᠣᠯᠠᠨ ᠶᠠᠩᠵᠤᠲᠤ | ᠴᠢᠨᠠᠷ ᠢ ᠪᠠᠲᠤᠯᠠᠬᠤ ᠳᠤ ᠴᠢᠬᠤᠯᠠ ᠠᠴᠢ ᠬᠤᠯᠪᠣᠭᠳᠠᠯ ᠲᠠᠢ ᠪᠠᠶᠢᠳᠠᠭ᠃ 4 ᠰᠠᠷ᠎ᠠ ᠶᠢᠨ 10 ᠤ ᠡᠳᠦᠷ ᠠᠴᠠ ᠡᠬᠢᠯᠡᠨ ᠮᠠᠨ ᠤ ᠬᠤᠰᠢᠭᠤ ᠬᠠᠪᠤᠷ ᠤᠨ | ᠤᠯᠠᠷᠢᠯ ᠤᠨ ᠮᠠᠯᠵᠢᠬᠤ ᠶᠢ ᠵᠤᠭᠰᠤᠭᠠᠵᠤ ᠪᠡᠯᠴᠢᠭᠡᠷ ᠢ ᠰᠡᠷᠭᠦᠭᠡᠬᠦ ᠬᠤᠭᠤᠴᠠᠭᠠᠨ ᠳᠤ ᠤᠷᠤᠭᠰᠠᠨ ᠪᠠᠶᠢᠨ᠎ᠠ᠂ ᠮᠠᠯᠵᠢᠬᠤ ᠶᠢ ᠵᠤᠭᠰᠤᠭᠠᠵᠤ ᠪᠡᠯᠴᠢᠭᠡᠷ ᠢ ᠰᠡᠷᠭᠦᠭᠡᠬᠦ | ᠲᠥᠷᠥ ᠶᠢᠨ ᠪᠣᠳᠣᠯᠭ᠎ᠠ ᠶᠢᠨ ᠤᠷᠤᠭᠰᠢᠲᠠᠢ ᠬᠡᠷᠡᠭᠵᠢᠭᠦᠯᠦᠭᠳᠡᠬᠦ ᠵᠢᠪᠠᠳᠤᠯᠠᠵᠤ᠂ ᠮᠠᠯᠴᠢᠳ ᠤᠨ ᠳᠠᠷᠤᠭᠠᠰᠤ ᠶᠢ ᠬᠦᠩᠭᠡᠯᠡᠨ᠂ ᠮᠠᠯᠵᠢᠬᠤ ᠦᠢᠯᠡᠳᠪᠦᠷᠢᠯᠡᠯ ᠤᠨ ᠡᠮᠬᠢ | ᠴᠡᠭᠴᠡᠲᠡᠢ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠬᠥᠬᠡᠨᠠᠭᠤᠷ ᠪᠠᠯᠭᠠᠰᠤᠨ ᠤ ᠬᠠᠷᠠᠨᠠᠭᠤᠷ ᠭᠠᠴᠠᠭ᠎ᠠ ᠬᠠᠮᠲᠤ ᠶᠢᠨ ᠠᠵᠤ ᠠᠬᠤᠢ ᠶᠢᠨ ᠳᠠᠪᠠᠭᠤᠯᠢᠭ ᠢᠶᠠᠨ | ᠭᠦᠢᠴᠡᠳ ᠪᠠᠳᠠᠷᠠᠭᠤᠯᠵᠤ᠂ ᠮᠠᠯᠴᠢᠳ ᠲᠤ ᠮᠠᠯ ᠤᠨᠤᠭ᠎ᠠ ᠪᠠᠨ ᠬᠠᠰᠢᠶᠠᠯᠠᠵᠤ ᠲᠡᠵᠢᠭᠡᠬᠦ ᠳᠤ ᠲᠡᠵᠢᠭᠡᠯ ᠪᠤᠷᠳᠤᠭ᠎ᠠ ᠪᠠᠷ ᠳᠡᠮᠵᠢᠯᠭᠡ ᠦᠵᠡᠭᠦᠯᠵᠦ ᠪᠠᠶᠢᠨ᠎ᠠ᠃ | ᠲᠠᠷᠠᠭᠠᠴᠢ ᠶᠢᠨ ᠠᠯᠬᠤᠮ ᠳᠤ᠂ ᠬᠥᠬᠡᠨᠠᠭᠤᠷ ᠪᠠᠯᠭᠠᠰᠤ ᠶᠢᠨ ᠬᠠᠷᠠᠨᠠᠭᠤᠷ ᠭᠠᠴᠠᠭ᠎ᠠ ︽ᠡᠬᠢ ᠪᠠᠶᠠᠯᠢᠭ ᠢ ᠡᠳ᠋ ᠬᠥᠷᠥᠩᠭᠡ ᠪᠣᠯᠭᠠᠨ ᠬᠤᠪᠢᠷᠠᠭᠤᠯᠬᠤ᠂ | ᠪᠡᠯᠡ ᠮᠥᠩᠭᠦ ᠶᠢ ᠬᠤᠪᠢ ᠣᠷᠣᠭᠤᠯᠤᠯᠲᠠ ᠶᠢᠨ ᠮᠥᠩᠭᠦ ᠪᠣᠯᠭᠠᠨ ᠬᠤᠪᠢᠷᠠᠭᠤᠯᠬᠤ᠂ ᠲᠠᠷᠢᠶᠠᠴᠢᠳ ᠢ ᠬᠤᠪᠢ ᠣᠷᠣᠭᠤᠯᠤᠭᠴᠢ ᠪᠣᠯᠭᠠᠨ ᠬᠤᠪᠢᠷᠠᠭᠤᠯᠬᠤ︾ | ᠥᠭᠡᠷᠡᠴᠢᠯᠡᠯᠲᠡ ᠪᠠᠷ ᠰᠢᠪᠲᠤᠯᠤᠯᠲᠠ ᠶᠢᠨ ᠴᠡᠭ ᠪᠣᠯᠭᠠᠵᠤ᠂ ︽ᠦᠢᠯᠡᠳᠪᠦᠷᠢᠯᠡᠬᠦ᠂ ᠬᠠᠩᠭᠠᠨ ᠪᠣᠷᠣᠯᠠᠭᠤᠯᠬᠤ᠂ ᠢᠲᠡᠭᠡᠮᠵᠢ︾ ᠭᠤᠷᠪᠠ ᠶᠢ ᠨᠢᠭᠡ | ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠵᠠᠭᠪᠤᠷ ᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠡᠬᠢ ᠪᠠᠶᠠᠯᠢᠭ ᠤᠨ ᠲᠣᠬᠢᠷᠠᠭᠤᠯᠤᠯᠲᠠ ᠪᠤᠯᠤᠨ | ᠡᠵᠡᠩᠨᠡᠯᠲᠡ ᠶᠢᠨ ᠲᠣᠭᠲᠠᠴᠠ ᠶᠢ ᠰᠢᠯᠢᠳᠡᠭᠵᠢᠭᠦᠯᠬᠦ ᠪᠠᠷ ᠳᠠᠮᠵᠢᠭᠤᠯᠤᠨ᠂ ᠬᠠᠮᠲᠤ ᠶᠢᠨ ᠠᠵᠤ ᠠᠬᠤᠢ ᠶᠢ ᠲᠠᠰᠤᠷᠠᠯᠲᠠ ᠦᠭᠡᠢ ᠪᠤᠵᠠᠭᠠᠶᠢᠷᠠᠭᠤᠯᠤᠨ᠂ ᠠᠷᠠᠳ ᠤᠨ | ᠠᠮᠢᠳᠤᠷᠠᠯ ᠢ ᠤᠯᠠᠮ ᠴᠢᠨᠡᠭᠡᠯᠢᠭᠵᠢᠭᠦᠯᠬᠦ ᠪᠤᠯᠤᠨ᠎ᠠ ᠃ |