| | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ | ᠥᠪᠥᠷ ᠵᠠᠰᠠᠭ ᠲᠠᠷᠬᠠᠭᠠᠭᠰᠠᠨ ︹2025︺ 10 ᠳ᠋ᠤᠭᠠᠷ ᠲᠣᠭᠠᠲᠤ | 2025 ᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠨ ᠤᠨᠲᠠᠷᠠᠭᠠᠬᠤ ᠲᠤᠬᠠᠢ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ | ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ᠶᠡᠷᠦᠩᠬᠡᠢ ᠱᠦᠵᠢ ᠰᠢ ᠶᠢᠨ ᠫᠢᠩ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠤᠨ ᠲᠤᠬᠠᠢ ᠴᠢᠬᠤᠯᠠ | ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠤᠨ | ᠭᠠᠮᠰᠢᠭ ᠢ ᠪᠦᠲᠦᠮᠵᠢᠲᠡᠶ ᠰᠡᠷᠭᠡᠶᠢᠯᠡᠨ ᠬᠤᠷᠢᠭᠯᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠠᠮᠢ ᠠᠬᠤᠢ ᠶᠢᠨ ᠠᠮᠤᠷ | ᠲᠦᠪᠰᠢᠨ ᠢ ᠦᠨᠡᠨ ᠬᠦ ᠬᠠᠮᠠᠭᠠᠯᠠᠬᠤ ᠶᠢᠨ ᠲᠤᠰᠠᠳᠠ᠂ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠪᠢᠴᠢᠭ ᠮᠠᠲ᠋ᠧᠷᠢᠶᠠᠯ ᠤᠨ ᠵᠣᠷᠢᠭ | ᠰᠠᠨᠠᠭ᠎ᠠ ᠶᠢ ᠦᠨᠳᠦᠰᠦᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠰᠢᠵᠢᠮ ᠤᠨ | ᠲᠣᠭᠤᠷᠢᠨ ᠳᠤ ᠴᠢᠩᠭ᠎ᠠ ᠨᠢᠭᠲᠠᠷᠠᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠪᠠᠨ ᠤᠶᠠᠯᠳᠤᠭᠤᠯᠵᠤ᠂ ᠳᠣᠣᠷᠠᠬᠢ ᠮᠡᠲᠦ ᠵᠠᠷᠯᠢᠭ ᠢ ᠨᠡᠶᠢᠲᠡᠯᠡᠪᠡ᠃ | ᠨᠢᠭᠡ᠂ ᠭᠠᠯ ᠰᠡᠷᠭᠡᠶᠢᠯᠡᠬᠦ ᠬᠤᠭᠤᠴᠠᠭ᠎ᠠ ᠪᠠ ᠴᠢᠩᠭ᠎ᠠ ᠰᠡᠷᠭᠡᠶᠢᠯᠡᠵᠦ ᠵᠠᠬᠢᠷᠤᠨ ᠬᠠᠮᠢᠶᠠᠷᠬᠤ ᠬᠤᠭᠤᠴᠠᠭ᠎ᠠ | ᠰᠢᠯᠢ ᠶᠢᠨ ᠭᠤᠣᠯ ᠠᠶᠢᠮᠠᠭ ᠵᠢᠴᠢ ᠲᠡᠭᠦᠨ ᠠᠴᠠ ᠵᠡᠭᠦᠨᠰᠢᠬᠢ ᠭᠠᠵᠠᠷ ᠣᠷᠣᠨ ᠤ ᠭᠠᠯ ᠲᠦᠢᠮᠡᠷ ᠰᠡᠷᠭᠡᠶᠢᠯᠡᠬᠦ ᠬᠤᠭᠤᠴᠠᠭ᠎ᠠ ᠨᠢ ᠬᠠᠪᠤᠷ ᠤᠨ ᠤᠯᠠᠷᠢᠯ ᠤᠨ 3 | ᠳ᠋ᠤᠭᠠᠷ ᠰᠠᠷ᠎ᠠ ᠶᠢᠨ 15 ᠤ ᠡᠳᠦᠷ ᠠᠴᠠ 6 ᠳ᠋ᠤᠭᠠᠷ ᠰᠠᠷ᠎ᠠ ᠶᠢᠨ 15 ᠤ ᠡᠳᠦᠷ᠂ ᠨᠠᠮᠤᠷ ᠤᠨ ᠤᠯᠠᠷᠢᠯ ᠤᠨ 9 ᠳ᠋ᠦ᠋ᠭᠡᠷ ᠰᠠᠷ᠎ᠠ ᠶᠢᠨ 15 ᠤ ᠡᠳᠦᠷ ᠠᠴᠠ 11 | ᠳ᠋ᠦ᠋ᠭᠡᠷ ᠰᠠᠷ᠎ᠠ ᠶᠢᠨ 15 ᠤ ᠡᠳᠦᠷ ᠪᠣᠯᠣᠨ᠎ᠠ᠂ ᠤᠯᠠᠭᠠᠨᠴᠠᠪ ᠬᠤᠲᠠ ᠵᠢᠴᠢ ᠲᠡᠭᠦᠨ ᠠᠴᠠ ᠪᠠᠷᠠᠭᠤᠨᠰᠢᠬᠢ ᠭᠠᠵᠠᠷ ᠣᠷᠣᠨ ᠤ ᠭᠠᠯ ᠲᠦᠢᠮᠡᠷ ᠰᠡᠷᠭᠡᠶᠢᠯᠡᠬᠦ | ᠬᠤᠭᠤᠴᠠᠭ᠎ᠠ ᠨᠢ ᠲᠣᠰ ᠵᠢᠯ ᠤᠨ 9 ᠳ᠋ᠦ᠋ᠭᠡᠷ ᠰᠠᠷ᠎ᠠ ᠶᠢᠨ 15 ᠤ ᠡᠳᠦᠷ ᠠᠴᠠ ᠢᠷᠡᠬᠦ ᠵᠢᠯ ᠤᠨ 6 ᠳ᠋ᠤᠭᠠᠷ ᠰᠠᠷ᠎ᠠ ᠶᠢᠨ 15 ᠤ ᠡᠳᠦᠷ ᠪᠣᠯᠣᠨ᠎ᠠ᠂ ᠡᠭᠦᠨ ᠳᠤ᠂ | ᠶᠡᠭᠡ ᠬᠢᠩᠭᠠᠨ ᠳᠠᠪᠠᠭ᠎ᠠ ᠶᠢᠨ ᠰᠢᠭᠤᠶᠢᠲᠤ ᠣᠷᠣᠨ ᠤ ᠭᠠᠯ ᠲᠦᠢᠮᠡᠷ ᠰᠡᠷᠭᠡᠶᠢᠯᠡᠬᠦ ᠬᠤᠭᠤᠴᠠᠭ᠎ᠠ ᠨᠢ 3 ᠳ᠋ᠤᠭᠠᠷ ᠰᠠᠷ᠎ᠠ ᠶᠢᠨ 15 ᠤ ᠡᠳᠦᠷ ᠠᠴᠠ 11 ᠳ᠋ᠦ᠋ᠭᠡᠷ | ᠰᠠᠷ᠎ᠠ ᠶᠢᠨ 15 ᠤ ᠡᠳᠦᠷ ᠪᠣᠯᠣᠨ᠎ᠠ᠃ ᠪᠥᠬᠦ ᠣᠷᠣᠨ ᠤ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠠᠵᠢᠯ ᠤᠨ ᠴᠢᠩᠭ᠎ᠠ ᠰᠡᠷᠭᠡᠶᠢᠯᠡᠵᠦ ᠵᠠᠬᠢᠷᠤᠨ ᠬᠠᠮᠢᠶᠠᠷᠬᠤ | ᠬᠤᠭᠤᠴᠠᠭ᠎ᠠ ᠨᠢ ᠬᠠᠪᠤᠷ ᠤᠨ ᠤᠯᠠᠷᠢᠯ ᠤᠨ 4 ᠳ᠋ᠦ᠋ᠭᠡᠷ ᠰᠠᠷ᠎ᠠ ᠶᠢᠨ 1 ᠤ ᠡᠳᠦᠷ ᠠᠴᠠ 5 ᠳ᠋ᠤᠭᠠᠷ ᠰᠠᠷ᠎ᠠ ᠶᠢᠨ 31 ᠤ ᠡᠳᠦᠷ᠂ ᠨᠠᠮᠤᠷ ᠤᠨ ᠤᠯᠠᠷᠢᠯ ᠤᠨ 10 | ᠳ᠋ᠤᠭᠠᠷ ᠰᠠᠷ᠎ᠠ ᠶᠢᠨ 1 ᠤ ᠡᠳᠦᠷ ᠠᠴᠠ 10 ᠳ᠋ᠤᠭᠠᠷ ᠰᠠᠷ᠎ᠠ ᠶᠢᠨ 31 ᠤ ᠡᠳᠦᠷ ᠪᠣᠯᠣᠨ᠎ᠠ᠃ ᠡᠯ᠎ᠡ ᠭᠠᠵᠠᠷ ᠣᠷᠣᠨ ᠨᠢ ᠪᠣᠳᠠᠲᠤ ᠪᠠᠶᠢᠳᠠᠯ ᠢᠶᠠᠨ ᠦᠨᠳᠦᠰᠦᠯᠡᠵᠦ | ᠴᠢᠩᠭ᠎ᠠ ᠰᠡᠷᠭᠡᠶᠢᠯᠡᠵᠦ ᠵᠠᠬᠢᠷᠤᠨ ᠬᠠᠮᠢᠶᠠᠷᠬᠤ ᠬᠤᠭᠤᠴᠠᠭ᠎ᠠ ᠪᠠᠨ ᠤᠷᠢᠳᠴᠢᠯᠠᠭᠤᠯᠬᠤ ᠪᠤᠶᠤ ᠬᠤᠶᠢᠰᠢᠯᠠᠭᠤᠯᠵᠤ ᠪᠣᠯᠣᠨ᠎ᠠ᠃ ᠴᠢᠩᠭ᠎ᠠ ᠰᠡᠷᠭᠡᠶᠢᠯᠡᠵᠦ ᠵᠠᠬᠢᠷᠤᠨ | ᠬᠠᠮᠢᠶᠠᠷᠬᠤ ᠬᠤᠭᠤᠴᠠᠭ᠎ᠠ ᠬᠢᠵᠠᠭᠠᠷ ᠪᠠ ᠣᠷᠣᠨ ᠪᠦᠰᠡ ᠶᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ | ᠬᠤᠪᠢᠶᠠᠷᠢᠯᠠᠨ ᠲᠣᠭᠲᠠᠭᠠᠵᠤ᠂ ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠰᠡᠷᠭᠡᠶᠢᠯᠡᠨ | ᠤᠨᠲᠠᠷᠠᠭᠠᠬᠤ ᠠᠵᠢᠯ ᠤᠨ ᠵᠢᠯᠤᠭᠤᠳᠬᠤ ᠭᠠᠵᠠᠷ ᠤᠨ ᠠᠯᠪᠠᠨ ᠭᠡᠷ ᠲᠤ ᠪᠦᠷᠢᠳᠬᠡᠨ ᠳᠠᠩᠰᠠᠯᠠᠭᠤᠯᠬᠤ ᠶᠢᠨ ᠬᠠᠮᠲᠤ᠂ ᠨᠡᠶᠢᠭᠡᠮ ᠳᠤ ᠨᠡᠶᠢᠲᠡᠯᠡᠬᠦ ᠬᠡᠷᠡᠭᠲᠡᠢ᠃ | ᠬᠤᠶᠠᠷ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠᠨ ᠴᠢᠩᠭᠠᠷᠠᠭᠤᠯᠤᠨ᠎ᠠ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠬᠥᠨᠳᠡᠯᠡᠨ ᠭᠤᠯᠳᠤ ᠪᠠᠷ ᠥᠷᠭᠡᠵᠢᠨ ᠭᠦᠨᠵᠡᠭᠡᠶᠢᠷᠡᠭᠰᠡᠨ ᠬᠠᠷᠢᠭᠤᠴᠠᠯᠭ᠎ᠠ ᠶᠢᠨ ᠲᠣᠭᠲᠠᠯᠴᠠᠭ᠎ᠠ ᠶᠢ | ᠪᠠᠶᠢᠭᠤᠯᠤᠨ ᠪᠦᠷᠢᠨᠰᠢᠭᠦᠯᠵᠦ᠂ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠠᠵᠢᠯ ᠤᠨ ᠲᠠᠯ᠎ᠠ ᠳᠤ ᠵᠠᠰᠠᠭ ᠵᠠᠬᠢᠷᠭᠠᠨ ᠤ | ᠳᠠᠷᠤᠭ᠎ᠠ ᠬᠠᠷᠢᠭᠤᠴᠠᠬᠤ ᠳᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠷᠢᠶ᠎ᠠ ᠭᠠᠵᠠᠷ ᠤᠨ ᠤᠳᠤᠷᠢᠳᠬᠤ ᠬᠠᠷᠢᠭᠤᠴᠠᠯᠭ᠎ᠠ᠂ ᠠᠵᠢᠯ ᠲᠥᠷᠥᠯ ᠤᠨ ᠰᠠᠯᠠᠭ᠎ᠠ | ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠪᠠ ᠦᠢᠯᠡᠳᠪᠦᠷᠢᠯᠡᠯ ᠡᠵᠡᠩᠨᠡᠯᠲᠡ ᠬᠠᠮᠢᠶᠠᠷᠤᠯᠲᠠ ᠶᠢᠨ ᠨᠢᠭᠡᠴᠢ ︵ᠬᠤᠪᠢ ᠬᠥᠮᠥᠨ︶ ᠶᠢᠨ ᠭᠤᠣᠯ ᠴᠣᠭᠴᠠ ᠶᠢᠨ | ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠬᠤ ᠬᠡᠷᠡᠭᠲᠡᠢ᠃ ᠡᠯ᠎ᠡ ᠱᠠᠲᠤᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠰᠡᠷᠭᠡᠶᠢᠯᠡᠨ | ᠤᠨᠲᠠᠷᠠᠭᠠᠬᠤ ᠠᠵᠢᠯ ᠤᠨ ᠵᠢᠯᠤᠭᠤᠳᠬᠤ ᠭᠠᠵᠠᠷ ᠤᠨ ᠪᠦᠷᠢᠯᠳᠦᠭᠦᠨ ᠨᠢᠭᠡᠴᠢ ᠨᠦᠭᠦᠳ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠬᠤᠪᠢ | ᠬᠤᠪᠢᠨ ᠤ ᠬᠠᠷᠢᠭᠤᠴᠠᠯᠭ᠎ᠠ ᠪᠠᠨ ᠡᠭᠦᠷᠭᠡᠯᠡᠨ᠂ ᠨᠢᠭᠲᠠ ᠬᠠᠮᠵᠢᠯᠴᠠᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠠᠵᠢᠯ ᠢ | ᠬᠠᠷᠠᠯᠲᠠ ᠨᠢᠭᠡᠲᠡᠢ ᠰᠠᠶᠢᠲᠤᠷ ᠬᠦᠴᠦᠯᠡᠨ ᠬᠢᠬᠦ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠨᠢ ᠬᠤᠪᠢᠶᠠᠷᠢᠯᠠᠨ | ᠲᠣᠭᠲᠠᠭᠠᠭᠰᠠᠨ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠰᠡᠷᠭᠡᠶᠢᠯᠡᠬᠦ ᠬᠠᠷᠢᠭᠤᠴᠠᠯᠭ᠎ᠠ ᠶᠢᠨ ᠣᠷᠣᠨ ᠪᠦᠰᠡ ᠶᠢᠨ ᠶᠣᠰᠣᠭᠠᠷ᠂ ᠡᠭᠦᠷᠭᠡ | ᠬᠠᠷᠢᠭᠤᠴᠠᠯᠭ᠎ᠠ ᠶᠢᠨ ᠡᠭᠦᠷᠭᠡ ᠵᠢᠴᠢ ᠬᠠᠷᠢᠭᠤᠴᠠᠬᠤ ᠬᠥᠮᠥᠨ ᠢ ᠲᠣᠳᠣᠷᠬᠠᠶᠢᠯᠠᠵᠤ᠂ ᠲᠣᠤᠷᠵᠢᠭᠤᠯᠤᠭᠰᠠᠨ ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠬᠦ ᠬᠡᠷᠡᠭᠲᠡᠢ᠃ | ᠰᠢᠭᠤᠶᠢᠲᠤ ᠣᠷᠣᠨ ᠮᠠᠯᠵᠢᠬᠤ ᠣᠷᠣᠨ ᠤ ᠬᠥᠷᠰᠢ ᠵᠡᠷᠭᠡᠯᠡᠳᠡᠭᠡ ᠭᠠᠵᠠᠷ ᠣᠷᠣᠨ᠂ ᠰᠠᠯᠠᠭ᠎ᠠ ᠮᠥᠴᠢᠷ ᠨᠢᠭᠡᠴᠢ ᠨᠦᠭᠦᠳ ᠬᠤᠯᠪᠤᠭᠠᠯᠠᠨ ᠰᠡᠷᠭᠡᠶᠢᠯᠡᠬᠦ ᠵᠥᠪᠯᠡᠯᠴᠡᠭᠡᠷ | ᠲᠣᠬᠢᠷᠠᠯᠴᠠᠵᠤ᠂ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠬᠤᠯᠪᠤᠭᠠᠯᠠᠨ ᠰᠡᠷᠭᠡᠶᠢᠯᠡᠬᠦ ᠣᠷᠣᠨ ᠪᠦᠰᠡ ᠶᠢᠨ | ᠳᠣᠲᠣᠷᠠᠬᠢ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠠᠵᠢᠯ ᠢ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ | ᠪᠠᠶᠢᠭᠠᠳ ᠰᠠᠶᠢᠲᠤᠷ ᠬᠢᠬᠦ ᠬᠡᠷᠡᠭᠲᠡᠢ᠃ | ᠭᠤᠷᠪᠠ᠂ ᠭᠠᠯ ᠤᠨ ᠡᠬᠢ ᠡᠭᠦᠰᠦᠯ ᠢ ᠵᠠᠰᠠᠬᠤ ᠪᠠᠨ ᠴᠢᠩᠭᠠᠷᠠᠭᠤᠯᠤᠨ᠎ᠠ | ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠨᠢ ᠪᠥᠬᠦ ᠤᠯᠤᠰ ᠤᠨ ᠠᠶᠤᠯ ᠦᠭᠡᠢ ᠦᠢᠯᠡᠳᠪᠦᠷᠢᠯᠡᠯ ᠪᠠ ᠣᠶ ᠰᠢᠭᠤᠢ | ᠨᠤᠲᠤᠭ ᠪᠡᠯᠴᠢᠭᠡᠷ ᠤᠨ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠸᠢᠳᠢᠤ᠋ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠤᠷᠢᠳᠴᠢᠯᠠᠨ | ᠰᠡᠷᠭᠡᠶᠢᠯᠡᠬᠦ ᠶᠢ ᠴᠢᠬᠤᠯᠠ ᠠᠴᠠ ᠴᠢᠬᠤᠯᠠ ᠵᠦᠢᠯ ᠪᠣᠯᠭᠠᠬᠤ ᠶᠢ ᠪᠠᠷᠢᠮᠲᠠᠯᠠᠨ᠂ ᠤᠴᠢᠷ ᠶᠠᠪᠤᠳᠠᠯ ᠤᠨ ᠡᠮᠦᠨ᠎ᠡ ᠨᠢ ᠬᠦᠴᠦᠯᠡᠵᠦ᠂ ᠬᠢᠨᠠᠨ ᠰᠡᠷᠭᠡᠶᠢᠯᠡᠬᠦ ᠠᠵᠢᠯ ᠢ | ᠤᠷᠢᠳ ᠢᠶᠠᠷ ᠬᠢᠬᠦ ᠪᠠ ᠭᠤᠣᠯᠳᠠᠯᠭ᠎ᠠ ᠪᠠᠨ ᠦᠨᠳᠦᠰᠦᠨ ᠱᠠᠲᠤᠨ ᠳᠤ ᠪᠠᠭᠤᠯᠭᠠᠨ᠂ ᠭᠤᠣᠯᠳᠠᠯᠭ᠎ᠠ ᠪᠣᠯᠬᠤ ᠴᠠᠭ ᠬᠤᠭᠤᠴᠠᠭ᠎ᠠ ᠶᠢ ᠰᠠᠶᠢᠲᠤᠷ ᠠᠳᠬᠤᠵᠤ᠂ | ᠭᠤᠣᠯᠳᠠᠯᠭ᠎ᠠ ᠪᠣᠯᠬᠤ ᠣᠷᠣᠨ ᠪᠦᠰᠡ ᠶᠢ ᠰᠠᠶᠢᠲᠤᠷ ᠰᠠᠬᠢᠵᠤ᠂ ᠭᠤᠣᠯᠳᠠᠯᠭ᠎ᠠ ᠪᠣᠯᠬᠤ ᠬᠥᠮᠥᠰ ᠢ ᠰᠠᠶᠢᠲᠤᠷ ᠠᠩᠬᠠᠷᠴᠤ᠂ ᠲᠤᠰᠠᠭᠠᠷᠯᠠᠬᠤ ᠪᠦᠰᠡ ᠶᠢ ᠪᠦᠲᠦᠭᠡᠨ | ᠪᠠᠶᠢᠭᠤᠯᠬᠤ᠂ ᠬᠡᠭᠡᠷ᠎ᠡ ᠭᠠᠳᠠᠭ᠎ᠠ ᠭᠠᠯ ᠬᠡᠷᠡᠭᠯᠡᠬᠦ ᠶᠢ ᠬᠢᠨᠠᠨ ᠵᠥᠪᠰᠢᠶᠡᠷᠡᠬᠦ᠂ ᠣᠶ ᠶᠢᠨ ᠬᠤᠷᠮᠣᠢ ᠶᠢᠨ ᠰᠢᠲᠠᠮᠠᠬᠠᠢ ᠪᠣᠳᠠᠰ ᠢ ᠠᠷᠢᠯᠭᠠᠬᠤ᠂ ᠬᠤᠯᠪᠤᠭᠠᠯᠠᠨ | ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠵᠡᠷᠭᠡ ᠭᠠᠯ ᠤᠨ ᠡᠬᠢ ᠡᠭᠦᠰᠦᠯ ᠢ ᠬᠠᠮᠢᠶᠠᠷᠤᠨ ᠡᠵᠡᠮᠳᠡᠬᠦ ᠵᠡᠷᠭᠡ ᠠᠷᠭ᠎ᠠ ᠬᠡᠮᠵᠢᠶ᠎ᠡ ᠪᠠᠨ ᠴᠢᠩᠭ᠎ᠠ ᠨᠠᠶᠢᠳᠠᠪᠤᠷᠢᠵᠢᠭᠤᠯᠵᠤ᠂ ᠭᠠᠯ | ᠲᠦᠢᠮᠡᠷ ᠤᠨ ᠭᠠᠮᠰᠢᠭ ᠤᠨ ᠬᠡᠮ ᠰᠣᠭᠤᠭ ᠢ ᠬᠥᠳᠡᠯᠦᠩᠭᠦᠢ ᠪᠠᠷ ᠠᠷᠢᠯᠭᠠᠬᠤ ᠠᠵᠢᠯᠯᠠᠭᠠᠨ ᠢ ᠪᠠᠶᠢᠩᠭᠤᠰᠢᠭᠤᠯᠤᠨ ᠥᠷᠨᠢᠭᠦᠯᠦᠨ᠂ ᠲᠠᠷᠢᠶᠠᠯᠠᠩ ᠤᠨ ᠠᠳᠠᠯ ᠣᠶ | ᠰᠢᠭᠤᠢ ᠶᠢᠨ ᠠᠳᠠᠯ ᠡᠷᠬᠢᠯᠡᠬᠦ᠂ ᠪᠠᠷᠢᠯᠭ᠎ᠠ ᠶᠢᠨ ᠠᠵᠢᠯ ᠬᠢᠬᠦ᠂ ᠦᠢᠯᠡᠳᠪᠦᠷᠢᠯᠡᠵᠦ ᠲᠡᠭᠡᠭᠡᠪᠦᠷᠢᠯᠡᠬᠦ᠂ ᠵᠤᠭᠠᠴᠠᠨ ᠨᠠᠭᠠᠳᠴᠤ ᠲᠠᠬᠢᠯᠭ᠎ᠠ ᠲᠠᠬᠢᠬᠤ ᠵᠡᠷᠭᠡ ᠬᠡᠭᠡᠷ᠎ᠡ | ᠭᠠᠳᠠᠭ᠎ᠠ ᠭᠠᠯ ᠬᠡᠷᠡᠭᠯᠡᠬᠦ ᠡᠯ᠎ᠡ ᠲᠥᠷᠥᠯ ᠤᠨ ᠦᠶ᠋ᠯᠡ ᠠᠵᠢᠯᠯᠠᠭ᠎ᠠ ᠶᠢ ᠴᠢᠩᠭ᠎ᠠ ᠬᠠᠮᠢᠶᠠᠷᠴᠤ᠂ ︽ᠰᠢᠯᠤᠭᠤᠳᠬᠠᠬᠤ ᠪᠠ ᠬᠤᠷᠢᠭᠯᠠᠬᠤ ᠶᠢ ᠤᠶᠠᠯᠳᠤᠭᠤᠯᠬᠤ︾ ᠪᠠᠷ | ᠳᠠᠮᠵᠢᠭᠤᠯᠤᠨ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠠᠵᠢᠯ ᠢ ᠰᠠᠶᠢᠲᠤᠷ ᠠᠳᠬᠤᠬᠤ ᠬᠡᠷᠡᠭᠲᠡᠢ᠃ ᠴᠢᠩᠭ᠎ᠠ ᠰᠡᠷᠭᠡᠶᠢᠯᠡᠵᠦ ᠵᠠᠬᠢᠷᠤᠨ ᠬᠠᠮᠢᠶᠠᠷᠬᠤ | ᠬᠤᠭᠤᠴᠠᠭᠠᠨ ᠳᠤ ᠴᠢᠩᠭ᠎ᠠ ᠰᠡᠷᠭᠡᠶᠢᠯᠡᠵᠦ ᠵᠠᠬᠢᠷᠤᠨ ᠬᠠᠮᠢᠶᠠᠷᠬᠤ ᠣᠷᠣᠨ ᠪᠦᠰᠡ ᠨᠢ ᠳᠣᠣᠷᠠᠬᠢ ᠲᠣᠭᠲᠠᠭᠠᠯ ᠤᠳ ᠢ ᠴᠢᠩᠭ᠎ᠠ ᠬᠡᠷᠡᠭᠵᠢᠭᠦᠯᠬᠦ ᠬᠡᠷᠡᠭᠲᠡᠢ᠄ | ︵ᠨᠢᠭᠡ︶ ᠬᠡᠭᠡᠷ᠎ᠡ ᠭᠠᠳᠠᠭ᠎ᠠ ᠲᠠᠮᠠᠬᠢ ᠲᠠᠲᠠᠬᠤ᠂ ᠬᠡᠭᠡᠷ᠎ᠡ ᠭᠠᠳᠠᠭ᠎ᠠ ᠬᠤᠭᠤᠯᠠᠯᠠᠬᠤ᠂ ᠴᠠᠭᠠᠰᠤ ᠰᠢᠲᠠᠭᠠᠬᠤ᠂ ᠬᠦᠵᠢ ᠠᠰᠠᠭᠠᠬᠤ᠂ ᠫᠤᠤᠵᠢᠩ ᠲᠠᠯᠪᠢᠬᠤ᠂ ᠭᠠᠯ | ᠨᠣᠴᠣᠭᠠᠵᠤ ᠳᠤᠯᠠᠭᠠᠯᠠᠬᠤ᠂ ᠬᠤᠭ ᠨᠣᠪᠰᠢ ᠰᠢᠲᠠᠭᠠᠬᠤ ᠵᠡᠷᠭᠡ ᠦᠢᠯᠡᠳᠪᠦᠷᠢᠯᠡᠯ ᠤᠨ ᠪᠤᠰᠤ ᠬᠡᠷᠡᠭᠴᠡᠭᠡᠨ ᠳᠤ ᠭᠠᠯ ᠬᠡᠷᠡᠭᠯᠡᠬᠦ ᠪᠠ ᠠᠲᠠᠷ ᠰᠢᠲᠠᠭᠠᠬᠤ᠂ ᠡᠰᠢ ᠰᠦᠷᠡᠯ | ᠰᠢᠲᠠᠭᠠᠬᠤ ᠵᠡᠷᠭᠡ ᠲᠠᠷᠢᠶᠠᠯᠠᠩ ᠤᠨ ᠠᠳᠠᠯ ᠳᠤ ᠭᠠᠯ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃ | ︵ᠬᠤᠶᠠᠷ︶ ᠬᠡᠭᠡᠷ᠎ᠡ ᠭᠠᠳᠠᠨᠠᠬᠢ ᠦᠢᠯᠡᠳᠪᠦᠷᠢᠯᠡᠯ ᠳᠤ ᠭᠠᠯ ᠬᠡᠷᠡᠭᠯᠡᠬᠦ ᠳᠤ ᠪᠠᠨ ᠡᠷᠬᠡᠪᠰᠢ ᠲᠤᠬᠠᠢ ᠶᠢᠨ ᠭᠠᠵᠠᠷ ᠤᠨ ᠬᠤᠰᠢᠭᠤ ᠰᠢᠶᠠᠨ ᠤ ᠱᠠᠲᠤᠨ ᠤ | ᠠᠷᠠᠳ ᠤᠨ ᠵᠠᠰᠠᠭ ᠤᠨ ᠣᠷᠳᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠬᠢᠨᠠᠨ ᠪᠠᠶᠢᠴᠠᠭᠠᠯᠭᠠᠵᠤ | ᠵᠥᠪᠰᠢᠶᠡᠷᠡᠭᠦᠯᠦᠭᠡᠳ᠂ ᠴᠠᠭ ᠢᠶᠠᠨ ᠲᠣᠭᠲᠠᠭᠰᠠᠨ᠂ ᠭᠠᠵᠠᠷ ᠢᠶᠠᠨ ᠲᠣᠭᠲᠠᠭᠰᠠᠨ᠂ ᠬᠠᠷᠢᠭᠤᠴᠠᠯᠭᠠᠲᠠᠨ ᠢᠶᠠᠨ ᠲᠣᠳᠣᠷᠬᠠᠶᠢᠯᠠᠭᠰᠠᠨ᠂ ᠰᠡᠷᠭᠡᠶᠢᠯᠡᠵᠦ ᠠᠪᠤᠷᠠᠬᠤ | ᠪᠡᠯᠡᠳᠬᠡᠯ ᠢᠶᠠᠨ ᠰᠠᠶᠢᠲᠤᠷ ᠬᠢᠭᠰᠡᠨ ᠤᠷᠢᠲᠠᠯ ᠳᠣᠣᠷ᠎ᠠ ᠬᠡᠷᠡᠭᠵᠢᠭᠦᠯᠦᠨ᠎ᠡ᠃ | ︵ᠭᠤᠷᠪᠠ︶ ᠵᠠᠬᠢᠷᠤᠨ ᠬᠠᠮᠢᠶᠠᠷᠬᠤ ᠣᠷᠣᠨ ᠪᠦᠰᠡ ᠳᠤ ᠣᠷᠣᠬᠤ ᠬᠥᠮᠥᠨ ᠬᠠᠷ᠎ᠠ ᠲᠡᠷᠭᠡ ᠬᠥᠰᠬᠡ ᠶᠢᠨ ᠭᠠᠯ ᠤᠨ ᠴᠤᠭ ᠪᠤᠶᠤ ᠨᠣᠴᠣᠮᠠᠲᠠᠭᠠᠢ ᠳᠡᠯᠪᠡᠷᠡᠮᠡᠲᠡᠭᠡᠢ | ᠡᠳ᠋ ᠪᠣᠳᠠᠰ ᠠᠪᠴᠤ ᠶᠠᠪᠤᠬᠤ ᠶᠢ ᠴᠢᠩᠭ᠎ᠠ ᠴᠠᠭᠠᠵᠠᠯᠠᠵᠤ᠂ ᠴᠢᠬᠤᠯᠠᠲᠠᠢ ᠦᠶᠡᠰ ︽ᠭᠠᠯ ᠰᠡᠷᠭᠡᠶᠢᠯᠡᠬᠦ ᠪᠦᠲᠡᠭᠡᠯᠭᠡ︾ ᠨᠡᠮᠡᠨ ᠤᠭᠰᠠᠷᠠᠵᠤ ᠪᠠᠶᠢᠭᠠᠳ ᠪᠤᠬ᠎ᠠ ᠲᠡᠷᠭᠡ | ᠭᠠᠯ ᠵᠣᠯᠭᠠᠵᠤ ᠳᠦᠷᠡᠯᠵᠡᠨ ᠨᠣᠴᠣᠬᠤ ᠶᠢ ᠰᠡᠷᠡᠮᠵᠢᠯᠡᠨ ᠰᠡᠷᠭᠡᠶᠢᠯᠡᠬᠦ ᠪᠠ ᠠᠴᠢᠶᠠᠨ ᠤ ᠲᠡᠷᠭᠡ ᠶᠢᠨ ᠲᠡᠷᠭᠡᠨ ᠲᠠᠰᠤᠯᠭ᠎ᠠ ᠶᠢ ᠪᠢᠲᠡᠭᠦᠮᠵᠢᠯᠡᠵᠦ ᠪᠠᠶᠢᠭᠠᠳ ᠰᠢᠲᠠᠮᠠᠬᠠᠢ | ᠪᠣᠳᠠᠰ ᠠᠰᠬᠠᠷᠠᠵᠤ ᠭᠠᠷᠬᠤ ᠶᠢ ᠰᠡᠷᠭᠡᠶᠢᠯᠡᠬᠦ ᠵᠡᠷᠭᠡ ᠠᠮᠤᠷ ᠲᠦᠪᠰᠢᠨ ᠤ ᠲᠠᠯ᠎ᠠ ᠳᠤ ᠰᠡᠷᠡᠮᠵᠢᠯᠡᠨ ᠰᠡᠷᠭᠡᠶᠢᠯᠡᠬᠦ ᠠᠷᠭ᠎ᠠ ᠬᠡᠮᠵᠢᠶ᠎ᠡ ᠠᠪᠤᠨ᠎ᠠ᠃ ᠭᠠᠯᠲᠤ ᠲᠡᠷᠭᠡ᠂ | ᠨᠡᠶᠢᠲᠡ ᠶᠢᠨ ᠮᠠᠰᠢᠨ ᠲᠡᠷᠭᠡ ᠵᠡᠷᠭᠡ ᠶᠢᠨ ᠵᠢᠯᠣᠭᠤᠴᠢ ᠦᠢᠯᠡᠴᠢᠯᠡᠭᠴᠢ ᠪᠠ ᠠᠶᠠᠨᠴᠢᠳ ᠤᠨ ᠭᠠᠳᠠᠭᠰᠢ ᠪᠠᠨ ᠤᠨᠲᠠᠷᠠᠭᠠᠭᠰᠠᠨ ᠦᠭᠡᠢ ᠭᠠᠯ ᠵᠣᠯᠭᠠᠬᠤ ᠵᠦᠢᠯ | ᠰᠢᠳᠡᠬᠦ ᠶᠢ ᠴᠢᠩᠭ᠎ᠠ ᠴᠠᠭᠠᠵᠠᠯᠠᠨ᠎ᠠ᠃ | ︵ᠳᠥᠷᠪᠡ︶ ᠡᠯ᠎ᠡ ᠪᠠᠶᠢᠴᠠᠭᠠᠬᠤ ᠥᠷᠲᠡᠭᠡ᠂ ᠪᠠᠷᠠᠯᠠᠬᠤ ᠲᠠᠪᠴᠠᠩ᠂ ᠴᠠᠭᠳᠠᠨ ᠲᠣᠭᠤᠷᠢᠬᠤ ᠴᠠᠭᠳᠠᠨ ᠬᠠᠮᠠᠭᠠᠯᠠᠬᠤ ᠠᠵᠢᠯ ᠤᠨ ᠪᠠᠶᠢᠷᠢ ᠵᠡᠷᠭᠡ ᠨᠢ ᠪᠦᠬᠦᠯᠢ | ᠡᠳᠦᠷ ᠢᠶᠠᠷ ᠵᠢᠵᠢᠭᠦᠷᠯᠡᠨ ᠰᠠᠬᠢᠵᠤ᠂ ᠰᠢᠭᠤᠶᠢᠲᠤ ᠣᠷᠣᠨ᠂ ᠨᠤᠲᠤᠭ ᠪᠡᠯᠴᠢᠭᠡᠷ ᠲᠤ ᠣᠷᠣᠬᠤ ᠬᠥᠮᠥᠰ ᠪᠠ ᠲᠡᠷᠭᠡ ᠬᠥᠰᠬᠡ ᠶᠢ ᠴᠢᠩᠭ᠎ᠠ ᠵᠠᠬᠢᠷᠤᠨ ᠬᠠᠮᠢᠶᠠᠷᠤᠨ᠎ᠠ᠃ | ᠰᠢᠭᠤᠶᠢᠲᠤ ᠣᠷᠣᠨ᠂ ᠨᠤᠲᠤᠭ ᠪᠡᠯᠴᠢᠭᠡᠷ ᠲᠤ ᠣᠷᠣᠬᠤ ᠬᠥᠮᠥᠰ ᠪᠠ ᠲᠡᠷᠭᠡ ᠬᠥᠰᠬᠡ ᠨᠦᠭᠦᠳ ᠡᠷᠬᠡᠪᠰᠢ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ | ᠪᠠᠶᠢᠴᠠᠭᠠᠯᠲᠠ ᠶᠢ ᠬᠦᠯᠢᠶᠡᠵᠦ᠂ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠲᠣᠭᠲᠠᠭᠠᠯ ᠢ ᠵᠢᠷᠤᠮᠯᠠᠨ᠂ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠡᠭᠦᠷᠭᠡ ᠪᠠᠨ | ᠭᠦᠢᠴᠡᠳᠬᠡᠬᠦ ᠬᠡᠷᠡᠭᠲᠡᠢ᠃ | ᠳᠡᠭᠡᠷᠡᠬᠢ ᠲᠣᠭᠲᠠᠭᠠᠯ ᠢ ᠵᠥᠷᠢᠴᠡᠭᠰᠡᠨ ᠪᠠᠶᠢᠪᠠᠯ᠂ ᠬᠠᠤᠯᠢ ᠶᠣᠰᠣᠭᠠᠷ ᠵᠣᠬᠢᠬᠤ ᠰᠢᠢᠳᠬᠡᠯ ᠲᠣᠷᠭᠠᠭᠤᠯᠢ ᠥᠭᠭᠦᠨ᠎ᠡ᠃ | ᠳᠥᠷᠪᠡ᠂ ᠤᠷᠢᠳᠴᠢᠯᠠᠨ ᠰᠡᠷᠡᠮᠵᠢᠯᠡᠭᠦᠯᠵᠦ ᠬᠢᠨᠠᠨ ᠰᠢᠨᠵᠢᠬᠦ ᠪᠠᠨ ᠴᠢᠩᠭᠠᠷᠠᠭᠤᠯᠤᠨ᠎ᠠ | ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠨᠢ ︽ᠤᠷᠢᠳᠴᠢᠯᠠᠨ ᠰᠡᠷᠭᠡᠶᠢᠯᠡᠬᠦ ᠶᠢ ᠲᠡᠷᠢᠭᠦᠨ ᠳᠤ ᠲᠠᠯᠪᠢᠬᠤ᠂ ᠡᠷᠲᠡ ᠢᠯᠡᠷᠡᠭᠦᠯᠬᠦ᠂ ᠪᠠᠭ᠎ᠠ | ᠳᠡᠭᠡᠷ᠎ᠡ ᠨᠢ ᠰᠢᠢᠳᠪᠦᠷᠢᠯᠡᠬᠦ︾ ᠶᠢ ᠪᠣᠳᠣᠯᠬᠢᠯᠠᠨ ᠪᠠᠶᠢᠵᠤ᠂ ᠲᠦᠭᠰᠢᠭᠦᠷᠢ ᠶᠢ ᠰᠤᠳᠤᠯᠤᠨ ᠮᠠᠭᠠᠳᠯᠠᠬᠤ᠂ ᠲᠠᠰᠤᠯᠳᠠᠯ ᠦᠭᠡᠢ ᠵᠥᠪᠳᠡᠯᠴᠡᠬᠦ᠂ ᠤᠷᠢᠳᠴᠢᠯᠠᠨ | ᠰᠡᠷᠡᠮᠵᠢᠯᠡᠭᠦᠯᠵᠦ ᠨᠡᠶᠢᠲᠡᠯᠡᠬᠦ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠳᠠᠭᠠᠭᠤᠯᠢ ᠣᠳᠣ ᠪᠠᠷ ᠬᠢᠨᠠᠨ ᠰᠢᠨᠵᠢᠬᠦ᠂ ᠭᠠᠵᠠᠷ ᠳᠡᠭᠡᠷ᠎ᠡ ᠲᠣᠭᠤᠷᠢᠨ ᠪᠠᠶᠢᠴᠠᠭᠠᠬᠤ᠂ | ᠠᠭᠠᠷ ᠠᠶᠠᠯᠠᠯ ᠢᠶᠠᠷ ᠴᠠᠭᠳᠠᠨ ᠬᠠᠮᠠᠭᠠᠯᠠᠬᠤ᠂ ᠸᠢᠳᠢᠤ᠋ ᠪᠠᠷ ᠬᠢᠨᠠᠨ ᠡᠵᠡᠮᠳᠡᠬᠦ᠂ ᠬᠥᠮᠥᠨ ᠤ ᠬᠦᠴᠦ ᠪᠠᠷ ᠪᠠᠷᠠᠯᠠᠬᠤ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ | ᠰᠢᠨᠵᠢᠬᠦ ︽ᠵᠢᠷᠭᠤᠭ᠎ᠠ ᠶᠢ ᠨᠢᠭᠡ ᠴᠣᠭᠴᠠᠵᠢᠭᠤᠯᠬᠤ︾ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ᠂ ᠭᠠᠯ ᠲᠦᠢᠮᠡᠷ ᠤᠨ ᠪᠠᠶᠢᠳᠠᠯ ᠢ ᠬᠢᠨᠠᠨ ᠰᠢᠨᠵᠢᠬᠦ ᠴᠢᠳᠠᠪᠤᠷᠢ ᠪᠠᠨ | ᠳᠡᠭᠡᠭᠰᠢᠯᠡᠭᠦᠯᠬᠦ ᠬᠡᠷᠡᠭᠲᠡᠢ᠃ ᠭᠠᠯ ᠲᠦᠢᠮᠡᠷ ᠤᠨ ᠲᠦᠭᠰᠢᠭᠦᠷᠢ ᠶᠡᠬᠡᠲᠡᠢ ᠬᠤᠭᠤᠴᠠᠭᠠᠨ ᠳᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠣᠶ ᠰᠢᠭᠤᠢ | ᠨᠤᠲᠤᠭ ᠪᠡᠯᠴᠢᠭᠡᠷ᠂ ᠴᠠᠭ ᠠᠭᠤᠷ ᠵᠡᠷᠭᠡ ᠰᠠᠯᠠᠭ᠎ᠠ ᠮᠥᠴᠢᠷ ᠤᠳ ᠴᠠᠭ ᠠᠭᠤᠷ ᠪᠠ ᠭᠠᠯ ᠲᠦᠢᠮᠡᠷ ᠤᠨ ᠲᠦᠭᠰᠢᠭᠦᠷᠢ ᠶᠢᠨ ᠬᠤᠪᠢᠷᠠᠯᠲᠠ ᠶᠢᠨ ᠬᠠᠨᠳᠤᠰᠢ ᠶᠢ ᠨᠢᠭᠲᠠ | ᠠᠩᠬᠠᠷᠴᠤ᠂ ᠣᠬᠤᠷ ᠬᠤᠭᠤᠴᠠᠭᠠᠨ ᠳᠤ ᠪᠠᠴᠢᠮ ᠰᠤᠳᠤᠯᠤᠨ ᠮᠠᠭᠠᠳᠯᠠᠬᠤ ᠪᠠ ᠤᠷᠢᠳᠴᠢᠯᠠᠨ ᠰᠡᠷᠡᠮᠵᠢᠯᠡᠭᠦᠯᠵᠦ ᠲᠦᠷᠭᠡᠨ ᠮᠡᠳᠡᠭᠦᠯᠬᠦ ᠪᠠᠨ ᠴᠢᠩᠭᠠᠳᠬᠠᠨ᠂ ᠴᠠᠭ | ᠲᠤᠬᠠᠢ ᠳᠤ ᠨᠢ ᠭᠠᠯ ᠲᠦᠢᠮᠡᠷ ᠤᠨ ᠲᠦᠭᠰᠢᠭᠦᠷᠢ ᠶᠡᠬᠡᠲᠡᠢ ᠣᠷᠣᠨ ᠳᠤ ᠠᠮᠤᠷ ᠲᠦᠪᠰᠢᠨ ᠤ ᠰᠠᠨᠠᠭᠤᠯᠤᠮᠵᠢ ᠥᠭᠴᠦ᠂ ︽ᠰᠢᠭᠤᠳ ᠨᠡᠪᠲᠡᠷᠡᠬᠦ ᠮᠠᠶ᠋ᠢᠭ︾᠂ ︽ | ᠴᠡᠭ ᠢ ᠴᠡᠭ ᠲᠤ ᠨᠢ ᠬᠠᠨᠳᠤᠭᠤᠯᠬᠤ︾ ᠠᠷᠭ᠎ᠠ ᠮᠠᠶ᠋ᠢᠭ ᠢ ᠬᠡᠷᠡᠭᠯᠡᠨ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠰᠢᠭᠤᠳ ᠬᠦᠷᠬᠦ ᠭᠠᠮᠰᠢᠭ ᠤᠨ ᠪᠠᠴᠢᠮ ︽ | ᠳᠠᠭᠤᠳᠠᠯᠲᠠ︾ ᠶᠢᠨ ᠲᠣᠭᠲᠠᠴᠠ ᠶᠢ ᠨᠠᠶᠢᠳᠠᠪᠤᠷᠢᠵᠢᠭᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠢ ᠶᠢ ᠰᠢᠮᠳᠠᠭᠤᠯᠵᠤ ᠪᠠᠶᠢᠭᠠᠳ ᠴᠤᠤᠷᠢᠶᠠᠲᠤᠨ ᠳᠠᠭᠠᠬᠤ | ᠠᠷᠭ᠎ᠠ ᠬᠡᠮᠵᠢᠶ᠎ᠡ ᠶᠢ ᠮᠥᠷᠳᠡᠵᠦ ᠨᠠᠶᠢᠳᠠᠪᠤᠷᠢᠵᠢᠭᠤᠯᠬᠤ ᠬᠡᠷᠡᠭᠲᠡᠢ᠃ ᠰᠡᠵᠢᠭᠯᠡᠯᠲᠦ ᠭᠠᠯ ᠲᠦᠢᠮᠡᠷ ᠤᠨ ᠪᠠᠶᠢᠳᠠᠯ ᠢ ᠦᠳᠲᠡᠷ ᠲᠦᠷᠭᠡᠨ ᠬᠠᠷᠭᠤᠭᠤᠯᠤᠨ ᠪᠠᠶᠢᠴᠠᠭᠠᠵᠤ᠂ | ᠴᠠᠭ ᠲᠤᠬᠠᠢ ᠳᠤ ᠨᠢ ᠮᠡᠳᠡᠭᠦᠯᠬᠦ ᠬᠡᠷᠡᠭᠲᠡᠢ᠃ | ᠲᠠᠪᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠠᠵᠢᠯ ᠢᠶᠠᠨ ᠴᠢᠩᠭᠠᠷᠠᠭᠤᠯᠤᠨ᠎ᠠ | ᠭᠠᠯ ᠲᠦᠢᠮᠡᠷ ᠰᠡᠷᠭᠡᠶᠢᠯᠡᠬᠦ ᠬᠤᠭᠤᠴᠠᠭᠠᠨ ᠳᠤ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ | ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠤᠭᠤᠳᠬᠤ ᠪᠠᠶᠢᠭᠤᠯᠤᠮᠵᠢ ᠨᠢ 24 ᠴᠠᠭ ᠢᠶᠠᠷ ᠵᠢᠵᠢᠭᠦᠷᠯᠡᠨ ᠰᠠᠬᠢᠬᠤ ᠳᠦᠷᠢᠮ ᠢ ᠴᠢᠩᠭ᠎ᠠ ᠬᠡᠷᠡᠭᠵᠢᠭᠦᠯᠦᠨ᠂ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠨᠢ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠤᠨ ᠭᠠᠮᠰᠢᠭ ᠢ ᠳᠡᠰ ᠬᠤᠪᠢᠶᠠᠵᠤ ᠴᠤᠤᠷᠢᠶᠠᠲᠤᠨ | ᠳᠠᠭᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠡᠯ᠎ᠡ ᠲᠥᠷᠥᠯ ᠤᠨ ᠭᠠᠯ ᠲᠦᠢᠮᠡᠷ ᠤᠨᠲᠠᠷᠠᠭᠠᠬᠤ ᠡᠩᠨᠡᠭᠡ ᠨᠢ ᠳᠠᠶᠢᠯᠠᠯᠳᠤᠭᠠᠨ ᠠᠴᠠ ᠡᠮᠦᠨᠡᠬᠢ ᠵᠠᠷᠯᠢᠭ | ᠬᠦᠯᠢᠶᠡᠬᠦ ᠪᠠᠶᠢᠳᠠᠯ ᠢᠶᠠᠨ ᠪᠠᠲᠤᠯᠠᠵᠤ᠂ ᠪᠡᠯᠡᠳᠬᠡᠯ ᠲᠥᠰᠥᠯ ᠤᠨ ᠪᠣᠯᠪᠠᠰᠤᠷᠠᠯ ᠪᠠ ᠪᠣᠳᠠᠲᠤ ᠪᠠᠶᠢᠯᠳᠤᠭᠠᠨ ᠤ ᠰᠣᠷᠢᠯᠲᠠ ᠬᠢᠬᠦ ᠪᠠᠨ ᠴᠢᠩᠭᠠᠷᠠᠭᠤᠯᠤᠨ᠂ ᠡᠳ᠋ ᠪᠠᠷᠠᠭ᠎ᠠ | ᠂ ᠮᠠᠰᠢᠨ ᠪᠠᠭᠠᠵᠢ ᠪᠠ ᠲᠣᠨᠤᠭ ᠲᠥᠬᠦᠭᠡᠷᠦᠮᠵᠢ ᠶᠢᠨ ᠨᠥᠭᠡᠴᠡ ᠪᠠᠨ ᠴᠢᠩᠭᠠᠳᠬᠠᠵᠤ᠂ ᠵᠢᠭᠠᠨ ᠵᠢᠯᠣᠭᠤᠳᠤᠯᠭ᠎ᠠ᠂ ᠬᠦᠴᠦᠨ ᠴᠢᠳᠠᠯ᠂ ᠲᠣᠨᠤᠭ ᠲᠥᠬᠦᠭᠡᠷᠦᠮᠵᠢ ︽ | ᠭᠤᠷᠪᠠ ᠶᠢ ᠤᠷᠢᠳ ᠢᠶᠠᠷ ᠪᠠᠶᠢᠷᠢᠯᠠᠭᠤᠯᠬᠤ︾ ᠶᠢ ᠦᠨᠡᠨ ᠬᠦ ᠪᠠᠲᠤᠯᠠᠬᠤ ᠬᠡᠷᠡᠭᠲᠡᠢ᠃ ᠭᠠᠯ ᠲᠦᠢᠮᠡᠷ ᠤᠨ ᠠᠬᠤᠢ ᠲᠠᠯᠠᠪᠠᠢ ᠶᠢᠨ ᠵᠢᠯᠤᠭᠤᠳᠬᠤ ᠭᠠᠵᠠᠷ ᠤᠨ ᠬᠢᠨ | ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠭᠠᠯ ᠲᠦᠢᠮᠡᠷ ᠤᠨ ᠠᠬᠤᠢ ᠲᠠᠯᠠᠪᠠᠢ ᠳᠠᠬᠢ ᠬᠠᠮᠢᠶᠠᠷᠤᠯᠲᠠ ᠪᠠᠨ ᠴᠢᠩᠭᠠᠳᠬᠠᠨ᠂ ᠲᠤᠰᠬᠠᠢ | ᠮᠡᠷᠭᠡᠵᠢᠯ ᠤᠨ ᠵᠢᠯᠣᠭᠤᠳᠤᠯᠭ᠎ᠠ ᠪᠠᠨ ᠨᠠᠶᠢᠳᠠᠪᠤᠷᠢᠵᠢᠭᠤᠯᠵᠤ᠂ ᠬᠦᠨᠳᠦ ᠶᠡᠭᠡ ᠰᠡᠷᠭᠡᠭ ᠴᠢᠨᠠᠷᠲᠠᠢ ᠭᠠᠯ ᠲᠦᠢᠮᠡᠷ ᠤᠨ ᠭᠠᠮᠰᠢᠭ ᠢ ᠲᠡᠰ ᠳᠡᠪᠰᠢᠭᠦᠯᠦᠨ ᠠᠷᠭᠠᠴᠠᠭᠠᠬᠤ | ᠪᠠ ᠲᠡᠭᠦᠨ ᠳᠤ ᠰᠠᠨᠠᠭᠠᠴᠢᠯᠠᠭ᠎ᠠ ᠠᠴᠠ ᠪᠠᠨ ᠣᠷᠣᠯᠴᠠᠨ ᠬᠥᠳᠡᠯᠦᠯᠴᠡᠵᠦ᠂ ᠭᠠᠯ ᠲᠦᠢᠮᠡᠷ ᠤᠨ ᠰᠦᠷᠳᠡᠭᠦᠯᠭᠡ ᠳᠤ ᠤᠴᠠᠷᠠᠭᠰᠠᠨ ᠤᠯᠠᠨ ᠲᠦᠮᠡᠨ ᠢ ᠲᠡᠷᠡ | ᠳᠠᠷᠤᠢ ᠳᠤ ᠨᠢ ᠰᠢᠯᠵᠢᠭᠦᠯᠵᠦ᠂ ᠬᠥᠮᠥᠨ ᠬᠠᠷ᠎ᠠ ᠠᠳᠡᠵᠦ ᠰᠢᠷᠬᠠᠲᠤᠬᠤ ᠭᠡᠨᠡᠳᠡᠯ ᠭᠠᠷᠬᠤ ᠢ ᠡᠷᠡᠰ ᠬᠤᠷᠢᠭᠯᠠᠬᠤ ᠬᠡᠷᠡᠭᠲᠡᠢ᠃ | ᠵᠢᠷᠭᠤᠭ᠎ᠠ᠂ ᠮᠡᠳᠡᠭᠦᠯᠬᠦ ᠳᠦᠷᠢᠮ ᠢᠶᠠᠨ ᠴᠢᠩᠭᠠᠷᠠᠭᠤᠯᠤᠨ᠎ᠠ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠨᠢ ᠭᠠᠯ ᠲᠦᠢᠮᠡᠷ ᠤᠨ ᠪᠠᠶᠢᠳᠠᠯ ᠤᠨ ᠮᠡᠳᠡᠭᠡ | ᠵᠠᠩᠭᠢ ᠶᠢ ᠰᠢᠰᠲ᠋ᠧᠮᠵᠢᠭᠦᠯᠦᠨ ᠳᠡᠭᠡᠭᠰᠢ ᠮᠡᠳᠡᠭᠦᠯᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠭᠠᠯ ᠲᠦᠢᠮᠡᠷ ᠤᠨ ᠪᠠᠶᠢᠳᠠᠯ ᠢ ᠬᠠᠷᠭᠤᠭᠤᠯᠤᠨ ᠪᠠᠶᠢᠴᠠᠭᠠᠬᠤ ᠪᠠ | ᠡᠷᠲᠡ ᠠᠴᠠ ᠰᠢᠢᠳᠪᠦᠷᠢᠯᠡᠬᠦ ᠪᠠᠨ ᠴᠢᠩᠭᠠᠷᠠᠭᠤᠯᠤᠨ᠂ ᠵᠠᠰᠠᠭ ᠤᠨ ᠵᠠᠷᠯᠢᠭ ᠤᠨ ᠮᠡᠳᠡᠭᠡ ᠵᠠᠩᠭᠢ ᠶᠢᠨ ᠰᠠᠭᠠᠳ ᠦᠭᠡᠢ ᠨᠡᠪᠲᠡᠷᠡᠬᠦ ᠶᠢ ᠦᠨᠡᠨ ᠬᠦ ᠪᠠᠲᠤᠯᠠᠵᠤ᠂ ᠭᠠᠯ | ᠲᠦᠢᠮᠡᠷ ᠢᠯᠡᠷᠡᠪᠡᠯ ᠵᠠᠪᠠᠯ ᠮᠡᠳᠡᠭᠦᠯᠬᠦ᠂ ᠳᠠᠷᠤᠵᠤ ᠮᠡᠳᠡᠭᠦᠯᠬᠦ ᠶᠢ ᠵᠡᠷᠭᠡ ᠳᠤ ᠨᠢ ᠶᠠᠪᠤᠭᠤᠯᠬᠤ ᠶᠢ ᠬᠢᠵᠦ ᠴᠢᠳᠠᠭᠰᠠᠨ ᠪᠠᠶᠢᠬᠤ ᠬᠡᠷᠡᠭᠲᠡᠢ᠃ ᠪᠤᠰᠤᠳ ᠰᠠᠯᠠᠭ᠎ᠠ ᠮᠥᠴᠢᠷ | ᠨᠢᠭᠡᠴᠢ ᠪᠠ ᠬᠤᠪᠢ ᠬᠥᠮᠥᠨ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠤᠨ ᠪᠠᠶᠢᠳᠠᠯ ᠢ ᠣᠯᠵᠤ ᠮᠡᠳᠡᠪᠡᠯ ᠲᠡᠷᠡ ᠳᠠᠷᠤᠢ ᠳᠤ ᠨᠢ ︽12119︾ | ᠴᠠᠭᠳᠠᠭ᠎ᠠ ᠳᠤ ᠮᠡᠳᠡᠭᠦᠯᠬᠦ ᠤᠲᠠᠰᠤ ᠠᠪᠬᠤ ᠪᠤᠶᠤ ᠪᠤᠰᠤᠳ ᠠᠷᠭ᠎ᠠ ᠮᠠᠶ᠋ᠢᠭ ᠢᠶᠠᠷ ᠳᠠᠮᠵᠢᠭᠤᠯᠤᠨ ᠲᠤᠬᠠᠢ ᠶᠢᠨ ᠭᠠᠵᠠᠷ ᠤᠨ ᠣᠶ ᠰᠢᠭᠤᠢ ᠨᠤᠲᠤᠭ ᠪᠡᠯᠴᠢᠭᠡᠷ ᠤᠨ | ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠢ᠃ | ᠳᠣᠯᠤᠭ᠎ᠠ᠂ ᠤᠬᠠᠭᠤᠯᠭ᠎ᠠ ᠬᠥᠮᠦᠵᠢᠯ ᠢᠶᠠᠨ ᠴᠢᠩᠭᠠᠷᠠᠭᠤᠯᠤᠨ᠎ᠠ | ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠨᠢ ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ ᠰᠡᠳᠬᠦᠯ᠂ ᠲᠣᠣᠷ ᠰᠦᠯᠵᠢᠶ᠎ᠡ | ᠂ ᠰᠢᠨ᠎ᠡ ᠵᠠᠭᠤᠴᠢᠯᠠᠭᠤᠷ ᠵᠡᠷᠭᠡ ᠣᠯᠠᠨ ᠵᠦᠢᠯ ᠤᠨ ᠠᠷᠭ᠎ᠠ ᠵᠠᠮ ᠢ ᠭᠦᠢᠴᠡᠳ ᠠᠰᠢᠭᠯᠠᠨ᠂ ᠭᠠᠯ ᠲᠦᠢᠮᠡᠷ ᠰᠡᠷᠭᠡᠶᠢᠯᠡᠬᠦ ᠤᠬᠠᠭᠤᠯᠭ᠎ᠠ ᠶᠢᠨ ᠰᠠᠷ᠎ᠠ᠂ ᠭᠠᠯ ᠲᠦᠢᠮᠡᠷ | ᠰᠡᠷᠭᠡᠶᠢᠯᠡᠬᠦ ᠤᠬᠠᠭᠤᠯᠭ᠎ᠠ ᠶᠢ ︽ᠲᠠᠪᠤᠨ ᠭᠠᠵᠠᠷ ᠲᠤ ᠤᠷᠤᠭᠤᠯᠬᠤ︾ ᠵᠡᠷᠭᠡ ᠰᠢᠷᠢᠰ ᠤᠬᠠᠭᠤᠯᠭ᠎ᠠ ᠶᠢᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠭᠠᠯ | ᠲᠦᠢᠮᠡᠷ ᠰᠡᠷᠭᠡᠶᠢᠯᠡᠬᠦ ᠬᠠᠤᠯᠢ ᠴᠠᠭᠠᠵᠠ ᠬᠠᠤᠯᠢ ᠲᠣᠭᠲᠠᠭᠠᠯ᠂ ᠠᠮᠤᠷ ᠲᠦᠪᠰᠢᠨ ᠢᠶᠠᠷ ᠠᠶᠤᠯ ᠠᠴᠠ ᠵᠠᠶᠢᠯᠠᠬᠤ ᠮᠡᠳᠡᠯᠭᠡ ᠪᠠ ᠭᠠᠯ ᠲᠦᠢᠮᠡᠷ ᠤᠨ ᠭᠠᠮᠰᠢᠭ ᠤᠨ | ᠨᠡᠶᠢᠲᠡᠯᠢᠭ ᠬᠡᠷᠡᠭ ᠤᠨ ᠵᠢᠱᠢᠶ᠎ᠡ ᠶᠢ ᠭᠦᠨᠵᠡᠭᠡᠢ ᠲᠦᠭᠡᠮᠡᠯᠵᠢᠭᠦᠯᠦᠨ᠂ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠭᠠᠯ ᠲᠦᠢᠮᠡᠷ ᠰᠡᠷᠭᠡᠶᠢᠯᠡᠬᠦ | ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠭᠤᠯᠵᠤ᠂ ᠲᠣᠭᠲᠠᠭᠠᠯ ᠠᠴᠠ ᠵᠥᠷᠢᠴᠡᠨ ᠭᠠᠯ ᠬᠡᠷᠡᠭᠯᠡᠬᠦ ᠦᠢᠯᠡ ᠠᠵᠢᠯᠯᠠᠭ᠎ᠠ ᠶᠢ ᠢᠳᠡᠪᠬᠢᠲᠡᠢ ᠪᠠᠷ ᠢᠯᠡᠴᠢᠯᠡᠨ | ᠮᠡᠳᠡᠭᠦᠯᠵᠦ᠂ ᠪᠦᠬᠦ ᠨᠡᠶᠢᠭᠡᠮ ᠤᠨ ᠭᠠᠯ ᠲᠦᠢᠮᠡᠷ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠦᠨ᠂ ︽ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ | ᠰᠡᠷᠭᠡᠶᠢᠯᠡᠬᠦ ᠳᠤ ᠬᠥᠮᠥᠨ ᠪᠦᠬᠦᠨ ᠬᠠᠷᠢᠭᠤᠴᠠᠯᠭ᠎ᠠ ᠲᠠᠢ︾ ᠬᠡᠮᠡᠬᠦ ᠭᠦᠨ ᠵᠤᠵᠠᠭᠠᠨ ᠠᠭᠤᠷ ᠠᠮᠢᠰᠬᠤᠯ ᠢ ᠢᠳᠡᠪᠬᠢᠲᠡᠢ ᠪᠣᠶ ᠪᠣᠯᠭᠠᠬᠤ ᠬᠡᠷᠡᠭᠲᠡᠢ᠃ | ᠨᠠᠢᠮᠠ᠂ ᠰᠢᠮᠳᠠᠭᠤᠯᠤᠨ ᠵᠢᠯᠤᠭᠤᠳᠴᠤ ᠬᠠᠷᠢᠭᠤᠴᠠᠯᠭ᠎ᠠ ᠬᠡᠯᠡᠯᠴᠡᠬᠦ ᠪᠠᠨ ᠴᠢᠩᠭᠠᠷᠠᠭᠤᠯᠤᠨ᠎ᠠ | ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠤᠨ ᠭᠠᠮᠰᠢᠭ ᠤᠨ ᠭᠡᠮ ᠰᠣᠭᠤᠭ ᠢ ᠬᠥᠳᠡᠯᠦᠩᠭᠦᠢ ᠪᠠᠷ ᠠᠷᠢᠯᠭᠠᠬᠤ ᠪᠠ ᠲᠣᠭᠲᠠᠭᠠᠯ ᠠᠴᠠ ᠵᠥᠷᠢᠴᠡᠨ | ᠭᠠᠯ ᠬᠡᠷᠡᠭᠯᠡᠬᠦ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠲᠤᠰᠬᠠᠢ ᠠᠵᠢᠯᠯᠠᠭᠠᠨ ᠢ ᠪᠦᠬᠦ ᠲᠠᠯ᠎ᠠ ᠪᠠᠷ ᠥᠷᠨᠢᠭᠦᠯᠦᠨ᠂ ᠠᠰᠠᠭᠤᠳᠠᠯ ᠤᠨ ᠲᠣᠳᠣᠷᠬᠠᠢ | ᠬᠠᠭᠤᠳᠠᠰᠤ ᠶᠢ ᠪᠠᠶᠢᠭᠤᠯᠵᠤ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠤᠨ᠂ ᠴᠢᠬᠤᠯᠠ ᠶᠡᠭᠡ ᠠᠰᠠᠭᠤᠳᠠᠯ ᠤᠨ ᠭᠡᠮ | ᠰᠣᠭᠤᠭ ᠢ ᠨᠡᠷᠡᠯᠡᠨ ᠵᠢᠭᠠᠵᠤ ᠰᠢᠮᠳᠠᠭᠤᠯᠤᠨ ᠰᠢᠢᠳᠪᠦᠷᠢᠯᠡᠭᠦᠯᠵᠦ᠂ ᠮᠥᠷᠳᠡᠵᠦ ᠦᠷ᠎ᠡ ᠪᠦᠲᠦᠮᠵᠢ ᠶᠢ ᠨᠢ ᠲᠤᠯᠭᠠᠨ ᠠᠰᠠᠭᠤᠬᠤ ᠬᠡᠷᠡᠭᠲᠡᠢ᠃ ᠭᠠᠯ ᠲᠦᠢᠮᠡᠷ ᠤᠨ | ᠬᠡᠷᠡᠭ ᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠦᠨᠡᠨ ᠬᠦ ᠴᠢᠩᠭᠠᠷᠠᠭᠤᠯᠤᠨ᠂ ᠨᠡᠶᠢᠲᠡᠯᠢᠭ ᠬᠡᠷᠡᠭ ᠤᠨ ᠵᠢᠱᠢᠶ᠎ᠡ ᠶᠢ ᠢᠯᠡᠴᠢᠯᠡᠨ ᠢᠯᠡᠷᠡᠭᠦᠯᠵᠦ᠂ ᠨᠢᠭᠡ ᠬᠡᠷᠡᠭ | ᠶᠠᠪᠤᠳᠠᠯ ᠢ ᠪᠠᠶᠢᠴᠠᠭᠠᠨ ᠰᠢᠢᠳᠪᠦᠷᠢᠯᠡᠪᠡᠯ᠂ ᠨᠢᠭᠡ ᠲᠠᠯ᠎ᠠ ᠶᠢᠨ ᠬᠢᠨ ᠳᠤ ᠰᠦᠷ ᠦᠵᠡᠭᠦᠯᠵᠦ᠂ ᠨᠢᠭᠡ ᠪᠦᠯᠦᠭ ᠬᠥᠮᠥᠰ ᠢ ᠬᠥᠮᠥᠵᠢᠭᠦᠯᠬᠦ ᠦᠢᠯᠡᠳᠦᠯ ᠢᠶᠠᠨ | ᠪᠠᠳᠠᠷᠠᠭᠤᠯᠬᠤ ᠬᠡᠷᠡᠭᠲᠡᠢ᠃ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠭᠰᠠᠨ ᠦᠭᠡᠢ᠂ ᠠᠵᠢᠯ ᠤᠨ ᠠᠷᠭ᠎ᠠ ᠬᠡᠮᠵᠢᠶ᠎ᠡ ᠪᠠᠨ | ᠪᠣᠳᠠᠲᠠᠶᠢᠵᠢᠭᠤᠯᠤᠭᠰᠠᠨ ᠦᠭᠡᠢ᠂ ᠭᠡᠮ ᠰᠣᠭᠤᠭ ᠢ ᠵᠢᠭᠰᠠᠭᠠᠨ ᠪᠠᠶᠢᠴᠠᠭᠠᠭᠰᠠᠨ ᠨᠢ ᠲᠤᠭᠤᠰᠢ ᠦᠭᠡᠢ᠂ ᠴᠠᠭ ᠲᠤᠬᠠᠢ ᠳᠤ ᠨᠢ ᠭᠠᠯ ᠲᠦᠢᠮᠡᠷ ᠤᠨᠲᠠᠷᠠᠭᠠᠬᠤ ᠶᠢ | ᠵᠣᠬᠢᠶᠠᠨ ᠪᠠᠶᠢᠭᠤᠯᠤᠭᠰᠠᠨ ᠦᠭᠡᠢ ᠵᠡᠷᠭᠡ ᠠᠴᠠ ᠪᠣᠯᠵᠤ ᠣᠶ ᠰᠢᠭᠤᠢ ᠨᠤᠲᠤᠭ ᠪᠡᠯᠴᠢᠭᠡᠷ ᠤᠨ ᠬᠦᠨᠳᠦ ᠶᠡᠭᠡ ᠭᠠᠯ ᠲᠦᠢᠮᠡᠷ ᠤᠨ ᠭᠠᠮᠰᠢᠭ ᠪᠤᠶᠤ ᠬᠥᠮᠥᠨ ᠬᠠᠷ᠎ᠠ | ᠠᠳᠡᠵᠦ ᠰᠢᠷᠬᠠᠲᠤᠭᠰᠠᠨ ᠭᠡᠨᠡᠳᠡᠯ ᠭᠠᠷᠤᠭᠰᠠᠨ ᠪᠠᠶᠢᠪᠠᠯ᠂ ᠳᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ | ᠃ | 2025 ᠣᠨ ᠤ 2 ᠳ᠋ᠤᠭᠠᠷ ᠰᠠᠷ᠎ᠠ ᠶᠢᠨ 27 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | 2025 ᠣᠨ ᠤ 2 ᠳ᠋ᠤᠭᠠᠷ ᠰᠠᠷ᠎ᠠ ᠶᠢᠨ 28 ᠤ ᠡᠳᠦᠷ ᠳᠠᠷᠤᠮᠠᠯᠯᠠᠨ ᠲᠠᠷᠬᠠᠭᠠᠪᠠ | |