ᠮᠤᠨᠢ ᠠᠭᠤᠯᠠ ᠪᠣᠳᠠᠰ ᠤᠨ ᠪᠤᠰᠤ ᠰᠣᠶᠣᠯ ᠤᠨ ᠥᠪ ᠤᠨ ᠵᠢᠵᠢᠭ ᠪᠠᠯᠭᠠᠰᠤ ᠰᠤᠶᠤᠯ ᠵᠢᠭᠤᠯᠴᠢᠯᠠᠯ ᠢ ᠬᠦᠨᠵᠡᠬᠡᠢ ᠠᠭᠤᠰᠤᠯᠴᠠᠭᠤᠯᠵᠦ ᠪᠤᠢ
ᠨᠡᠶᠢᠲᠡᠯᠡᠭᠰᠡᠨ ᠴᠠᠭ᠄
2025/4/24
    ᠬᠦᠬᠡᠬᠤᠳᠠ ᠶᠢᠨ ᠮᠤᠨᠢ ᠠᠭᠤᠯᠠ ᠪᠣᠳᠠᠰ ᠤᠨ ᠪᠤᠰᠤ ᠰᠣᠶᠣᠯ ᠤᠨ ᠥᠪ ᠤᠨ ᠵᠢᠵᠢᠭ ᠪᠠᠯᠭᠠᠰᠤ ᠰᠣᠶᠣᠯ ᠵᠢᠭᠤᠯᠴᠢᠯᠠᠯ ᠤᠨ ᠠᠭᠤᠰᠤᠯᠴᠠᠯ ᠢ ᠦᠷᠭᠦᠯᠵᠢᠯᠡᠨ ᠭᠦᠨᠵᠡᠭᠡᠢᠷᠡᠭᠦᠯᠵᠦ᠂ ᠤᠷᠴᠢᠮᠬᠠᠨ ᠬᠦᠬᠡᠬᠤᠳᠠ ᠳᠤ ᠵᠢᠭᠤᠯᠴᠢᠯᠠᠯ ᠤᠨ ᠲᠠᠨᠢᠯᠴᠠᠭᠤᠯᠭ᠎ᠠ ᠶᠢᠨ ᠬᠤᠷᠠᠯ ᠬᠢᠵᠤ᠂ ᠲᠤᠬᠠᠶ ᠶᠢᠨ ᠲᠠᠯᠠᠪᠠᠶ ᠳᠤ 100 ᠭᠠᠷᠤᠶ ᠨᠢᠭᠡᠴᠢ ᠲᠠᠢ ᠬᠠᠮᠲᠤᠷᠠᠨ ᠠᠵᠢᠯᠯᠠᠬᠤ ᠭᠡᠷ᠎ᠡ ᠲᠣᠭ᠍ᠲᠠᠵᠠᠢ᠃ ᠡᠨᠡ ᠪᠤᠯ ᠪᠦᠬᠦ ᠤᠷᠤᠨ ᠤ ᠠᠩᠬᠠᠳᠠᠭᠴᠢ ᠠᠷᠠᠳ ᠠᠴᠠ ᠡᠵᠡᠩᠨᠡᠭ᠌ᠰᠡᠨ ᠠᠵᠤ ᠠᠬᠤᠢᠯᠠᠯ ᠤᠨ᠋ ᠰᠤᠶᠤᠯ ᠵᠢᠭᠤᠯᠴᠢᠯᠠᠯ ᠤᠨ ᠲᠠᠨᠢᠯᠴᠠᠭᠤᠯᠭ᠎ᠠ ᠶᠢᠨ ᠬᠤᠷᠠᠯ ᠪᠤᠯᠤᠨ᠎ᠠ᠃ ᠳᠠᠯᠠᠨ ᠬᠠᠷ᠎ᠠ ᠠᠭᠤᠯᠠ ᠶᠢᠨ ᠡᠮᠤᠨ᠎ᠠ ᠬᠤᠷᠮᠣᠶ ᠳᠤ ᠪᠠᠢᠷᠢᠯᠠᠵᠤ ᠪᠠᠢᠭ᠎ᠠ ᠮᠤᠨᠢ ᠠᠭᠤᠯᠠ ᠪᠣᠳᠠᠰ ᠤᠨ ᠪᠤᠰᠤ ᠰᠣᠶᠣᠯ ᠤᠨ ᠥᠪ ᠤᠨ ᠵᠢᠵᠢᠭ ᠪᠠᠯᠭᠠᠰᠤ 7 ᠵᠢᠯ ᠤᠨ ᠬᠦᠭᠵᠢᠯᠳᠡ  ᠪᠠᠷ ᠳᠠᠮᠵᠢᠨ ᠪᠥᠬᠦ ᠤᠯᠤᠰ ᠤᠨ ᠠᠩᠬᠠᠳᠡᠭᠴᠢ ᠪᠣᠳᠠᠰ ᠤᠨ ᠪᠤᠰᠤ ᠰᠣᠶᠣᠯ ᠤᠨ ᠥᠪ ᠤᠨ ᠵᠠᠳᠠᠭᠠᠶ ᠮᠦᠽᠧᠶ ᠶᠢ ᠪᠠᠢᠭᠤᠯᠤᠭᠰᠠᠨ ᠪᠦᠬᠡᠳ ︽ᠡᠯᠢᠬᠡᠨ ᠨᠤᠲᠤᠭ ᠦᠪᠦᠷ ᠮᠤᠩᠭᠤᠯ︾ ᠭᠡᠬᠦ ᠲᠣᠮᠣ ᠬᠡᠯᠪᠡᠷᠢ ᠶᠢᠨ ᠪᠣᠳᠠᠲᠤ ᠦᠵᠡᠭ᠌ᠳᠡᠯᠲᠦ ᠵᠦᠴᠦᠭᠡ ᠶᠢ ᠵᠤᠬᠢᠶᠠᠨ ᠪᠦᠳᠦᠭᠡᠪᠡ᠃ ᠲᠣᠰ ᠵᠦᠴᠦᠭᠡ ᠨᠢ ᠥᠪᠡᠷᠲᠡᠭᠡᠨ ᠵᠠᠰᠠᠬᠤ ᠣᠷᠣᠨ᠋ ᠤ᠊ ᠵᠢᠭᠤᠯᠴᠢᠯᠠᠯ ᠤᠨ ᠰᠣᠳᠣᠨ ᠪᠦᠲᠦᠭᠡᠯ ᠢ ᠲᠡᠳᠬᠦᠨ ᠳᠡᠮᠵᠢᠬᠦ ᠲᠥᠷᠥᠯ ᠵᠦᠶ᠋ᠯ ᠳᠤ ᠰᠣᠩᠭᠤᠭ᠍ᠳᠠᠨ ᠣᠷᠣᠵᠤ᠂ 100 ᠭᠠᠷᠤᠶ ᠲᠠᠯᠠᠪᠠᠶ ᠲᠤᠭᠯᠠᠨ᠂ ᠲᠠᠯ᠎ᠠ ᠨᠤᠲᠤᠭ ᠤᠨ ᠰᠣᠶᠣᠯ ᠤᠨ ᠣᠬᠢ ᠰᠣᠳᠣ ᠶᠢ ᠳᠡᠯᠭᠡᠨ ᠦᠵᠡᠭᠦᠯᠵᠦ᠂ ᠨᠡᠢᠭᠡᠮ ᠤᠨ ᠡᠯ᠎ᠡ ᠡᠲᠡᠭᠡᠳ ᠤᠨ ᠥᠷᠭᠡᠨ ᠳᠡᠯᠭᠡᠷ ᠮᠠᠭᠳᠠᠭᠠᠯ ᠰᠠᠢᠰᠢᠶᠠᠯ ᠢ ᠣᠯᠵᠠᠢ᠃ ᠤᠳᠤ ᠮᠤᠨᠢ ᠠᠭᠤᠯᠠ ᠪᠣᠳᠠᠰ ᠤᠨ ᠪᠤᠰᠤ ᠰᠣᠶᠣᠯ ᠤᠨ ᠥᠪ ᠤᠨ ᠵᠢᠵᠢᠭ ᠪᠠᠯᠭᠠᠰᠤ ᠨᠢ ᠬᠦᠬᠡᠬᠤᠳ᠋᠊ ᠠ ᠶᠢᠨ ︽ᠨᠢᠭᠡ ᠬᠤᠩᠭᠢᠯ᠂ ᠬᠤᠶᠠᠷ ᠲᠡᠩᠭᠡᠯᠢᠭ᠂ ᠲᠠᠪᠤᠨ ᠪᠦᠰᠡ︾ ᠶᠢᠨ ᠰᠣᠶᠣᠯ ᠵᠢᠭᠤᠯᠴᠢᠯᠠᠯ ᠤᠨ ᠪᠠᠢᠯᠳᠤᠬᠤ ᠪᠣᠳᠣᠯᠭ᠎ᠠ ᠶᠢᠨ ᠬᠥᠭ᠌ᠵᠢᠯᠲᠡ ᠶᠢᠨ ᠴᠢᠬᠤᠯᠠ ᠪᠦᠷᠢᠯᠳᠦᠬᠦᠨ ᠬᠡᠰᠡᠭ ᠪᠣᠯᠤᠭ᠍ᠰᠠᠨ ᠤᠮᠠᠷᠠᠲᠤ ᠬᠢᠯᠢ ᠶᠢᠨ ᠰᠣᠶᠣᠯ ᠤᠨ ᠭᠠᠢᠬᠠᠮᠰᠢᠭ ᠢ ᠢᠯᠡᠷᠡᠭᠦᠯᠬᠦ ᠣᠨᠴᠠᠯᠢᠭ᠍ᠲᠦ ᠰᠣᠶᠣᠯ ᠵᠢᠭᠤᠯᠴᠢᠯᠠᠯ ᠤᠨ ᠪᠡᠯᠭᠡ ᠳᠡᠮᠳᠡᠭ ᠪᠣᠯᠤᠭᠰᠠᠨ ᠪᠠᠢᠨ᠎ᠠ᠃     ᠣᠢᠷ᠎ᠠ ᠶᠢᠨ ᠵᠢᠯ ᠳᠤ ᠮᠤᠨᠢ ᠠᠭᠤᠯᠠ ᠪᠣᠳᠠᠰ ᠤᠨ ᠪᠤᠰᠤ ᠰᠣᠶᠣᠯ ᠤᠨ ᠥᠪ ᠤᠨ ᠵᠢᠵᠢᠭ ᠪᠠᠯᠭᠠᠰᠤ ᠰᠣᠶᠣᠯ ᠵᠢᠭᠤᠯᠴᠢᠯᠠᠯ ᠤᠨ ᠠᠭᠤᠰᠤᠯᠴᠠᠯ ᠢ ᠲᠠᠰᠤᠷᠠᠯᠳᠠ ᠦᠬᠡᠢ ᠠᠬᠢᠭᠤᠯᠤᠨ᠂ ᠬᠥᠬᠡᠬᠤᠲᠠ ᠶᠢᠨ ᠰᠣᠶᠣᠯ ᠵᠢᠭᠤᠯᠴᠢᠯᠠᠯ ᠤᠨ ᠠᠵᠤ ᠦᠶ᠋ᠯᠡᠰ ᠤᠨ ᠪᠦᠬᠦᠯᠢ ᠴᠣᠭ᠍ᠴᠠ ᠶᠢᠨ ᠪᠠᠢᠷᠢᠱᠢᠭᠤᠯᠤᠯᠲᠠ ᠲᠤᠤᠷ᠎ᠠ ᠰᠣᠶᠣᠯ ᠤᠨ ᠠᠭᠤᠯᠭ᠎ᠠ ᠶᠢ ᠴᠢᠨᠠᠷᠵᠢᠭᠤᠯᠬᠤ ᠪᠠ ᠦᠶ᠋ᠯᠡᠴᠢᠯᠡᠭᠡ ᠶᠢ ᠲᠠᠰ ᠳᠡᠪᠱᠢᠭᠦᠯᠬᠦ ᠪᠠᠷ ᠴᠦᠬᠦᠷᠡᠰᠢ ᠦᠬᠡᠢ ᠴᠢᠷᠮᠠᠢᠵᠤ᠂ ︽ᠵᠢᠭᠤᠯᠴᠢᠯᠠᠯ + ᠰᠤᠳᠤᠯᠤᠨ ᠰᠤᠷᠤᠯᠴᠠᠬᠤ︾ ᠪᠡᠶᠡᠴᠢ ᠣᠢᠯᠠᠭᠠᠯᠲᠠ ᠶᠢᠨ ᠲᠥᠷᠥᠯ ᠵᠦᠶ᠋ᠯ ᠢ ᠭᠤᠤᠯᠳᠠᠯᠭ᠎ᠠ ᠲᠠᠢ ᠨᠡᠭᠡᠭᠡᠨ ᠬᠥᠭ᠌ᠵᠢᠭᠦᠯᠵᠦ᠂ ᠰᠣᠶᠣᠯ ᠤᠨ ᠨᠢᠭᠤᠴᠠ ᠶᠢ ᠬᠠᠢᠬᠤ᠂ ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ ᠮᠡᠷᠭᠡᠵᠢᠯ ᠢ ᠤᠯᠠᠮᠵᠢᠯᠠᠨ ᠵᠠᠯᠭᠠᠮᠵᠢᠯᠠᠬᠤ ᠵᠡᠷᠭᠡ ᠣᠨᠴᠠᠯᠢᠭ᠍ᠲᠦ ᠠᠭᠤᠯᠭ᠎ᠠ ᠶᠢ ᠱᠢᠰᠲ᠋ᠧᠮ ᠲᠠᠢ ᠡᠮᠬᠢᠯᠡᠨ ᠨᠡᠢᠳᠭᠡᠵᠦ᠂ ᠣᠷᠣᠨ ᠨᠤᠲᠤᠭ ᠤᠨ ᠣᠨᠴᠠᠯᠢᠭ ᠢ ᠪᠠᠷᠢᠮᠲᠠᠯᠠᠨ᠂ ᠤᠯᠠᠮᠵᠢᠯᠠᠯᠲᠤ ᠰᠣᠶᠣᠯ ᠢ ᠭᠦᠨᠵᠡᠭᠡᠶ ᠠᠭᠤᠳᠠᠯᠵᠤ᠂ ᠦᠨᠳᠦᠰᠦᠲᠡᠨ᠋ ᠦ᠊ ᠪᠦᠯᠬᠦᠮᠳᠡᠯ ᠲᠠᠪᠰᠢᠯᠳᠠ ᠶᠢ ᠳᠡᠯᠭᠡᠨ ᠦᠵᠡᠭᠦᠯᠵᠦ᠂ ᠠᠯᠬᠤᠮ ᠠᠯᠬᠤᠮ ᠢᠶᠠᠷ ᠬᠡᠯᠪᠡᠷᠢ  ᠪᠠᠨ ᠬᠤᠪᠢᠷᠠᠭᠤᠯᠤᠭᠰᠠᠨ ᠠᠴᠠ ᠨᠢᠬᠡᠨᠳᠡ ᠰᠣᠶᠣᠯ ᠵᠢᠭᠤᠯᠴᠢᠯᠠᠯ ᠤᠨ ᠨᠡᠷᠡᠳᠦ ᠦᠵᠡᠮᠵᠢ ᠶᠢᠨ ᠣᠷᠣᠨ ᠪᠣᠯᠵᠠᠢ᠃ 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ