| ᠥᠪᠥᠷ ᠮᠣᠩᠭᠤᠯ ᠭᠤᠶᠤ ᠠ᠋︕ ᠭᠡᠵᠦ ᠵᠤᠭᠠᠯᠠᠵᠤ ᠲᠣᠭᠤᠷᠢᠬᠤ ᠪᠠᠷ ᠢᠷᠡᠭᠰᠡᠳ ᠲᠠᠩᠨᠠᠢ ᠱᠠᠭᠰᠢᠨ ᠮᠠᠭᠲᠠᠳᠠᠭ᠃ ᠲᠡᠭᠡᠪᠠᠯ ᠭᠤᠶᠤ ᠨᠢ ᠬᠠᠮᠢᠭ᠎ᠠ ᠪᠠᠨ | ᠪᠠᠶᠢᠳᠠᠭ ᠪᠤᠢ︖ ᠪᠠᠷᠤᠭ ᠮᠣᠳᠣ ᠲᠠᠢ ᠳᠠᠭᠠᠨ ᠪᠠᠶᠢᠬᠤᠪ ᠭᠡᠵᠦ ᠪᠢ ᠪᠤᠳᠤᠳᠠᠭ᠃ ᠮᠣᠳᠣ ᠭᠡᠵᠦ ᠤᠡᠭᠭᠤᠨ ᠪᠠᠶᠢᠭᠠᠯᠢ ᠶᠢ ᠭᠤᠶᠣᠯᠠᠵᠤ᠂ ᠣᠷᠴᠢᠯᠠᠩ ᠤᠨ ᠬᠥᠮᠥᠨ | ᠠᠮᠢᠳᠠᠨ ᠳᠤ ᠠᠴᠢ ᠲᠤᠰᠠ ᠬᠦᠷᠭᠡᠳᠡᠭ ᠵᠠᠩ ᠠᠷᠠᠨᠰᠢᠨ ᠲᠠᠢ ᠪᠠᠶᠢᠳᠠᠭ ᠢᠶᠠᠷ ᠢᠶᠠᠨ ᠤᠰᠤ ᠶᠢ ᠬᠠᠳᠠᠭᠠᠯᠠᠬᠤ᠂ ᠠᠭᠠᠷ ᠮᠠᠨᠳᠠᠯ ᠢ ᠴᠡᠪᠡᠷᠰᠢᠭᠦᠯᠬᠦ᠂ ᠠᠭᠤᠷ ᠠᠮᠢᠰᠬᠤᠯ ᠢ | ᠵᠣᠬᠢᠴᠠᠭᠤᠯᠬᠤ ᠵᠡᠷᠭᠡ ᠤᠯᠠᠨ ᠲᠠᠯ᠎ᠠ ᠶᠢᠨ ᠦᠢᠯᠡᠳᠦᠯ ᠲᠠᠢ ᠮᠥᠷᠲᠡᠭᠡᠨ ᠠᠮᠢ ᠠᠬᠤᠢ ᠶᠢᠨ ᠰᠠᠶᠢᠵᠢᠷᠠᠯᠲᠠ ᠵᠢᠴᠢ ᠠᠵᠤ ᠠᠬᠤᠢ ᠨᠡᠶᠢᠭᠡᠮ ᠤᠨ ᠬᠥᠭᠵᠢᠯᠲᠡ ᠶᠢ | ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠵᠦ ᠪᠠᠶᠢᠳᠠᠭ᠃ ᠲᠡᠭᠡᠭᠦᠯᠠᠷ ᠵᠢᠯ ᠪᠦᠷᠢ ᠶᠢᠨ ᠤᠷᠢᠬᠠᠨ ᠬᠠᠪᠤᠷ ᠰᠠᠭᠠᠲᠠᠬᠤ ᠪᠠᠷ ᠥᠪᠥᠷ ᠮᠣᠩᠭᠤᠯ ᠤᠨ ᠡᠯ᠎ᠡ | ᠭᠠᠵᠠᠷ ᠲᠤ ᠮᠣᠳᠣ ᠲᠠᠷᠢᠵᠤ ᠨᠣᠭᠤᠭᠠᠷᠠᠭᠤᠯᠬᠤ ᠠᠵᠢᠯ ᠢᠳᠡ ᠭᠦᠭ ᠲᠠᠢ ᠥᠷᠨᠢᠳᠡᠭ᠃ ᠪᠦᠷᠢᠳᠬᠡᠯ ᠢ ᠦᠨᠳᠦᠰᠦᠯᠡᠪᠡᠯ᠂ 2024 ᠣᠨ ᠤ 12 ᠰᠠᠷ᠎ᠠ ᠶᠢᠨ | ᠰᠡᠭᠦᠯᠴᠢ ᠪᠤᠯᠳᠠᠯ᠎ᠠ᠂ ᠥᠪᠥᠷ ᠮᠣᠩᠭᠤᠯ ᠤᠨ ᠤᠢ ᠰᠢᠭᠤᠢ ᠶᠢᠨ ᠲᠠᠯᠠᠪᠠᠢ 3.57 ᠳ᠋ᠦᠡᠭᠰᠢᠭᠤᠷ ᠮᠦ ᠳᠤ ᠬᠦᠷᠴᠦ᠂ ᠪᠦᠭᠦ ᠤᠯᠤᠰ ᠲᠤ ᠲᠦᠷᠦᠭᠦᠯᠦᠭᠰᠡᠨ ᠪᠠᠶᠢᠨ᠎ᠠ᠃ | | ᠥᠪᠥᠷ ᠮᠣᠩᠭᠤᠯ ᠡᠬᠡ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠪᠣᠯᠬᠤᠷ ᠥᠪᠥᠷ ᠮᠣᠩᠭᠤᠯ ᠤᠨ ᠠᠮᠢ | ᠠᠬᠤᠢ ᠶᠠᠮᠠᠷᠰᠢᠤ ᠪᠠᠶᠢᠬᠤ ᠨᠢ ᠪᠦᠭᠦ ᠣᠷᠣᠨ ᠤ ᠦᠨᠳᠦᠰᠦᠲᠡᠨ ᠨᠦᠭᠦᠳ ᠤᠨ ᠤᠯᠠᠨ ᠲᠦᠮᠡᠨ ᠤ ᠣᠷᠣᠰᠢᠯ ᠲᠣᠭᠲᠠᠨᠢᠯ ᠪᠠ ᠬᠥᠭᠵᠢᠯᠲᠡ ᠲᠠᠢ ᠬᠤᠯᠪᠣᠭᠳᠠᠬᠤ ᠪᠠᠷ | ᠪᠠᠷᠠᠬᠤ ᠦᠭᠡᠢ ᠤᠮᠠᠷᠠᠲᠤ ᠣᠷᠣᠨ᠂ ᠵᠡᠭᠦᠨ ᠬᠤᠶᠢᠲᠤ ᠣᠷᠣᠨ᠂ ᠪᠠᠷᠠᠭᠤᠨ ᠬᠤᠶᠢᠲᠤ ᠣᠷᠣᠨ ᠲᠡᠷᠡᠴᠢᠯᠡᠨ ᠪᠦᠭᠦ ᠤᠯᠤᠰ ᠤᠨ ᠠᠮᠢ ᠠᠬᠤᠢ ᠶᠢᠨ ᠠᠮᠤᠷ | ᠲᠦᠪᠰᠢᠨ ᠲᠠᠢ ᠬᠤᠯᠪᠣᠭᠳᠠᠵᠤ ᠪᠠᠶᠢᠳᠠᠭ ᠲᠤᠯᠠ ᠦᠶ᠎ᠡ ᠶᠢᠨ ᠦᠶ᠎ᠡ ᠶᠢᠨ ᠬᠥᠮᠥᠰ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠮᠣᠳᠣ ᠲᠠᠷᠢᠵᠤ | ᠨᠣᠭᠤᠭᠠᠷᠠᠭᠤᠯᠤᠨ᠂ ᠠᠮᠢ ᠠᠬᠤᠢ ᠣᠷᠴᠢᠨ ᠲᠣᠭᠤᠷᠢᠨ ᠢᠶᠠᠨ ᠡᠷᠡᠰ ᠬᠠᠮᠠᠭᠠᠯᠠᠵᠤ ᠢᠷᠠᠪᠠ᠃ ᠨᠡᠩ ᠢᠯᠠᠩᠭᠤᠶ᠎ᠠ ᠣᠶᠢᠷ᠎ᠠ ᠶᠢᠨ ᠵᠢᠯ ᠠᠴᠠ ᠨᠠᠭᠠᠰᠢ᠂ ᠥᠪᠥᠷ | ᠮᠣᠩᠭᠤᠯ ᠠᠮᠢ ᠠᠬᠤᠢ ᠶᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ ᠶᠢ ᠴᠢᠩᠭ᠎ᠠ ᠠᠳᠬᠤᠨ᠂ ᠣᠶᠢᠵᠢᠭᠤᠯᠤᠯᠲᠠ ᠨᠣᠭᠤᠭᠠᠷᠠᠭᠤᠯᠤᠯᠲᠠ ᠶᠢᠨ ᠡᠷᠴᠢᠮ ᠢᠶᠠᠨ | ᠲᠠᠰᠤᠷᠠᠯᠳᠠ ᠦᠭᠡᠢ ᠴᠢᠩᠭᠠᠷᠠᠭᠤᠯᠵᠤ᠂ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠡᠢ᠃ ᠵᠦᠪᠭᠡᠨ 2024 ᠣᠨ ᠳᠤ ᠪᠦᠭᠦ | ᠣᠷᠣᠨ ᠤ 833.2 ᠲᠦᠮᠡᠨ ᠬᠥᠮᠥᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠤᠷᠤᠯᠴᠠᠵᠤ᠂ ᠡᠯ᠎ᠡ ᠵᠦᠢᠯ ᠤᠨ ᠠᠷᠭ᠎ᠠ ᠭᠡᠯᠪᠠᠷᠢ ᠪᠠᠷ ᠲᠠᠮᠵᠢᠨ | ᠨᠠᠶᠢᠳᠠ 4319.29 ᠲᠦᠮᠡᠨ ᠰᠠᠭᠤᠷᠢ ᠮᠣᠳᠣ ᠲᠠᠷᠢᠵᠤ᠂ ᠡᠬᠡ ᠤᠯᠤᠰ ᠤᠨ ᠤᠮᠠᠷᠠᠲᠤ ᠶᠢᠨ ᠲᠦᠮᠡᠨ ᠭᠠᠵᠠᠷ ᠤᠨ ᠨᠣᠮᠢᠨ ᠨᠣᠭᠤᠭᠠᠨ ᠤᠷᠳᠤ ᠴᠠᠭᠠᠨ ᠬᠡᠷᠡᠮ ᠢ | ᠪᠠᠲᠤ ᠴᠣᠭᠴᠠᠯᠠᠬᠤ ᠳᠤ ᠠᠬᠢᠭᠤᠯᠬᠤ ᠦᠢᠯᠡᠳᠦᠯ ᠦᠵᠡᠭᠦᠯᠪᠡ᠃ ᠡᠨᠡ ᠪᠣᠯ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠡᠷᠴᠢ | ᠬᠦᠴᠦᠨ᠂ ᠠᠭᠤᠯᠠ ᠲᠠᠯ᠎ᠠ ᠪᠠᠨ ᠨᠣᠭᠤᠭᠠᠷᠠᠭᠤᠯᠵᠤ᠂ ᠠᠮᠢ ᠠᠬᠤᠢ ᠪᠠᠨ ᠬᠠᠮᠠᠭᠠᠯᠠᠬᠤ ᠭᠡᠰᠡᠨ ᠡᠷᠡᠰ ᠬᠠᠲᠠᠭᠤ ᠵᠣᠷᠢᠭ ᠰᠠᠨᠠᠭ᠎ᠠ ᠪᠤᠯᠬᠤ ᠨᠢ ᠢᠯᠡᠭᠡᠨ᠃ | ᠮᠣᠳᠣ ᠲᠠᠷᠢᠵᠤ ᠨᠣᠭᠤᠭᠠᠷᠠᠭᠤᠯᠬᠤ ᠨᠢ ᠨᠢᠭᠡ ᠬᠤᠭᠤᠴᠠᠭᠠᠨ ᠤ ᠠᠵᠢᠯ ᠪᠠᠶᠢᠬᠤ ᠳᠤ ᠬᠠᠮᠠᠭᠠᠯᠠᠵᠤ ᠰᠠᠬᠢᠬᠤ ᠨᠢ ᠥᠨᠢᠳᠡ ᠶᠢᠨ ᠠᠵᠢᠯ ᠪᠤᠯᠬᠤ ᠶᠤᠮ᠃ ᠮᠣᠳᠣ | ᠲᠠᠷᠢᠬᠤ ᠳᠠᠭᠠᠨ ᠵᠦᠪᠭᠡᠨ ᠲᠤᠭ᠎ᠠ ᠬᠡᠮᠵᠢᠶ᠎ᠡ ᠶᠢ ᠬᠥᠭᠡᠭᠡᠴᠡᠯᠳᠦᠵᠦ ᠪᠤᠯᠬᠤ ᠦᠭᠡᠢ ᠬᠠᠷᠢᠨ ᠲᠤᠭ᠎ᠠ ᠬᠡᠮᠵᠢᠶ᠎ᠡ ᠪᠣᠯᠣᠨ ᠶᠠᠰᠤ ᠴᠢᠨᠠᠷ ᠢ ᠵᠡᠷᠭᠡ ᠪᠠᠷ ᠴᠢᠬᠤᠯᠠᠴᠢᠯᠠᠵᠤ᠂ | ᠳᠠᠷᠢᠭᠰᠠᠨ ᠮᠣᠳᠣ ᠪᠠᠨ ᠬᠠᠮᠢᠶᠠᠷᠴᠤ ᠬᠠᠮᠠᠭᠠᠯᠠᠬᠤ ᠠᠵᠢᠯ ᠢ ᠴᠢᠩᠭ᠎ᠠ ᠠᠳᠬᠤᠪᠠᠯ ᠵᠣᠬᠢᠨ᠎ᠠ᠃ ᠨᠣᠭᠤᠭᠠᠷᠠᠭᠤᠯᠤᠯᠲᠠ ᠶᠢ ᠬᠠᠮᠠᠭᠠᠯᠠᠬᠤ ᠠᠷᠭ᠎ᠠ ᠬᠡᠮᠵᠢᠶ᠎ᠡ ᠶᠢ | ᠲᠣᠭᠲᠠᠭᠠᠨ ᠬᠡᠷᠡᠭᠵᠢᠭᠦᠯᠵᠦ᠂ ᠲᠡᠷᠡᠴᠢᠯᠡᠨ ᠪᠦᠭᠦ ᠠᠷᠠᠳ ᠢᠶᠠᠷ ᠢᠶᠠᠨ ᠮᠣᠳᠣ ᠲᠠᠷᠢᠵᠤ ᠨᠣᠭᠤᠭᠠᠷᠠᠭᠤᠯᠬᠤ ᠠᠵᠢᠯ ᠳᠤ ᠢᠳᠡᠪᠬᠢᠲᠡᠢ ᠣᠷᠣᠯᠴᠠᠨ᠂ ᠪᠠᠶᠢᠭᠠᠯᠢ | ᠠᠬᠤᠢ ᠪᠠᠨ ᠬᠠᠶᠢᠷᠠᠯᠠᠨ ᠬᠠᠮᠠᠭᠠᠯᠠᠵᠤ᠂ ᠨᠣᠮᠢᠨ ᠤᠰᠤ ᠬᠥᠬᠡᠮᠳᠦᠭ ᠠᠭᠤᠯᠠ ᠪᠣᠯ ᠠᠯᠳᠠᠨ ᠮᠥᠩᠭᠦᠨ ᠠᠭᠤᠯᠠ ᠬᠠᠶᠢᠷᠬᠠᠨ ᠮᠥᠨ ᠭᠡᠬᠦ ᠣᠶᠢᠯᠠᠭᠠᠭᠳᠠᠬᠤᠨ ᠢ ᠭᠦᠨ | ᠤᠬᠠᠵᠤ᠂ ᠴᠢᠩᠭ᠎ᠠ ᠦᠢᠯᠡᠳᠦᠯᠭᠡᠵᠢᠭᠦᠯᠳᠡᠭ ᠯᠡ ᠶᠤᠮ ᠪᠣᠯ ᠲᠠ ᠪᠢᠳᠠᠨ ᠤ ᠬᠠᠮᠲᠤ ᠶᠢᠨ ᠭᠡᠷ ᠣᠷᠣᠨ ᠨᠠᠩ ᠦᠵᠡᠰᠬᠦᠯᠡᠩᠲᠦ ᠰᠠᠶᠢᠬᠠᠨ ᠪᠤᠯᠬᠤ ᠨᠢ ᠳᠠᠮᠵᠢᠭ ᠦᠭᠡᠢ | ᠶᠤᠮ᠃ | |