| ᠬᠠᠭᠤᠴᠢᠨ ᠪᠠᠷᠭᠤ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠨᠢ ᠬᠥᠳᠡᠯᠮᠦᠷᠢ ᠶᠢᠨ | ᠬᠠᠷᠢᠴᠠᠭ᠎ᠠ ᠶᠢ ᠡᠶ᠎ᠡ ᠵᠣᠬᠢᠴᠠᠯ ᠲᠠᠢ ᠪᠥᠭᠡᠳ ᠲᠣᠭᠲᠠᠭᠤᠨ ᠪᠠᠢᠯᠭᠠᠬᠤ᠂ ᠬᠥᠮᠦᠨ ᠬᠡᠷᠡᠭᠯᠡᠬᠦ ᠨᠢᠭᠡᠴᠢ ᠶᠢᠨ ᠬᠥᠳᠡᠯᠮᠦᠷᠢ ᠬᠦᠴᠦ ᠬᠡᠷᠡᠭᠯᠡᠬᠦ ᠠᠵᠢᠯᠯᠠᠭ᠎ᠠ ᠶᠢ | ᠵᠢᠷᠤᠮᠵᠢᠭᠤᠯᠬᠤ ᠶᠢᠨ ᠲᠥᠯᠥᠭᠡ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠤᠨ ᠬᠦᠴᠦ ᠶᠠᠪᠤᠭᠰᠠᠳ ᠤᠨ ᠬᠠᠤᠯᠢ ᠶᠣᠰᠣᠨ ᠤ ᠡᠷᠬᠡ ᠠᠰᠢᠭ ᠪᠠ ᠨᠡᠶᠢᠭᠡᠮ ᠤᠨ | ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠦᠨᠡᠨᠬᠦ ᠬᠠᠮᠠᠭᠠᠯᠠᠨ᠎ᠠ᠃ | ᠬᠦᠨᠳᠦ ᠶᠡᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠨᠡᠶᠢᠲᠡᠯᠢᠭ ᠬᠡᠷᠡᠭ ᠤᠨ ᠵᠢᠱᠢᠶ᠎ᠡ ᠪᠠ ᠬᠥᠯᠥᠰᠥᠨ ᠠᠵᠢᠯᠴᠢᠨ ᠤ ᠴᠠᠯᠢᠩ ᠢ ᠥᠷᠢᠲᠦᠵᠦ | ᠢᠲᠡᠭᠡᠮᠵᠢ ᠠᠯᠳᠠᠭᠰᠠᠳ ᠢ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠡᠲᠡᠭᠡᠳ ᠤᠨ ᠨᠡᠷᠡᠰ ᠢ ᠬᠠᠤᠯᠢ ᠲᠣᠭᠲᠠᠭᠠᠯ ᠶᠣᠰᠣᠭᠠᠷ ᠴᠠᠭ ᠲᠤᠬᠠᠶ ᠳᠤᠨᠢ ᠨᠡᠶᠢᠲᠡᠯᠡᠵᠦ᠂ | ᠢᠲᠡᠭᠡᠯ ᠠᠯᠳᠠᠭᠰᠠᠳ ᠢ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠨᠡᠷᠡᠰ ᠤᠨ ᠬᠠᠮᠢᠶᠠᠷᠤᠯᠲᠠ ᠶᠢ ᠵᠢᠷᠤᠮᠵᠢᠭᠤᠯᠤᠨ᠎ᠠ᠃ ᠬᠦᠨᠳᠦ ᠨᠣᠴᠢᠲᠠᠶ ᠢᠲᠡᠭᠡᠯ ᠠᠯᠳᠠᠭᠰᠠᠨ | ᠦᠢᠯᠡ ᠠᠵᠢᠯᠯᠠᠭ᠎ᠠ ᠣᠷᠣᠰᠢᠵᠤ ᠪᠠᠶᠢᠭ᠎ᠠ ᠨᠢᠭᠡᠴᠡ ᠳᠤ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠭᠤᠤᠯᠳᠠᠯᠭ᠎ᠠ ᠲᠠᠢ ᠬᠢᠨᠠᠨ ᠬᠠᠮᠢᠶᠠᠷᠬᠤ ᠡᠲᠡᠭᠡᠳ | ᠪᠣᠯᠤᠭᠰᠠᠨ ᠤ ᠬᠤᠪᠢ ᠳᠤ᠂ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠠᠤᠯᠢ | ᠶᠣᠰᠣᠭᠠᠷ ᠬᠢᠵᠠᠭᠠᠷᠯᠠᠬᠤ ᠪᠠ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠠᠪᠬᠤ ᠬᠡᠷᠡᠭᠲᠡᠶ᠃ ᠢᠲᠡᠭᠡᠮᠵᠢ ᠠᠯᠳᠠᠭᠰᠠᠨ ᠵᠠᠯᠬᠠᠭᠠᠨ ᠴᠡᠭᠡᠷᠯᠡᠭᠦᠯᠬᠦ ᠨᠡᠷᠡᠰ ᠲᠤ | ᠵᠢᠭᠰᠠᠭᠠᠭᠳᠠᠭᠰᠠᠨ ᠪᠠᠷᠢᠯᠭ᠎ᠠ ᠶᠢᠨ ᠠᠵᠤ ᠠᠬᠤᠶᠢᠯᠠᠯ ᠨᠢ᠂ ︽ᠬᠠᠷ᠎ᠠ ᠲᠠᠩᠰᠠ︾ ᠶᠢᠨ ᠬᠠᠮᠢᠶᠠᠷᠤᠯᠲᠠ ᠶᠢ ᠬᠡᠷᠡᠭᠵᠢᠭᠦᠯᠬᠦ ᠬᠤᠭᠤᠴᠠᠭᠠᠨ ᠳᠤ ᠲᠥᠷᠥᠯ ᠵᠦᠢᠯ ᠤᠨ | ᠪᠥᠲᠥᠭᠡᠨ ᠪᠠᠶᠢᠭᠤᠯᠤᠯᠲᠠ ᠳᠤ ᠣᠷᠣᠯᠴᠠᠬᠤ ᠶᠢ ᠴᠠᠭᠠᠵᠠᠯᠠᠨ᠎ᠠ᠃ | 2025 ᠣᠨ ᠤ 4 ᠰᠠᠷ᠎ᠠ ᠳᠤ᠂ ᠬᠠᠭᠤᠴᠢᠨ ᠪᠠᠷᠭᠤ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ ᠵᠠᠰᠠᠭ ᠵᠠᠬᠢᠷᠭᠠᠨ ᠤ ᠰᠢᠢᠳᠪᠦᠷᠢᠯᠡᠯᠲᠡ᠂ ᠢᠲᠡᠭᠡᠮᠵᠢ ᠶᠢᠨ ᠵᠠᠯᠬᠠᠭᠠᠨ ᠴᠡᠭᠡᠷᠯᠡᠭᠦᠯᠬᠦ ᠵᠡᠷᠭᠡ ᠬᠢᠨᠠᠨ ᠬᠠᠮᠢᠶᠠᠷᠤᠯᠲᠠ ᠶᠢᠨ ᠠᠷᠭ᠎ᠠ ᠪᠠᠷᠢᠯ ᠤᠨ ᠦᠢᠯᠡᠳᠦᠯ ᠢ | ᠶᠡᠷᠦᠩᠬᠡᠶᠢᠯᠡᠨ ᠭᠦᠢᠴᠡᠳ ᠬᠡᠷᠡᠭᠯᠡᠵᠦ᠂ ᠲᠤᠰ ᠰᠠᠷ᠎ᠠ ᠶᠢᠨ ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠬᠤ ᠠᠵᠢᠯ ᠳᠤᠮᠳᠠ᠂ ᠠᠵᠢᠯᠴᠢᠨ ᠬᠡᠷᠡᠭᠯᠡᠬᠦ | ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠢᠯᠡᠷᠡᠭᠰᠡᠨ ᠦᠭᠡᠢ᠂ ᠶᠠᠮᠠᠷᠪᠠ ᠠᠵᠢᠯᠴᠢᠨ ᠬᠡᠷᠡᠭᠯᠡᠬᠦ ᠨᠢᠭᠡᠴᠡ ᠳᠤ ︽ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ | ᠪᠠᠶᠢᠴᠠᠭᠠᠯᠲᠠ ᠶᠢᠨ ᠵᠠᠷᠯᠢᠭᠳᠠᠬᠤ ᠪᠢᠴᠢᠭ︾ ᠪᠠᠭᠤᠯᠭᠠᠭᠰᠠᠨ ᠦᠭᠡᠢ᠂ ᠭᠡᠪᠡᠴᠦ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠪᠠ ᠲᠦᠷᠦ ᠶᠢᠨ ᠪᠤᠳᠤᠯᠭ᠎ᠠ ᠶᠢᠨ | ᠤᠬᠠᠭᠤᠯᠭ᠎ᠠ ᠬᠢᠬᠦ ᠪᠠᠷ ᠳᠠᠮᠵᠢᠭᠤᠯᠤᠨ᠂ ᠬᠠᠷᠢᠶ᠎ᠠ ᠣᠷᠣᠨ ᠤ ᠳᠣᠲᠣᠷᠠᠬᠢ ᠬᠥᠳᠡᠯᠮᠦᠷᠢ ᠶᠢᠨ ᠬᠠᠷᠢᠴᠠᠭ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠪᠠᠶᠢᠬᠤ ᠶᠢ | ᠠᠬᠢᠭᠤᠯᠪᠠ᠃ | | | | | | | | ᠬᠠᠭᠤᠴᠢᠨ ᠪᠠᠷᠭᠤ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ | 2025 ᠣᠨ ᠤ 4 ᠰᠠᠷ᠎ᠠ ᠶᠢᠨ 27 ᠤ ᠡᠳᠦᠷ |