| 4 ᠰᠠᠷ᠎ᠠ ᠶᠢᠨ 19 ᠤ ᠡᠳᠦᠷ᠂ ᠰᠦᠨ ᠱᠤᠤ ᠴᠧᠩ᠂ ᠸᠠᠩ ᠯᠢ ᠰᠢᠶᠠ᠂ ᠵᠠᠩ ᠶᠠᠨ ᠺᠦᠨ ᠵᠡᠷᠭᠡ ᠥᠪᠡᠷᠲᠡᠭᠡᠨ ᠵᠠᠰᠠᠬᠤ ᠣᠷᠣᠨ ᠤ ᠮᠤᠵᠢ ᠠᠷᠮᠢ ᠶᠢᠨ | ᠲᠠᠰ ᠤᠨ ᠤᠳᠤᠷᠢᠳᠬᠤ ᠨᠥᠬᠦᠳ ᠭᠦᠭᠡᠬᠤᠲᠠ ᠶᠢᠨ ᠰᠢᠨ᠎ᠡ ᠬᠤᠲᠠ ᠲᠣᠭᠤᠷᠢᠭ ᠤᠨ ᠵᠢᠢ ᠱᠠ ᠴᠡᠴᠡᠷᠯᠢᠭ ᠲᠤ ᠬᠦᠷᠴᠦ᠂ ᠺᠠᠳ᠋ᠷ ᠣᠯᠠᠨ ᠲᠦᠮᠡᠨ ᠲᠠᠢ ᠬᠠᠮᠲᠤ ᠪᠠᠷ | ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠪᠠ᠃ ᠮᠣᠳᠣ ᠲᠠᠷᠢᠬᠤ ᠭᠠᠵᠠᠷ ᠲᠤ ᠭᠦᠷᠦᠮᠡᠭᠴᠡ᠂ ᠰᠦᠨ ᠱᠤᠤ ᠴᠧᠩ ᠨᠠᠷ ᠺᠠᠳ᠋ᠷ ᠤᠯᠠᠨ | ᠲᠦᠮᠡᠨ ᠲᠠᠢ ᠬᠠᠮᠲᠤ ᠶᠠᠭᠠᠷᠠᠯᠲᠠᠢ ᠠᠵᠢᠯᠯᠠᠵᠤ᠂ ᠬᠠᠶᠢᠲᠠᠩ᠂ ᠡᠯᠪᠡᠭᠡᠳᠤ ᠴᠡᠴᠡᠭ᠂ ᠵᠡᠷᠯᠢᠭ ᠲᠤᠭᠤᠷ ᠵᠡᠷᠭᠡ ᠴᠢᠬᠢ ᠮᠣᠳᠣ ᠶᠢ ᠲᠠᠷᠢᠪᠠ᠃ 4 ᠰᠠᠷ᠎ᠠ ᠶᠢᠨ 19 ᠤ | ᠡᠳᠦᠷ᠂ ᠰᠦᠨ ᠱᠤᠤ ᠴᠧᠩ᠂ ᠸᠠᠩ ᠯᠢ ᠰᠢᠶᠠ᠂ ᠵᠠᠩ ᠶᠠᠨ ᠺᠦᠨ ᠵᠡᠷᠭᠡ ᠥᠪᠡᠷᠲᠡᠭᠡᠨ ᠵᠠᠰᠠᠬᠤ ᠣᠷᠣᠨ ᠤ ᠮᠤᠵᠢ ᠠᠷᠮᠢ ᠶᠢᠨ ᠲᠠᠰ ᠤᠨ ᠤᠳᠤᠷᠢᠳᠬᠤ ᠨᠥᠬᠦᠳ | ᠭᠦᠭᠡᠬᠤᠲᠠ ᠶᠢᠨ ᠰᠢᠨ᠎ᠡ ᠬᠤᠲᠠ ᠲᠣᠭᠤᠷᠢᠭ ᠤᠨ ᠵᠢᠢ ᠱᠠ ᠴᠡᠴᠡᠷᠯᠢᠭ ᠲᠤ ᠬᠦᠷᠴᠦ᠂ ᠺᠠᠳ᠋ᠷ ᠣᠯᠠᠨ ᠲᠦᠮᠡᠨ ᠲᠠᠢ ᠬᠠᠮᠲᠤ ᠪᠠᠷ ᠠᠯᠪᠠᠨ ᠵᠢᠷᠤᠮ ᠤᠨ ᠮᠣᠳᠣ | ᠳᠠᠷᠢᠬᠤ ᠠᠵᠢᠯᠯᠠᠭ᠎ᠠ ᠳᠤ ᠣᠷᠣᠯᠴᠠᠪᠠ᠃ | | | | | ᠲᠤᠰ ᠰᠣᠨᠢᠨ ᠤ ᠰᠤᠷᠪᠤᠯᠵᠢᠯᠠᠬᠴᠢ ᠮᠠ ᠵᠢᠶᠠᠨ ᠪᠢᠩ ᠰᠡᠭᠦᠳᠡᠷᠯᠡᠪᠡ | ᠰᠦᠨ ᠱᠤᠤ ᠴᠧᠩ ᠬᠦᠷᠵᠡ ᠠᠳᠬᠤᠨ ᠰᠢᠷᠣᠢ ᠨᠡᠮᠡᠬᠦ ᠶᠢᠨ ᠬᠠᠮᠲᠤ ᠠᠬᠤᠢ ᠲᠠᠯᠠᠪᠠᠢ ᠳᠤ ᠪᠠᠶᠢᠭᠰᠠᠨ ᠨᠥᠬᠦᠳ ᠲᠠᠢ ᠰᠠᠨᠠᠯ ᠢᠶᠠᠨ ᠰᠣᠯᠢᠯᠴᠠᠪᠠ᠃ ᠲᠡᠷᠡ᠂ | ᠨᠣᠭᠤᠭᠠᠨ ᠪᠣᠯ ᠥᠪᠥᠷ ᠮᠣᠩᠭᠤᠯ ᠤᠨ ᠳᠡᠪᠢᠰᠬᠡᠷ ᠥᠩᠭᠡ ᠮᠥᠨ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ | ᠡᠭᠦᠷᠭᠡ ᠶᠢᠨ ᠲᠡᠷᠢᠭᠦᠨ ᠴᠢᠬᠤᠯᠠ ᠡᠭᠦᠷᠭᠡ ᠪᠣᠯ ᠳᠠᠷᠤᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ | ᠪᠠᠲᠤ ᠴᠣᠭᠴᠠᠯᠠᠬᠤ ᠶᠠᠪᠤᠳᠠᠯ ᠪᠣᠯᠣᠨ᠎ᠠ᠃ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ | ᠬᠢᠬᠦ ᠪᠠᠷ ᠭᠤᠣᠯᠳᠠᠯᠭ᠎ᠠ ᠪᠤᠯᠭᠠᠵᠤ᠂ ᠴᠠᠭ ᠢ ᠠᠮᠵᠢᠨ ᠨᠣᠭᠤᠭᠠᠷᠠᠭᠤᠯᠤᠯᠲᠠ ᠶᠢ ᠨᠡᠮᠡᠭᠳᠡᠭᠦᠯᠵᠦ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠵᠤ᠂ ᠤᠯᠤᠰ ᠤᠨ | ᠠᠮᠢ ᠠᠬᠤᠢ ᠶᠢᠨ ᠠᠮᠤᠷ ᠲᠦᠪᠰᠢᠨ ᠢ ᠪᠠᠲᠤᠯᠠᠬᠤ ᠳᠤ ᠨᠡᠩ ᠶᠡᠭᠡ ᠬᠤᠪᠢ ᠨᠡᠮᠡᠷᠢ ᠦᠵᠡᠭᠦᠯᠭᠦ ᠬᠡᠷᠡᠭᠲᠡᠢ᠃ ᠮᠠᠨ ᠤ ᠣᠷᠣᠨ ᠤ ᠠᠭᠤᠷ ᠠᠮᠢᠰᠬᠤᠯ ᠤᠨ ᠣᠨᠴᠠᠯᠢᠭ | ᠪᠣᠯᠣᠨ ᠬᠥᠷᠥᠰᠥ ᠰᠢᠷᠣᠢ ᠶᠢᠨ ᠨᠥᠬᠦᠴᠡᠯ ᠳᠤ ᠰᠠᠭᠤᠷᠢᠯᠠᠨ᠂ ᠲᠤᠰ ᠭᠠᠵᠠᠷ ᠣᠷᠣᠨ ᠳᠤ ᠲᠣᠬᠢᠷᠠᠬᠤ ᠣᠶ ᠮᠣᠳᠣᠨ ᠤ ᠡᠭᠦᠯᠳᠡᠷ ᠢ ᠰᠢᠨᠵᠢᠯᠡᠬᠦ ᠤᠬᠠᠭᠠᠨᠴᠢ ᠪᠠᠷ | ᠰᠣᠩᠭᠤᠬᠤ ᠬᠡᠷᠡᠭᠲᠡᠢ᠃ ᠣᠶᠢᠵᠢᠭᠤᠯᠤᠯᠲᠠ ᠶᠢᠨ ᠲᠡᠷᠢᠭᠦᠨ ᠤ ᠮᠡᠷᠭᠡᠵᠢᠯ ᠢ ᠢᠳᠡᠪᠬᠢᠲᠡᠢ ᠳᠡᠯᠭᠡᠷᠡᠭᠦᠯᠵᠦ᠂ ᠮᠧᠬᠠᠨᠢᠭ ᠢᠶᠠᠷ ᠣᠶᠢᠵᠢᠭᠤᠯᠬᠤ ᠡᠷᠴᠢᠮ ᠢᠶᠠᠨ | ᠴᠢᠩᠭᠠᠷᠠᠭᠤᠯᠤᠨ᠂ ᠬᠤᠶᠢᠲᠤᠬᠢ ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ ᠶᠢ ᠨᠠᠷᠢᠨ ᠨᠢᠮᠪᠠᠢ ᠰᠠᠶᠢᠲᠤᠷ ᠬᠢᠵᠦ᠂ ᠡᠪᠡᠳᠴᠢᠨ ᠬᠤᠷᠣᠬᠠᠢ ᠶᠢᠨ ᠬᠥᠨᠥᠭᠡᠯ ᠢ | ᠪᠦᠲᠦᠮᠵᠢᠲᠡᠢ ᠰᠡᠷᠭᠡᠶᠢᠯᠡᠨ ᠵᠠᠰᠠᠵᠤ᠂ ᠲᠠᠷᠢᠪᠠᠯ ᠨᠣᠭᠤᠭᠠᠷᠠᠭᠤᠯᠵᠤ ᠴᠢᠳᠠᠬᠤ ᠶᠢ ᠪᠠᠲᠤᠯᠠᠬᠤ ᠬᠡᠷᠡᠭᠲᠡᠢ ᠭᠡᠪᠡ᠃ ᠡᠨᠡ ᠬᠦ ᠬᠤᠭᠤᠴᠠᠭᠠᠨ ᠳᠤ᠂ ᠰᠦᠨ ᠱᠤᠤ ᠴᠧᠩ | ᠲᠠᠯᠠᠨ ᠬᠠᠷ᠎ᠠ ᠠᠭᠤᠯᠠ ᠶᠢᠨ ᠠᠮᠢ ᠠᠬᠤᠢ ᠶᠢᠨ ᠬᠠᠮᠠᠭᠠᠯᠠᠯᠲᠠ ᠶᠢᠨ ᠬᠠᠮᠢᠶ᠎ᠠ ᠪᠦᠬᠦᠢ ᠪᠠᠶᠢᠳᠠᠯ ᠢ ᠣᠶᠢᠯᠠᠭᠠᠵᠤ᠂ ᠬᠤᠯᠪᠣᠭᠳᠠᠯ ᠪᠦᠬᠦᠢ ᠲᠠᠯ᠎ᠠ ᠶᠢᠨ ᠬᠢᠨ ᠳᠤ | ᠬᠠᠮᠵᠢᠯᠴᠠᠭ᠎ᠠ ᠪᠠᠨ ᠴᠢᠩᠭᠠᠳᠬᠠᠵᠤ᠂ ᠲᠠᠯᠠᠨ ᠬᠠᠷ᠎ᠠ ᠠᠭᠤᠯᠠ ᠶᠢ ᠬᠠᠮᠲᠤ ᠪᠠᠷ ᠰᠠᠶᠢᠲᠤᠷ ᠰᠠᠬᠢᠨ ᠬᠠᠮᠠᠭᠠᠯᠠᠵᠤ ᠰᠠᠶᠢᠲᠤᠷ ᠠᠰᠢᠭᠯᠠᠬᠤ ᠬᠡᠷᠡᠭᠲᠡᠢ ᠭᠡᠵᠦ ᠵᠠᠬᠢᠪᠠ᠃ | ᠠᠵᠢᠯᠯᠠᠭ᠎ᠠ ᠳᠠᠭᠤᠰᠬᠤ ᠠᠴᠠ ᠡᠮᠦᠨ᠎ᠡ᠂ ᠰᠦᠨ ᠱᠤᠤ ᠴᠧᠩ ᠪᠠᠰᠠ ᠮᠣᠳᠣ ᠲᠠᠷᠢᠬᠤ ᠳᠤ ᠣᠷᠣᠯᠴᠠᠬᠰᠠᠨ ᠬᠡᠦᠬᠡᠳ ᠤᠳ ᠢ ᠰᠠᠶᠢᠲᠤᠷ ᠰᠤᠷᠤᠯᠴᠠᠵᠤ᠂ ᠪᠡᠶ᠎ᠡ | ᠮᠠᠬᠠᠪᠤᠳ ᠢᠶᠠᠨ ᠳᠠᠪᠲᠠᠨ ᠪᠤᠯᠪᠠᠰᠤᠷᠠᠭᠤᠯᠵᠤ᠂ ᠮᠣᠳᠣ ᠲᠠᠷᠢᠵᠤ ᠣᠶᠢᠵᠢᠭᠤᠯᠬᠤ ᠮᠡᠲᠦ ᠶᠢᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠳᠤ ᠢᠯᠡᠭᠦᠬᠡᠨ ᠣᠷᠣᠯᠴᠠᠵᠤ | ᠂ ᠬᠥᠳᠡᠯᠮᠦᠷᠢᠯᠡᠬᠦ ᠪᠠᠷ ᠳᠠᠮᠵᠢᠨ ᠡᠷᠡᠭᠦᠯ ᠢᠶᠠᠷ ᠥᠭᠡᠳᠡᠯᠡᠨ ᠳᠠᠪᠰᠢᠬᠤ᠂ ᠡᠬᠡ ᠪᠠᠶᠢᠭᠠᠯᠢ ᠪᠠᠨ ᠬᠠᠶᠢᠷᠠᠯᠠᠬᠤ ᠰᠠᠶᠢᠨ ᠳᠠᠳᠬᠠᠯ ᠲᠠᠢ ᠪᠤᠯᠬᠤ ᠶᠢ ᠳᠣᠲᠣᠨᠣ ᠪᠠᠷ | ᠵᠣᠷᠢᠭᠵᠢᠭᠤᠯᠪᠠ᠃ ᠭᠦᠭᠡᠬᠤᠲᠠ ᠳᠤ ᠪᠠᠶᠢᠭ᠎ᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠮᠤᠵᠢ ᠶᠢᠨ ᠳᠡᠰ ᠤᠨ ᠤᠳᠤᠷᠢᠳᠬᠤ ᠨᠥᠬᠦᠳ᠂ ᠰᠢᠭᠦᠬᠦ ᠬᠤᠷᠢᠶ᠎ᠠ ᠶᠢᠨ | ᠳᠠᠷᠤᠭ᠎ᠠ᠂ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ᠂ ᠥᠪᠥᠷ ᠮᠣᠩᠭᠤᠯ ᠤᠨ ᠴᠡᠷᠢᠭ ᠤᠨ ᠲᠣᠭᠤᠷᠢᠭ᠂ ᠵᠡᠪᠰᠡᠭᠲᠦ ᠴᠠᠭᠳᠠᠭ᠎ᠠ ᠶᠢᠨ ᠥᠪᠥᠷ | ᠮᠣᠩᠭᠤᠯ ᠤᠨ ᠶᠡᠷᠦᠩᠬᠡᠢ ᠠᠩᠭᠢ ᠶᠢᠨ ᠠᠷᠮᠢ ᠶᠢᠨ ᠳᠡᠰ ᠤᠨ ᠤᠳᠤᠷᠢᠳᠬᠤ ᠨᠥᠬᠦᠳ ᠠᠵᠢᠯᠯᠠᠭ᠎ᠠ ᠳᠤ ᠣᠷᠣᠯᠴᠠᠵᠠᠢ᠃ | ᠣᠶᠢᠯᠠᠭᠠᠭᠰᠠᠨ ᠢᠶᠠᠷ᠂ ᠡᠨᠡ ᠵᠢᠯ ᠠᠴᠠ ᠨᠠᠭᠠᠰᠢ ᠪᠦᠭᠦ ᠣᠷᠣᠨ ᠳᠤ ᠨᠢᠭᠡᠨᠲᠡ 401.08 ᠲᠦᠮᠡᠨ ᠰᠠᠭᠤᠷᠢ ᠠᠯᠪᠠᠨ ᠵᠢᠷᠤᠮ ᠤᠨ ᠮᠣᠳᠣ ᠳᠠᠷᠢᠵᠤ᠂ ᠠᠯᠪᠠᠨ | ᠵᠢᠷᠤᠮ ᠤᠨ ᠮᠣᠳᠣ ᠳᠠᠷᠢᠬᠤ ᠰᠠᠭᠤᠷᠢᠨ ᠢ ᠰᠢᠨ᠎ᠡ ᠪᠠᠷ 20 ᠪᠠᠶᠢᠭᠤᠯᠵᠤ᠂ 81.16 ᠲᠦᠮᠡᠨ ᠬᠥᠮᠥᠨ ᠤᠳᠠᠭ᠎ᠠ ᠠᠯᠪᠠᠨ ᠵᠢᠷᠤᠮ ᠤᠨ ᠮᠣᠳᠣ ᠳᠠᠷᠢᠬᠤ | ᠠᠵᠢᠯᠯᠠᠭ᠎ᠠ ᠳᠤ ᠣᠷᠣᠯᠴᠠᠪᠠ᠃ | |