| | 4 ᠳ᠋ᠦ᠋ᠭᠡᠷ ᠰᠠᠷ᠎ᠠ ᠶᠢᠨ 23 ᠤ ᠡᠳᠦᠷ᠂ ᠬᠤᠪᠢᠯᠭᠠᠨ ᠣᠩᠭᠤᠴᠠ ᠬᠤᠷᠢᠳᠤᠭᠠᠷ ᠬᠥᠮᠥᠨ ᠰᠠᠭᠤᠯᠭᠠᠭᠰᠠᠨ ᠨᠢᠰᠬᠦ ᠣᠩᠭᠤᠴᠠ ᠶᠢᠨ ᠨᠢᠰᠦᠯᠲᠡ ᠶᠢᠨ | ᠡᠭᠦᠷᠭᠡ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠬᠤᠪᠢᠯᠭᠠᠨ ᠣᠩᠭᠤᠴᠠ ᠬᠤᠷᠢᠳᠤᠭᠠᠷ ᠢ 4 ᠳ᠋ᠦ᠋ᠭᠡᠷ ᠰᠠᠷ᠎ᠠ ᠶᠢᠨ 24 ᠤ ᠡᠳᠦᠷ ᠤᠨ 17 | ᠴᠠᠭ 17 ᠮᠢᠨᠦ᠋ᠲ ᠲᠤ ᠬᠠᠷᠪᠤᠬᠤ ᠪᠠᠷ ᠲᠣᠭᠲᠠᠪᠠ᠃ ᠬᠤᠪᠢᠯᠭᠠᠨ ᠣᠩᠭᠤᠴᠠ ᠬᠤᠷᠢᠳᠤᠭᠠᠷ ᠬᠥᠮᠥᠨ ᠰᠠᠭᠤᠯᠭᠠᠭᠰᠠᠨ ᠨᠢᠰᠦᠯᠲᠡ ᠶᠢᠨ ᠡᠭᠦᠷᠭᠡ ᠶᠢᠨ | ᠰᠠᠨᠰᠠᠷᠴᠢᠳ ᠤᠨ ᠳᠤᠭᠤᠶᠢᠯᠠᠩ ᠨᠢ ᠴᠧᠨ ᠳ᠋ᠦᠩ᠂ ᠴᠧᠨ ᠵᠥᠩ ᠷᠦᠢ᠂ ᠸᠠᠩ ᠵᠢᠶᠧ ᠪᠠᠷ ᠪᠦᠷᠢᠯᠳᠦᠵᠦ᠂ ᠴᠧᠨ ᠳ᠋ᠦᠩ ᠵᠢᠯᠣᠭᠤᠳᠤᠭᠴᠢ ᠳᠠᠷᠤᠭ᠎ᠠ ᠶᠢᠨ | ᠲᠤᠰᠢᠶᠠᠯ ᠢ ᠡᠭᠦᠷᠭᠡᠯᠡᠨ᠎ᠡ᠃ ᠳᠤᠭᠤᠶᠢᠯᠠᠩ ᠳᠤ ᠰᠠᠨᠰᠠᠷ ᠠᠶᠠᠯᠠᠯ ᠤᠨ ᠵᠢᠯᠣᠭᠤᠳᠤᠭᠴᠢ 2᠂ ᠨᠢᠰᠦᠯᠲᠡ ᠶᠢᠨ ᠢᠨᠵᠧᠨᠧᠷ 1 ᠪᠠᠶᠢᠵᠤ᠂ ᠴᠧᠨ ᠳ᠋ᠦᠩ ᠤᠳᠠᠯ ᠦᠭᠡᠢ | ᠬᠤᠶᠠᠳᠠᠭᠴᠢ ᠪᠦᠯᠦᠭ ᠤᠨ ᠰᠠᠨᠰᠠᠷᠴᠢᠨ ᠳᠣᠲᠣᠷᠠᠬᠢ 3 ᠤᠳᠠᠭ᠎ᠠ ᠰᠠᠨᠰᠠᠷ ᠢᠶᠠᠷ ᠠᠶᠠᠯᠠᠭᠰᠠᠨ ᠠᠩᠬᠠᠳᠠᠭᠴᠢ ᠰᠠᠨᠰᠠᠷᠴᠢᠨ ᠪᠣᠯᠬᠤ ᠭᠡᠵᠦ ᠪᠠᠶᠢᠨ᠎ᠠ᠂ ᠴᠧᠨ ᠵᠥᠩ | ᠷᠦᠢ᠂ ᠸᠠᠩ ᠵᠢᠶᠧ ᠨᠢ ᠴᠥᠮ ᠭᠤᠷᠪᠠᠳᠠᠭᠴᠢ ᠪᠦᠯᠦᠭ ᠤᠨ ᠰᠠᠨᠰᠠᠷᠴᠢᠨ ᠪᠠᠶᠢᠵᠤ᠂ ᠬᠤᠪᠢ ᠬᠥᠮᠥᠨ ᠤ ᠠᠩᠬᠠᠳᠠᠭᠴᠢ ᠰᠠᠨᠰᠠᠷ ᠠᠶᠠᠯᠠᠯ ᠢᠶᠠᠨ ᠡᠬᠢᠯᠡᠭᠦᠯᠬᠦ ᠭᠡᠵᠦ | ᠪᠠᠶᠢᠨ᠎ᠠ᠃ | | | | | | | |