| | ᠬᠥᠯᠥᠨ ᠪᠤᠶᠢᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠷᠢᠶᠠᠨ ᠳᠠᠬᠢ ᠭᠠᠵᠠᠷ ᠤᠨ ᠳᠡᠰ ᠤᠨ ᠬᠤᠲᠠ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠵᠡᠭᠦᠨ ᠬᠤᠶᠢᠲᠤ ᠬᠡᠰᠡᠭ ᠲᠤ ᠪᠠᠶᠢᠷᠢᠯᠠᠵᠤ᠂ ᠬᠢᠯᠢ ᠶᠢᠨ ᠳᠣᠲᠣᠷᠠᠬᠢ ᠬᠥᠯᠥᠨ ᠨᠠᠭᠤᠷ ᠪᠠ ᠪᠤᠶᠢᠷ ᠨᠠᠭᠤᠷ ᠢᠶᠠᠷ ᠢᠶᠠᠨ ᠨᠡᠷᠡᠯᠡᠭᠳᠡᠵᠦ᠂ | ᠡᠮᠦᠨᠡᠲᠦ ᠬᠡᠰᠡᠭ ᠨᠢ ᠬᠢᠩᠭᠠᠨ ᠠᠶᠢᠮᠠᠭ ᠲᠠᠢ ᠵᠠᠯᠭᠠᠯᠳᠤᠵᠤ᠂ ᠵᠡᠭᠦᠨ ᠬᠡᠰᠡᠭ ᠨᠢ ᠨᠤᠨ ᠮᠥᠷᠡᠨ ᠢᠶᠠᠷ ᠵᠠᠭᠠᠭ ᠪᠣᠯᠭᠠᠨ ᠬᠠᠷᠠᠮᠥ᠋ᠷᠡᠨ ᠮᠤᠵᠢ ᠲᠠᠢ ᠬᠥᠷᠰᠢᠯᠡᠵᠦ᠂ | ᠬᠤᠶᠢᠲᠤ ᠬᠡᠰᠡᠭ ᠪᠠ ᠪᠠᠷᠠᠭᠤᠨ ᠬᠤᠶᠢᠲᠤ ᠬᠡᠰᠡᠭ ᠨᠢ ᠡᠷᠭᠦᠨ᠎ᠡ ᠭᠤᠣᠯ ᠢᠶᠠᠷ ᠵᠠᠭᠠᠭ ᠪᠣᠯᠭᠠᠨ ᠣᠷᠣᠰ ᠲᠠᠢ ᠵᠠᠬᠠᠯᠠᠵᠤ᠂ ᠪᠠᠷᠠᠭᠤᠨ ᠬᠡᠰᠡᠭ ᠪᠠ ᠪᠠᠷᠠᠭᠤᠨ ᠡᠮᠦᠨᠡᠲᠦ | ᠬᠡᠰᠡᠭ ᠨᠢ ᠮᠣᠩᠭᠤᠯ ᠤᠯᠤᠰ ᠲᠠᠢ ᠬᠢᠯᠢᠯᠡᠵᠦ ᠪᠠᠶᠢᠨ᠎ᠠ᠃ | ᠬᠥᠯᠥᠨ ᠪᠤᠶᠢᠷ ᠬᠤᠲᠠ ᠨᠢ 14 ᠬᠤᠰᠢᠭᠤ ᠬᠤᠲᠠ ᠲᠣᠭᠤᠷᠢᠭ ᠢ ᠬᠠᠷᠢᠶᠠᠯᠠᠵᠤ ᠪᠤᠢ᠂ ᠡᠭᠦᠨ ᠳᠤ 2 ᠲᠣᠭᠤᠷᠢᠭ ︵ᠬᠠᠶᠢᠯᠠᠷ ᠲᠣᠭᠤᠷᠢᠭ᠂ ᠵᠠᠯᠠᠶᠢᠨᠠᠭᠤᠷ | ᠲᠣᠭᠤᠷᠢᠭ︶᠂ 5 ᠬᠤᠲᠠ ︵ᠮᠠᠨᠵᠤᠤᠷ ᠬᠤᠲᠠ᠂ ᠶᠠᠭᠰᠢ ᠬᠤᠲᠠ᠂ ᠵᠠᠯᠠᠨ ᠠᠶᠢᠯ ᠬᠤᠲᠠ᠂ ᠡᠷᠭᠦᠨ᠎ᠡ ᠬᠤᠲᠠ᠂ ᠬᠡᠭᠡᠨ ᠭᠤᠤᠯ ᠬᠤᠲᠠ︶᠂ 7 ᠬᠤᠰᠢᠭᠤ ︵ | ᠠᠷᠤᠨ ᠬᠤᠰᠢᠭᠤ᠂ ᠮᠣᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠣᠷᠴᠣᠨ ᠤ ᠥᠪᠡᠷᠲᠡᠭᠡᠨ ᠵᠠᠰᠠᠬᠤ ᠬᠤᠰᠢᠭᠤ᠂ ᠡᠸᠡᠩᠬᠢ | ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠬᠠᠭᠤᠴᠢᠨ ᠪᠠᠷᠭᠤ ᠬᠤᠰᠢᠭᠤ᠂ ᠰᠢᠨ᠎ᠡ ᠪᠠᠷᠭᠤ ᠵᠡᠭᠦᠨ ᠬᠤᠰᠢᠭᠤ᠂ ᠰᠢᠨ᠎ᠡ ᠪᠠᠷᠭᠤ ᠪᠠᠷᠠᠭᠤᠨ ᠬᠤᠰᠢᠭᠤ︶ | ᠪᠣᠶ᠃ ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠬᠠᠶᠢᠯᠠᠷ ᠲᠣᠭᠤᠷᠢᠭ ᠲᠤ ᠪᠠᠶᠢᠷᠢᠰᠢᠵᠦ ᠪᠤᠢ᠃ ᠶᠡᠷᠦᠩᠬᠡᠶ ᠲᠠᠯᠠᠪᠠᠶ ᠨᠢ ᠪᠠᠷᠤᠭ 25.3 | ᠲᠦᠮᠡᠨ ᠲᠡᠭᠰᠢ ᠳᠥᠷᠪᠡᠯᠵᠢᠨ ᠺᠢᠯᠣᠮᠧᠳ᠋ᠷ᠃ ᠪᠦᠬᠦ ᠬᠤᠲᠠ ᠶᠢᠨ ᠨᠤᠲᠤᠭ ᠪᠡᠯᠴᠢᠭᠡᠷ ᠤᠨ ᠶᠡᠷᠦᠩᠬᠡᠢ ᠲᠠᠯᠠᠪᠠᠢ 1.49 ᠳ᠋ᠦᠩᠰᠢᠭᠤᠷ ᠮᠦ᠂ ᠡᠭᠦᠨ ᠳᠤ ᠠᠰᠢᠭᠯᠠᠵᠤ | ᠪᠣᠯᠬᠤ ᠲᠠᠯᠠᠪᠠᠢ 1.38 ᠳ᠋ᠦᠩᠰᠢᠭᠤᠷ ᠮᠦ ᠪᠤᠢ᠃ ᠪᠥᠬᠦ ᠬᠤᠲᠠ ᠶᠢᠨ ᠤᠰᠤᠨ ᠤ ᠡᠬᠢ ᠪᠠᠶᠠᠯᠢᠭ ᠤᠨ ᠶᠡᠷᠦᠩᠬᠡᠶ ᠬᠡᠮᠵᠢᠶ᠎ᠡ 316.19 ᠳ᠋ᠦᠩᠰᠢᠭᠤᠷ ᠪᠣᠰᠤᠭ᠎ᠠ | ᠳᠥᠷᠪᠡᠯᠵᠢᠨ ᠮᠧᠳ᠋ᠷ ᠪᠠᠶᠢᠵᠤ᠂ ᠡᠭᠦᠨ ᠳᠤ ᠭᠠᠵᠠᠷ ᠤᠨ ᠭᠠᠳᠠᠷᠭᠤ ᠶᠢᠨ ᠤᠰᠤᠨ ᠤ ᠡᠬᠢ ᠪᠠᠶᠠᠯᠢᠭ ᠤᠨ ᠬᠡᠮᠵᠢᠶ᠎ᠡ 298.19 ᠳ᠋ᠦᠩᠰᠢᠭᠤᠷ ᠪᠣᠰᠤᠭ᠎ᠠ ᠳᠥᠷᠪᠡᠯᠵᠢᠨ | ᠮᠧᠳ᠋ᠷ᠂ ᠭᠠᠵᠠᠷ ᠳᠤᠤᠷᠠᠬᠢ ᠤᠰᠤᠨ ᠤ ᠡᠬᠢ ᠪᠠᠶᠠᠯᠢᠭ ᠤᠨ ᠬᠡᠮᠵᠢᠶ᠎ᠡ 18 ᠳ᠋ᠦᠩᠰᠢᠭᠤᠷ ᠪᠣᠰᠤᠭ᠎ᠠ ᠳᠥᠷᠪᠡᠯᠵᠢᠨ ᠮᠧᠳ᠋ᠷ ᠪᠠᠶᠢᠨ᠎ᠠ᠃ ᠪᠦᠬᠦ ᠬᠤᠲᠠ ᠳᠤ 48 | ᠦᠨᠳᠦᠰᠦᠲᠡᠨ ᠲᠠᠢ᠂ ᠬᠢᠲᠠᠳ ᠦᠨᠳᠦᠰᠦᠲᠡᠨ᠂ ᠮᠣᠩᠭᠤᠯ ᠦᠨᠳᠦᠰᠦᠲᠡᠨ᠂ ᠳᠠᠭᠤᠷ ᠦᠨᠳᠦᠰᠦᠲᠡᠨ᠂ ᠡᠸᠡᠩᠬᠢ ᠦᠨᠳᠦᠰᠦᠲᠡᠨ᠂ ᠣᠷᠴᠣᠨ ᠦᠨᠳᠦᠰᠦᠲᠡᠨ᠂ | ᠬᠤᠲᠣᠩ ᠦᠨᠳᠦᠰᠦᠲᠡᠨ᠂ ᠮᠠᠨᠵᠤ ᠦᠨᠳᠦᠰᠦᠲᠡᠨ᠂ ᠣᠷᠣᠰ ᠦᠨᠳᠦᠰᠦᠲᠡᠨ᠂ ᠰᠣᠯᠣᠩᠭᠤᠰ ᠦᠨᠳᠦᠰᠦᠲᠡᠨ᠂ ᠵᠤᠸᠠᠩ ᠦᠨᠳᠦᠰᠦᠲᠡᠨ᠂ ᠲᠥᠪᠡᠳ | ᠦᠨᠳᠦᠰᠦᠲᠡᠨ᠂ ᠰᠢᠪᠡᠭᠡ ᠦᠨᠳᠦᠰᠦᠲᠡᠨ᠂ ᠮᠢᠶᠣᠣ ᠦᠨᠳᠦᠰᠦᠲᠡᠨ᠂ ᠲᠦᠵᠢᠶᠠ ᠦᠨᠳᠦᠰᠦᠲᠡᠨ᠂ ᠢ ᠦᠨᠳᠦᠰᠦᠲᠡᠨ᠂ ᠤᠶᠢᠭᠤᠷ ᠦᠨᠳᠦᠰᠦᠲᠡᠨ᠂ ᠬᠢᠷᠭᠢᠰ | ᠦᠨᠳᠦᠰᠦᠲᠡᠨ᠂ ᠭᠤᠣᠱᠠᠨ ᠦᠨᠳᠦᠰᠦᠲᠡᠨ᠂ ᠪᠦᠶ᠋ᠢ ᠦᠨᠳᠦᠰᠦᠲᠡᠨ᠂ ᠱᠧ ᠦᠨᠳᠦᠰᠦᠲᠡᠨ᠂ ᠳ᠋ᠠᠶ ᠦᠨᠳᠦᠰᠦᠲᠡᠨ᠂ ᠳ᠋ᠦᠩ ᠦᠨᠳᠦᠰᠦᠲᠡᠨ᠂ ᠴᠢᠶᠠᠩ | ᠦᠨᠳᠦᠰᠦᠲᠡᠨ᠂ ᠯᠢ ᠦᠨᠳᠦᠰᠦᠲᠡᠨ᠂ ᠬᠠᠰᠠᠭ ᠦᠨᠳᠦᠰᠦᠲᠡᠨ᠂ ᠮᠣᠩᠭᠤᠷ ᠦᠨᠳᠦᠰᠦᠲᠡᠨ᠂ ᠪᠠᠶ ᠦᠨᠳᠦᠰᠦᠲᠡᠨ᠂ ᠵᠢᠩᠫᠦ᠋ᠸᠧ ᠦᠨᠳᠦᠰᠦᠲᠡᠨ᠂ ᠸᠠ | ᠦᠨᠳᠦᠰᠦᠲᠡᠨ᠂ ᠨᠠᠰᠢ ᠦᠨᠳᠦᠰᠦᠲᠡᠨ᠂ ᠾᠧᠵᠧ ᠦᠨᠳᠦᠰᠦᠲᠡᠨ᠂ ᠵᠢᠩ ᠦᠨᠳᠦᠰᠦᠲᠡᠨ᠂ ᠶᠣᠣ ᠦᠨᠳᠦᠰᠦᠲᠡᠨ᠂ ᠵᠢᠨᠦ᠋ᠸᠧ ᠦᠨᠳᠦᠰᠦᠲᠡᠨ᠂ ᠮᠦᠯᠤᠤ | ᠦᠨᠳᠦᠰᠦᠲᠡᠨ᠂ ᠳ᠋ᠦᠩᠰᠢᠶᠠᠩ ᠦᠨᠳᠦᠰᠦᠲᠡᠨ᠂ ᠯᠢᠰᠦ ᠦᠨᠳᠦᠰᠦᠲᠡᠨ᠂ ᠰᠠᠯᠠᠷ ᠦᠨᠳᠦᠰᠦᠲᠡᠨ᠂ ᠱᠦᠢ ᠦᠨᠳᠦᠰᠦᠳᠡᠨ᠂ ᠬᠠᠨᠢ ᠦᠨᠳᠦᠰᠦᠲᠡᠨ᠂ ᠮᠸᠡᠪᠡ | ᠦᠨᠳᠦᠰᠦᠲᠡᠨ᠂ ᠠᠴᠠᠩ ᠦᠨᠳᠦᠰᠦᠲᠡᠨ᠂ ᠮᠣᠣᠨᠠᠨ ᠦᠨᠳᠦᠰᠦᠲᠡᠨ᠂ ᠯᠠᠭᠦ ᠦᠨᠳᠦᠰᠦᠲᠡᠨ᠂ ᠨᠦ ᠦᠨᠳᠦᠰᠦᠲᠡᠨ᠂ ᠶᠣᠭᠤᠷ ᠦᠨᠳᠦᠰᠦᠲᠡᠨ᠂ ᠦᠽᠪᠧᠺ | ᠦᠨᠳᠦᠰᠦᠲᠡᠨ᠂ ᠪᠦᠦ ᠠᠨ ᠦᠨᠳᠦᠰᠦᠲᠡᠨ᠃ | 2023 ᠣᠨ ᠤ ᠡᠴᠦᠰ ᠪᠣᠯᠲᠠᠯ᠎ᠠ ᠪᠥᠬᠦ ᠬᠤᠲᠠ ᠶᠢᠨ ᠪᠠᠶᠢᠩᠭᠤ ᠰᠠᠭᠤᠭ᠎ᠠ ᠬᠥᠮᠦᠨ ᠠᠮᠠ 216.63 ᠲᠦᠮᠡ ᠪᠠᠶᠢᠵᠤ᠂ ᠳᠡᠭᠡᠷ᠎ᠡ ᠵᠢᠯ ᠤᠨ ᠬᠢ ᠠᠴᠠ 2. | 44 ᠲᠦᠮᠡ ᠪᠠᠭᠠᠰᠴᠠᠶ᠂ ᠡᠭᠦᠨ ᠳᠤ ᠬᠤᠲᠠ ᠪᠠᠯᠭᠠᠰᠤᠨ ᠤ ᠬᠥᠮᠦᠨ ᠠᠮᠠ 164.11 ᠲᠦᠮᠡ᠂ ᠬᠥᠳᠡᠭᠡ ᠲᠣᠰᠬᠤᠨ ᠤ ᠬᠥᠮᠦᠨ ᠠᠮᠠ 52.52 ᠲᠦᠮᠡ | ᠪᠠᠶᠢᠨ᠎ᠠ︔ ᠪᠠᠶᠢᠩᠭᠤ ᠰᠠᠭᠤᠭ᠎ᠠ ᠬᠥᠮᠦᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ 75.76% ᠬᠦᠷᠴᠦ᠂ ᠲᠦᠷᠦᠭᠦᠦ ᠵᠢᠯ ᠤᠨ ᠬᠢ ᠠᠴᠠ 0.94 | ᠵᠠᠭᠤᠨ ᠤ ᠬᠤᠪᠢ ᠶᠢᠨ ᠴᠡᠭ ᠳᠡᠭᠡᠭᠰᠢᠯᠡᠪᠡ᠃ ᠬᠥᠯᠥᠨ ᠪᠤᠶᠢᠷ ᠲᠡᠮᠤᠷ ᠵᠠᠮ᠂ ᠵᠠᠰᠠᠮᠠᠯ ᠵᠠᠮ ᠪᠣᠯᠤᠨ ᠠᠭᠠᠷ ᠤᠨ ᠠᠶᠠᠯᠠᠯ ᠤᠨ ᠪᠣᠰᠤᠭ᠎ᠠ ᠴᠣᠭᠴᠠᠲᠤ ᠵᠠᠮ | ᠬᠠᠷᠢᠯᠴᠠᠭᠠᠨ ᠤ ᠲᠣᠣᠷ ᠲᠠᠢ᠂ ᠬᠠᠷᠪᠢᠨ ᠠᠴᠠ ᠮᠠᠨᠵᠤᠤᠷ ᠬᠦᠷᠬᠦ ᠲᠡᠮᠤᠷ ᠵᠠᠮ ᠪᠣᠯᠤᠨ 301 ᠤᠯᠤᠰ ᠤᠨ ᠵᠠᠮ ᠪᠦᠬᠦ ᠬᠤᠳᠠ ᠶᠢ ᠨᠡᠪᠲᠡᠷᠡᠭᠦᠯᠵᠦ᠂ ᠬᠠᠶᠢᠯᠠᠷ᠂ | ᠮᠠᠨᠵᠤᠤᠷ ᠬᠤᠶᠠᠷ ᠤᠯᠠᠨ ᠤᠯᠤᠰ ᠤᠨ ᠠᠭᠠᠷ ᠤᠨ ᠠᠶᠠᠯᠠᠯ ᠤᠨ ᠭᠠᠷᠠᠮ ᠲᠠᠢ᠂ ᠤᠷᠤᠰ᠂ ᠮᠣᠩᠭᠤᠯ ᠤᠯᠤᠰ ᠵᠢᠴᠢ ᠪᠡᠭᠡᠵᠢᠩ᠂ ᠬᠥᠬᠡᠬᠤᠲᠠ᠂ ᠬᠠᠷᠪᠢᠨ᠂ ᠱᠠᠩᠬᠠᠢ᠂ | ᠭᠤᠸᠠᠩᠵᠧᠦ ᠵᠡᠷᠭᠡ ᠤᠯᠤᠰ ᠤᠨ ᠳᠣᠲᠣᠭᠠᠳᠤ ᠭᠠᠳᠠᠭᠠᠳᠤ ᠶᠢᠨ 50 ᠭᠠᠷᠤᠢ ᠠᠭᠠᠷ ᠤᠨ ᠠᠶᠠᠯᠠᠯ ᠤᠨ ᠱᠤᠭᠤᠮ ᠢ ᠨᠡᠪᠲᠡᠷᠡᠭᠦᠯᠪᠡ︔ ᠭᠠᠳᠠᠭᠠᠳᠤ ᠳᠠᠭᠠᠨ ᠣᠷᠣᠰ | ᠪᠣᠯᠤᠨ ᠮᠣᠩᠭᠤᠯ ᠤᠯᠤᠰ ᠲᠠᠢ ᠬᠥᠷᠰᠢᠯᠡᠵᠦ᠂ ᠳᠤᠮᠳᠠᠳᠤ ᠤᠯᠤᠰ ᠤᠨ ᠴᠤᠷ ᠤᠨ ᠭᠠᠭᠴᠠ ᠳᠤᠮᠳᠠᠳᠤ ᠣᠷᠣᠰ ᠮᠣᠩᠭᠤᠯ ᠭᠤᠷᠪᠠᠨ ᠤᠯᠤᠰ ᠤᠨ ᠠᠭᠤᠯᠵᠠᠷ ᠬᠤᠲᠠ | ᠪᠠᠶᠢᠵᠤ᠂ ᠮᠠᠨᠵᠤᠤᠷ᠂ ᠾᠸᠢ ᠱᠠᠨ ᠳᠧᠦ ᠵᠡᠷᠭᠡ 8 ᠤᠯᠤᠰ ᠤᠨ ᠲᠠᠰ ᠤᠨ ᠪᠣᠭᠤᠮᠲᠠ ᠲᠠᠢ᠃ ᠬᠥᠯᠥᠨ ᠪᠤᠶᠢᠷ ᠤᠨ ᠪᠠᠶᠢᠭᠠᠯᠢ ᠶᠢᠨ ᠡᠬᠢ ᠪᠠᠶᠠᠯᠢᠭ ᠮᠠᠰᠢ ᠡᠯᠪᠡᠭ᠂ | ᠤᠢ ᠰᠢᠭᠤᠢ᠂ ᠲᠠᠯ᠎ᠠ ᠨᠤᠲᠤᠭ᠂ ᠨᠤᠭᠤ ᠭᠠᠵᠠᠷ᠂ ᠨᠠᠭᠤᠷ ᠴᠥᠭᠦᠷᠥᠮ᠂ ᠭᠤᠤᠯ ᠮᠥᠷᠡᠨ ᠨᠢ ᠣᠳᠣᠬᠠᠨ ᠤ ᠳᠤᠮᠳᠠᠳᠤ ᠤᠯᠤᠰ ᠤᠨ ᠬᠡᠪᠴᠢᠶ᠎ᠡ ᠪᠠᠷ ᠬᠠᠮᠤᠭ ᠤᠨ | ᠶᠡᠭᠡ᠂ ᠬᠠᠮᠤᠭ ᠤᠨ ᠪᠦᠷᠢᠨ ᠪᠦᠲᠦᠨ ᠠᠮᠢ ᠠᠬᠤᠶ ᠶᠢᠨ ᠰᠢᠰᠲ᠋ᠧᠮ ᠢ ᠪᠦᠷᠢᠯᠳᠦᠭᠦᠯᠵᠦ᠂ ᠳᠤᠮᠳᠠᠳᠤ ᠤᠯᠤᠰ ᠤᠨ ᠰᠢᠯᠢᠳᠡᠭ ᠵᠢᠭᠤᠯᠴᠢᠯᠠᠯ ᠤᠨ ᠬᠤᠲᠠ᠂ ᠪᠥᠬᠦ | ᠤᠯᠤᠰ ᠤᠨ ᠴᠣᠷ ᠤᠨ ᠭᠠᠭᠴᠠ ᠲᠠᠯ᠎ᠠ ᠨᠤᠲᠤᠭ ᠤᠨ ᠵᠢᠭᠤᠯᠴᠢᠯᠠᠯ ᠤᠨ ᠭᠤᠤᠯᠳᠠᠯᠭ᠎ᠠ ᠲᠠᠢ ᠨᠡᠭᠡᠭᠡᠨ ᠬᠥᠭᠵᠢᠭᠦᠯᠬᠦ ᠭᠠᠵᠠᠷ ᠣᠷᠣᠨ᠂ ᠤᠯᠤᠰ ᠤᠨ ᠲᠠᠰ ᠤᠨ | ᠵᠢᠭᠤᠯᠴᠢᠯᠠᠯ ᠤᠨ ᠦᠢᠯᠡᠰ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠬᠤᠰᠢᠭᠤᠴᠢ ᠣᠷᠣᠨ ᠪᠣᠯᠤᠭᠰᠠᠨ ᠪᠠᠶᠢᠨ᠎ᠠ᠃ ᠬᠥᠯᠥᠨ ᠪᠤᠶᠢᠷ ᠤᠨ ᠰᠣᠶᠣᠯ ᠢᠷᠭᠡᠨᠰᠢᠯ | ᠥᠨᠢ ᠤᠳᠠᠭᠠᠨ ᠲᠡᠦᠬᠡ ᠲᠠᠢ᠂ ᠮᠠᠨ ᠤ ᠤᠯᠤᠰ ᠤᠨ ᠤᠮᠠᠷᠠᠲᠤ ᠶᠢᠨ ᠠᠩᠴᠢᠨ᠂ ᠨᠡᠭᠦᠳᠡᠯᠴᠢᠨ ᠦᠨᠳᠦᠰᠦᠲᠡᠨ ᠤ ᠴᠢᠬᠤᠯᠠ ᠡᠭᠦᠰᠦᠯ ᠤᠨ ᠭᠠᠵᠠᠷ ᠪᠠᠶᠢᠵᠤ᠂ | ᠰᠢᠶᠠᠨᠪᠢ᠂ ᠬᠢᠳᠠᠨ᠂ ᠵᠦᠷᠴᠢᠨ ᠵᠡᠷᠭᠡ ᠮᠠᠰᠢ ᠣᠯᠠᠨ ᠦᠨᠳᠦᠰᠦᠲᠡᠨ ᠠᠮᠢᠳᠤᠷᠠᠵᠤ ᠥᠩᠭᠡᠷᠡᠵᠡᠶ᠃ | 2023 ᠣᠨ ᠳᠤ ᠬᠥᠯᠥᠨ ᠪᠤᠶᠢᠷ ᠬᠤᠳᠠ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ︵GDP︶ 1595.57 ᠳ᠋ᠦᠩᠰᠢᠭᠤᠷ | ᠲᠥᠭᠦᠷᠢᠭ ᠲᠤ ᠬᠦᠷᠴᠦ᠂ ᠦᠯᠦ ᠬᠤᠪᠢᠰᠬᠤ ᠦᠨ᠎ᠡ ᠪᠠᠷ ᠪᠤᠳᠤᠪᠠᠯ 6.1% ᠪᠠᠷ ᠨᠡᠮᠡᠭᠳᠡᠪᠡ᠃ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ | ᠦᠢᠯᠡᠰ ᠤᠨ ᠨᠡᠮᠡᠭᠳᠡᠯ ᠦᠷᠳᠡᠭ 395.89 ᠳ᠋ᠦᠩᠰᠢᠭᠤᠷ ᠲᠥᠭᠦᠷᠢᠭ ᠲᠤ ᠬᠦᠷᠴᠦ᠂ 4.0% ᠢᠶᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ | ᠦᠷᠳᠡᠭ 543.55 ᠳ᠋ᠦᠩᠰᠢᠭᠤᠷ ᠲᠥᠭᠦᠷᠢᠭ ᠲᠤ ᠬᠦᠷᠴᠦ᠂ 5.2% ᠢᠶᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ 656.14 | ᠳ᠋ᠦᠩᠰᠢᠭᠤᠷ ᠲᠥᠭᠦᠷᠢᠭ ᠲᠤ ᠬᠦᠷᠴᠦ᠂ 7.8% ᠪᠠᠷ ᠨᠡᠮᠡᠭᠳᠡᠪᠡ᠃ ᠭᠤᠷᠪᠠᠨ ᠠᠵᠤ ᠦᠢᠯᠡᠰ ᠤᠨ ᠪᠦᠲᠦᠴᠡ ᠶᠢᠨ ᠬᠠᠷᠢᠴᠠᠯ ᠨᠢ 24.8᠄ 34.1᠄ 41.1 | ᠪᠤᠯᠤᠨ᠎ᠠ᠃ | | |