| | ᠬᠥᠯᠥᠨ ᠪᠤᠶᠢᠷ ᠬᠤᠲᠠ ᠣᠲᠣ 14 ᠬᠤᠰᠢᠭᠤ ᠬᠤᠲᠠ ᠲᠣᠭᠤᠷᠢᠭ ᠢ ᠬᠠᠷᠢᠶᠠᠯᠠᠵᠤ ᠪᠣᠶ᠃ ᠡᠭᠦᠨ ᠳᠤ 2 ᠲᠣᠭᠤᠷᠢᠭ᠄ ᠬᠠᠶᠢᠯᠠᠷ ᠲᠣᠭᠤᠷᠢᠭ᠂ ᠵᠠᠯᠠᠶᠢᠨᠠᠭᠤᠷ | ᠲᠣᠭᠤᠷᠢᠭ︔ 5 ᠬᠤᠲᠠ᠄ ᠮᠠᠨᠵᠤᠤᠷ ᠬᠤᠲᠠ᠂ ᠶᠠᠭᠰᠢ ᠬᠤᠲᠠ᠂ ᠵᠠᠯᠠᠨ ᠠᠶᠢᠯ ᠬᠤᠲᠠ᠂ ᠡᠷᠭᠦᠨ᠎ᠡ ᠬᠤᠲᠠ᠂ ᠭᠡᠭᠡᠨ ᠭᠤᠤᠯ ᠬᠤᠲᠠ︔ 7 ᠬᠤᠰᠢᠭᠤ᠄ ᠠᠷᠤᠨ | ᠬᠤᠰᠢᠭᠤ᠂ ᠮᠤᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠣᠷᠴᠣᠨ ᠤ ᠥᠪᠡᠷᠲᠡᠭᠡᠨ ᠵᠠᠰᠠᠬᠤ ᠬᠤᠰᠢᠭᠤ᠂ ᠡᠸᠡᠩᠬᠢ | ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠬᠠᠭᠤᠴᠢᠨ ᠪᠠᠷᠭᠤ ᠬᠤᠰᠢᠭᠤ᠂ ᠰᠢᠨ᠎ᠡ ᠪᠠᠷᠭᠤ ᠵᠡᠭᠦᠨ ᠬᠤᠰᠢᠭᠤ᠂ ᠰᠢᠨ᠎ᠡ ᠪᠠᠷᠭᠤ ᠪᠠᠷᠠᠭᠤᠨ ᠬᠤᠰᠢᠭᠤ᠃ | ᠪᠦᠬᠦ ᠬᠤᠲᠠ ᠳᠤ ᠨᠡᠶᠢᠲᠡ 106 ᠰᠤᠮᠤ ᠰᠢᠶᠠᠩ ᠪᠠᠯᠭᠠᠰᠤ ᠲᠠᠢ᠂ ᠡᠭᠦᠨ ᠳᠤ 68 ᠪᠠᠯᠭᠠᠰᠤ᠂ 19 ᠰᠢᠶᠠᠩ᠂ 19 ᠰᠤᠮᠤ ᠪᠤᠶ︔ ᠨᠡᠶᠢᠲᠡ 36 ᠵᠡᠭᠡᠯᠢ | ᠭᠤᠳᠤᠮᠵᠢ᠂ 373 ᠨᠡᠶᠢᠭᠡᠮ ᠲᠣᠭᠤᠷᠢᠭ︔ ᠨᠡᠶᠢᠲᠡ 795 ᠭᠠᠴᠠᠭ᠎ᠠ ᠲᠣᠰᠬᠤᠨ ᠲᠠᠢ᠃ ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ | ᠬᠠᠶᠢᠯᠠᠷ ᠲᠣᠭᠤᠷᠢᠭ ᠲᠤ ᠪᠠᠶᠢᠷᠢᠰᠢᠵᠦ ᠪᠤᠢ᠃ | |