ᠨᠢᠭᠡ ᠳᠤ᠂ ᠵᠠᠰᠠᠭ ᠤᠨ ᠣᠷᠳᠣᠨ ᠪᠠ ᠠᠵᠤ ᠠᠬᠤᠶᠢᠯᠠᠯ ᠤᠨ ᠮᠡᠳᠡᠭᠡ ᠵᠠᠩᠭᠢ ᠶᠢᠨ ᠰᠣᠯᠢᠯᠴᠠᠭᠠᠨ ᠤ ᠲᠠᠪᠴᠠᠩ ᠢ ᠪᠠᠶᠢᠭᠤᠯᠪᠠ᠃ 2025 ᠣᠨ ᠳᠠᠬᠢ | ᠰᠢᠶᠠᠨ ᠤ ᠱᠠᠲᠤᠨ ᠤ ᠤᠳᠤᠷᠢᠳᠤᠯᠭ᠎ᠠ ᠪᠥᠬᠦ ᠰᠢᠶᠠᠨ ᠤ ᠭᠤᠤᠯᠳᠠᠯᠭ᠎ᠠ ᠪᠣᠯᠬᠤ ᠠᠵᠤ ᠠᠬᠤᠶᠢᠯᠠᠯ ᠯᠤᠭ᠎ᠠ ᠬᠠᠷᠢᠯᠴᠠᠬᠤ ᠨᠡᠷᠡᠰ ᠢ ᠳᠠᠷᠤᠮᠠᠯᠯᠠᠨ ᠶᠠᠪᠤᠭᠤᠯᠵᠤ᠂ ᠪᠥᠬᠦ | ᠰᠢᠶᠠᠨ ᠤ ᠭᠤᠤᠯᠳᠠᠯᠭ᠎ᠠ ᠪᠣᠯᠬᠤ 88 ᠠᠵᠤ ᠠᠬᠤᠶᠢᠯᠠᠯ ᠳᠤ ᠤᠳᠤᠷᠢᠳᠤᠯᠭ᠎ᠠ ᠳᠠᠭᠠᠭᠠᠴᠢᠯᠠᠨ ᠬᠤᠯᠪᠣᠭᠠᠯᠠᠬᠤ ᠲᠣᠭᠲᠠᠴᠠ ᠶᠢ ᠬᠡᠷᠡᠭᠵᠢᠭᠦᠯᠵᠦ᠂ 3 ᠠᠵᠤ | ᠠᠬᠤᠶᠢᠯᠠᠯ ᠤᠨ ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ ᠢᠶᠠᠷ ᠭᠤᠶᠤᠴᠢᠯᠠᠨ ᠮᠡᠳᠡᠭᠦᠯᠬᠦ ᠶᠢ ᠬᠦᠴᠦᠯᠡᠨ ᠠᠬᠢᠭᠤᠯᠪᠠ᠃ ᠬᠤᠶᠠᠷ ᠲᠤ᠂ ᠮᠡᠳᠡᠭᠡ | ᠵᠠᠩᠭᠢ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠪᠠ᠃ ᠸᠢᠴᠠᠲ ᠤᠨ ᠨᠡᠶᠢᠲᠡ ᠶᠢᠨ ᠲᠠᠪᠴᠠᠩ ᠪᠠ ᠸᠢᠴᠠᠲ ᠴᠤᠭᠯᠠᠷᠠᠯ ᠵᠡᠷᠭᠡ ᠲᠠᠪᠴᠠᠩ ᠳᠤ ᠲᠦᠰᠢᠭᠯᠡᠨ᠂ | ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠵᠢᠴᠢ ᠠᠵᠢᠯᠲᠠᠨ | ᠤᠷᠢᠵᠤ ᠡᠯᠰᠡᠬᠦ ᠠᠵᠢᠯᠯᠠᠭᠠᠨ ᠤ ᠮᠡᠳᠡᠭᠡ ᠵᠠᠩᠭᠢ ᠶᠢ ᠴᠠᠭ ᠲᠤᠬᠠᠶ ᠳᠤ ᠨᠢ ᠨᠡᠶᠢᠲᠡᠯᠡᠵᠦ ᠪᠣᠢ᠃ 3 ᠳ᠋ᠤᠭᠠᠷ ᠰᠠᠷ᠎ᠠ ᠶᠢᠨ 20 ᠤ ᠡᠳᠦᠷ ᠪᠣᠯᠲᠠᠯ᠎ᠠ᠂ ᠡᠯ᠎ᠡ | ᠲᠥᠷᠥᠯ ᠤᠨ ᠮᠡᠳᠡᠭᠡ ᠵᠠᠩᠭᠢ ᠶᠢ ᠨᠡᠶᠢᠲᠡ 200 ᠭᠠᠷᠤᠶ ᠵᠣᠷᠪᠣᠰ ᠨᠡᠶᠢᠲᠡᠯᠡᠵᠦ᠂ ᠲᠣᠮᠣ ᠬᠡᠪᠴᠢᠶᠡᠨ ᠤ ᠠᠵᠢᠯᠲᠠᠨ ᠤᠷᠢᠵᠤ ᠡᠯᠰᠡᠬᠦ ᠴᠤᠭᠯᠠᠭᠠᠨ ᠠᠵᠢᠯᠯᠠᠭᠠᠨ ᠢ 2 | ᠤᠳᠠᠭ᠎ᠠ ᠥᠷᠨᠢᠭᠦᠯᠵᠦ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠡᠷᠡᠭᠴᠡᠭᠡ ᠶᠢ ᠪᠦᠲᠦᠮᠵᠢᠲᠡᠶ ᠪᠠᠲᠤᠯᠠᠪᠠ᠃ ᠭᠤᠷᠪᠠ ᠳᠤ᠂ ᠮᠥᠩᠭᠦᠨ ᠭᠦᠢᠯᠭᠡᠭᠡᠨ ᠤ | ᠦᠢᠯᠡᠴᠢᠯᠡᠭᠡᠨ ᠤ ᠲᠠᠪᠴᠠᠩ ᠢ ᠪᠠᠶᠢᠭᠤᠯᠪᠠ᠃ ᠵᠠᠰᠠᠭ ᠤᠨ ᠣᠷᠳᠣᠨ ᠪᠠᠩᠬᠢ ᠠᠵᠤ ᠠᠬᠤᠶᠢᠯᠠᠯ ᠢ ᠵᠣᠯᠭᠠᠭᠤᠯᠬᠤ ᠬᠤᠷᠠᠯ ᠢ ᠡᠷᠬᠢᠯᠡᠵᠦ᠂ 14 ᠬᠤᠣᠰ ᠪᠠᠩᠬᠢ ᠠᠵᠤ | ᠠᠬᠤᠶᠢᠯᠠᠯ ᠤᠨ ᠬᠠᠮᠲᠤᠷᠠᠯᠴᠠᠭᠠᠨ ᠤ ᠰᠠᠨᠠᠮᠵᠢ ᠲᠤᠬᠢᠷᠠᠯᠴᠠᠬᠤ ᠶᠢ ᠠᠬᠢᠭᠤᠯᠵᠤ᠂ ᠵᠥᠪᠯᠡᠯᠴᠡᠭᠡᠷ ᠳᠣᠬᠢᠷᠠᠯᠴᠠᠭᠰᠠᠨ ᠵᠣᠭᠤᠰᠤᠨ ᠤ ᠲᠤᠭ᠎ᠠ 30.4 ᠳ᠋ᠦᠩᠰᠢᠭᠤᠷ | ᠲᠦᠭᠦᠷᠢᠭ ᠲᠤ ᠬᠦᠷᠪᠡ᠃ ︵ᠱᠠᠩᠳᠤ ᠰᠢᠶᠠᠨ ᠤ ᠵᠠᠰᠠᠭ ᠤᠨ ᠣᠷᠳᠣᠨ︶ |