ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ 2025 ᠣᠨ ᠤ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠬᠤ ᠬᠤᠷᠠᠯ ᠵᠢᠴᠢ ᠰᠢᠶᠠᠨ ᠤ ᠬᠡᠪᠴᠢᠶᠡᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷᠯᠢᠭ ᠲᠡᠩᠴᠡᠭᠦᠷᠢᠲᠡᠢ ᠬᠥᠭᠵᠢᠯᠲᠡ ᠪᠠ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠥᠭᠡᠮᠡᠯ ᠬᠠᠷᠠᠭᠠᠯᠵᠠᠯ ᠢ ᠬᠢᠨᠠᠨ ᠵᠢᠯᠣᠭᠤᠳᠴᠤ ᠦᠨᠡᠯᠡᠨ ᠵᠢᠱᠢᠬᠦ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/9
    4 ᠰᠠᠷ᠎ᠠ ᠶᠢᠨ 2 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠦᠬᠠᠢ ᠬᠤᠲᠠ ᠳᠤ 2025 ᠣᠨ ᠤ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠬᠤ ᠵᠢᠴᠢ ᠰᠢᠶᠠᠨ ᠤ ᠬᠡᠪᠴᠢᠶᠡᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷᠯᠢᠭ ᠲᠡᠩᠴᠡᠭᠦᠷᠢᠲᠡᠢ ᠬᠥᠭᠵᠢᠯᠲᠡ ᠪᠣᠯᠤᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠥᠭᠡᠮᠡᠯ ᠬᠠᠷᠠᠭᠠᠯᠵᠠᠯ ᠤᠨ ᠠᠵᠢᠯ ᠢ ᠬᠢᠨᠠᠨ ᠵᠢᠯᠣᠭᠤᠳᠴᠤ ᠦᠨᠡᠯᠡᠨ ᠵᠢᠱᠢᠬᠦ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠶᠡᠷᠦᠩᠬᠡᠢ ᠰᠤᠷᠭᠠᠭᠤᠯᠢ ᠪᠠᠶᠢᠴᠠᠭᠠᠭᠴᠢ ᠵᠦ ᠪᠦᠦ ᠵᠢᠶᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    ᠬᠤᠷᠠᠯ ᠠᠴᠠ ᠰᠤᠷᠭᠠᠨ ᠬᠥᠮᠦᠵᠢᠯ ᠤᠨ ᠬᠦᠴᠦᠷᠬᠡᠭ ᠤᠯᠤᠰ᠂ ᠰᠤᠷᠭᠠᠨ ᠬᠥᠮᠦᠵᠢᠯ ᠤᠨ ᠬᠦᠴᠦᠷᠬᠡᠭ    ᠣᠷᠣᠨ ᠢ ᠪᠠᠶᠢᠭᠤᠯᠬᠤ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ 2024 ᠣᠨ ᠤ ᠪᠦᠬᠦ ᠣᠷᠣᠨ ᠤ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠠᠵᠢᠯ ᠢ ᠪᠦᠬᠦ ᠲᠠᠯ᠎ᠠ ᠪᠠᠷ ᠳ᠋ᠦᠩᠨᠡᠵᠦ᠂ ᠣᠳᠣᠬᠠᠨ ᠤ ᠪᠠᠶᠢᠳᠠᠯ ᠪᠣᠯᠤᠨ ᠡᠭᠦᠷᠭᠡ ᠶᠢ ᠵᠠᠳᠠᠯᠤᠨ᠂ 2025 ᠣᠨ ᠤ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ 2024 ᠣᠨ ᠳᠤ ᠪᠦᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠣᠰᠣ ᠰᠤᠷᠲᠠᠬᠤᠨ ᠢ ᠪᠣᠢ ᠪᠣᠯᠭᠠᠵᠤ ᠬᠥᠮᠦᠨ ᠬᠥᠮᠦᠵᠢᠭᠦᠯᠬᠦ ᠦᠨᠳᠦᠰᠦᠨ ᠡᠭᠦᠷᠭᠡ ᠶᠢᠪᠠᠷᠢᠮᠲᠠᠯᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠤᠨ ᠲᠣᠭᠤᠷᠢᠨ ᠳᠤ᠂ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠠᠵᠢᠯ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠵᠤ᠂ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠵᠡᠷᠭᠡ 8 ᠬᠤᠰᠢᠭᠤ ᠰᠢᠶᠠᠨ ︵ᠲᠣᠭᠤᠷᠢᠭ︶ ᠢ ᠪᠦᠬᠦ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷᠯᠢᠭ ᠲᠡᠩᠴᠡᠭᠦᠷᠢᠲᠡᠢ ᠬᠥᠭᠵᠢᠭᠦᠯᠦᠭᠰᠡᠨ ᠰᠢᠶᠠᠨ ᠢᠶᠠᠷ ᠮᠠᠭᠠᠳᠯᠠᠨ ᠲᠣᠭᠲᠠᠭᠠᠵᠤ᠂ ᠣᠨᠴᠠᠭᠠᠶᠢᠯᠠᠨ ᠦᠬᠠᠢ ᠬᠤᠲᠠ ᠲᠦᠷᠦᠭᠦᠯᠡᠨ ᠥᠪᠡᠷᠲᠡᠭᠡᠨ ᠵᠠᠰᠠᠬᠤ ᠣᠷᠣᠨ ᠤ ᠬᠤᠲᠠ ᠪᠠᠷ ᠨᠢᠭᠡᠴᠢ ᠪᠣᠯᠭᠠᠭᠰᠠᠨ ᠪᠦᠬᠦ ᠬᠡᠪᠴᠢᠶᠡᠨ ᠤ ᠮᠠᠭᠠᠳᠯᠠᠨ ᠳᠣᠭᠲᠠᠭᠠᠯᠲᠠ ᠳᠤ ᠬᠢᠷᠢ ᠲᠡᠩᠴᠡᠵᠦ᠂ ︽ᠦᠬᠠᠢ ᠶᠢᠨ ᠦᠯᠢᠭᠡᠷ ᠳᠠᠭᠤᠷᠢᠶᠠᠯ︾ ᠢ ᠪᠣᠢ ᠪᠣᠯᠭᠠᠪᠠ᠃ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠦᠭᠡᠮᠡᠯ ᠬᠠᠷᠠᠭᠠᠯᠵᠠᠯᠲᠤ ᠰᠢᠶᠠᠨ ᠢ ᠡᠭᠦᠳᠦᠨ ᠪᠠᠶᠢᠭᠤᠯᠬᠤ ᠳᠠᠬᠢᠨ ᠦᠷ᠎ᠡ ᠪᠥᠳᠦᠮᠵᠢ ᠣᠯᠵᠤ᠂ ᠣᠷᠳᠣᠰ ᠬᠤᠲᠠ ᠶᠢᠨ ᠬᠠᠩᠭᠢᠨ ᠬᠤᠰᠢᠭᠤ ᠵᠡᠷᠭᠡ 7 ᠬᠤᠰᠢᠭᠤ ᠰᠢᠶᠠᠨ ︵ᠲᠣᠭᠤᠷᠢᠭ︶ ᠪᠦᠬᠦ ᠤᠯᠤᠰ ᠤᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠦᠭᠡᠮᠡᠯ ᠬᠠᠷᠠᠭᠠᠯᠵᠠᠯᠲᠤ ᠰᠢᠶᠠᠨ ᠢᠶᠠᠷ ᠦᠨᠡᠯᠡᠭᠳᠡᠵᠦ᠂ ᠣᠳᠣ ᠪᠣᠯᠲᠠᠯ᠎ᠠ᠂ ᠪᠦᠬᠦ ᠣᠷᠣᠨ ᠳᠤ ᠨᠢᠭᠡᠨᠲᠡ 16 ᠬᠤᠰᠢᠭᠤ ᠰᠢᠶᠠᠨ ︵ᠲᠣᠭᠤᠷᠢᠭ︶ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠦᠭᠡᠮᠡᠯ ᠬᠠᠷᠠᠭᠠᠯᠵᠠᠯᠲᠤ ᠰᠢᠶᠠᠨ ᠢᠶᠠᠷ ᠦᠨᠡᠯᠡᠭᠳᠡᠭᠰᠡᠨ ᠪᠠᠶᠢᠨ᠎ᠠ ᠭᠡᠵᠦ ᠵᠢᠭᠠᠵᠤ ᠭᠠᠷᠭᠠᠪᠠ᠃    ᠬᠤᠷᠠᠯ ᠠᠴᠠ᠂ 2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ ᠵᠢᠯ ᠪᠠ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠵᠢᠯ ᠪᠣᠯᠤᠨ᠎ᠠ᠂ ᠠᠷᠪᠠᠨ ᠵᠢᠯ ᠳᠤ ᠰᠤᠷᠭᠠᠨ ᠬᠥᠮᠦᠵᠢᠯ ᠤᠨ ᠬᠦᠴᠦᠷᠬᠡᠭ ᠣᠷᠣᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠪᠠᠶᠢᠷᠢᠰᠢᠭᠤᠯᠵᠤ᠂ ᠥᠨᠳᠥᠷ ᠲᠦᠪᠰᠢᠨ ᠢᠶᠠᠷ ᠠᠬᠢᠭᠤᠯᠬᠤ ᠵᠢᠯ ᠪᠣᠯᠤᠨ᠎ᠠ᠃ ᠰᠤᠷᠭᠠᠨ ᠬᠥᠮᠦᠵᠢᠯ ᠤᠨ ᠬᠦᠴᠦᠷᠬᠡᠭ ᠣᠷᠣᠨ ᠤ ᠪᠠᠶᠢᠭᠤᠯᠤᠯᠲᠠ ᠠᠴᠠ ᠰᠤᠷᠭᠠᠨ ᠬᠥᠮᠦᠵᠢᠯ ᠢ ᠬᠢᠨᠠᠨ ᠵᠢᠯᠣᠭᠤᠳᠬᠤ ᠠᠵᠢᠯ ᠳᠤ ᠣᠯᠭᠤᠭᠰᠠᠨ ᠤᠯᠤᠰ ᠲᠥᠷᠥ ᠶᠢᠨ ᠬᠠᠷᠢᠭᠤᠴᠠᠯᠭ᠎ᠠ ᠶᠢ ᠭᠦᠨᠵᠡᠭᠡᠢ ᠡᠵᠡᠮᠳᠡᠵᠦ᠂ ᠵᠠᠰᠠᠭ ᠤᠨ ᠶᠠᠪᠤᠳᠠᠯ ᠢ ᠬᠢᠨᠠᠬᠤ᠂ ᠰᠤᠷᠭᠠᠭᠤᠯᠢ ᠶᠢ ᠬᠢᠨᠠᠬᠤ᠂ ᠦᠨᠡᠯᠡᠨ ᠵᠢᠱᠢᠵᠦ ᠬᠢᠨᠠᠨ ᠪᠠᠶᠢᠴᠠᠭᠠᠬᠤ ᠡᠯ᠎ᠡ ᠵᠦᠢᠯ ᠤᠨ ᠠᠵᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠵᠠᠰᠠᠭ ᠤᠨ ᠣᠷᠳᠣᠨ ᠰᠤᠷᠭᠠᠨ ᠬᠥᠮᠦᠵᠢᠯ ᠢ ᠤᠷᠢᠳ ᠢᠶᠠᠷ ᠬᠥᠭᠵᠢᠭᠦᠯᠬᠦ ᠱᠠᠭᠠᠷᠳᠠᠯᠭ᠎ᠠ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠰᠢᠪᠠᠳᠠᠭᠤᠯᠤᠨ ᠵᠢᠯᠣᠭᠤᠳᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ᠂ ᠪᠦᠬᠦ ᠵᠢᠯ ᠤᠨ ᠭᠤᠣᠯᠳᠠᠯᠭ᠎ᠠ ᠲᠠᠢ ᠠᠵᠢᠯ ᠳᠥᠷᠪᠡᠨ ᠲᠠᠯ᠎ᠠ ᠪᠠᠷ ᠪᠣᠳᠠᠲᠠᠢ ᠶᠢ ᠡᠷᠬᠢᠮᠯᠡᠨ ᠦᠷ᠎ᠡ ᠪᠦᠲᠦᠮᠵᠢ ᠶᠢ ᠡᠷᠬᠢᠮᠯᠡᠬᠦ ᠬᠡᠷᠡᠭᠲᠡᠢ᠃ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ ᠴᠠᠭᠠᠰᠢᠲᠠ ᠰᠢᠯᠤᠭᠤᠳᠬᠠᠵᠤ᠂ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠪᠠᠶᠢᠭᠤᠯᠤᠮᠵᠢ ᠶᠢ ᠲᠡᠭᠦᠯᠳᠡᠷᠵᠢᠭᠦᠯᠵᠦ᠂ ᠰᠤᠷᠭᠠᠭᠤᠯᠢ ᠶᠢ ᠬᠢᠨᠠᠬᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠤᠨ ᠶᠠᠪᠤᠳᠠᠯ ᠢ ᠬᠢᠨᠠᠵᠤ ᠂ ᠰᠤᠷᠭᠠᠭᠤᠯᠢ ᠶᠢ ᠬᠢᠨᠠᠵᠤ᠂ ᠦᠨᠡᠯᠡᠨ ᠵᠢᠱᠢᠵᠦ ᠬᠢᠨᠠᠨ ᠪᠠᠶᠢᠴᠠᠭᠠᠬᠤ ᠶᠢᠨ ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠶᠢ ᠰᠠᠶᠢᠲᠤᠷ ᠬᠡᠷᠡᠭᠵᠢᠭᠦᠯᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ᠃ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠠᠵᠢᠯ ᠤᠨ ᠭᠤᠣᠯᠳᠠᠯᠭ᠎ᠠ ᠶᠢ ᠲᠣᠪᠤᠶᠢᠯᠭᠠᠨ᠂ ᠰᠢᠶᠠᠨ ᠤ ᠬᠡᠪᠴᠢᠶᠡᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷᠯᠢᠭ ᠲᠡᠩᠴᠡᠭᠦᠷᠢᠲᠡᠢ ᠬᠥᠭᠵᠢᠯᠲᠡ ᠪᠠ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠥᠭᠡᠮᠡᠯ ᠬᠠᠷᠠᠭᠠᠯᠵᠠᠯ ᠤᠨ ᠠᠵᠢᠯ ᠢ ᠬᠢᠨᠠᠨ ᠵᠢᠯᠣᠭᠤᠳᠴᠤ ᠦᠨᠡᠯᠡᠨ ᠵᠢᠱᠢᠬᠦ ᠠᠵᠢᠯ ᠢ ᠲᠣᠭᠲᠠᠭᠠᠵᠤ᠂ ᠠᠶᠢᠮᠠᠭ ᠬᠤᠲᠠ᠂ ᠬᠤᠰᠢᠭᠤ ᠰᠢᠶᠠᠨ ᠬᠤᠶᠠᠷ ᠱᠠᠲᠤᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠬᠥᠳᠡᠯᠦᠩᠭᠦᠢ ᠬᠢᠨᠠᠨ ᠪᠠᠶᠢᠴᠠᠭᠠᠵᠤ ᠤᠷᠢᠳᠴᠢᠯᠠᠨ ᠰᠡᠷᠡᠮᠵᠢᠯᠡᠭᠦᠯᠬᠦ ᠶᠢ ᠬᠡᠷᠡᠭᠵᠢᠭᠦᠯᠵᠦ᠂ ᠡᠯ᠎ᠡ ᠭᠠᠵᠠᠷ ᠤᠨ ᠬᠢᠨ ᠡᠭᠦᠳᠦᠨ ᠪᠠᠶᠢᠭᠤᠯᠬᠤ ᠣᠨ ᠤ ᠲᠥᠯᠥᠪᠵᠢᠭᠦᠯᠭᠡ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ︽ᠬᠤᠶᠠᠷ ᠢ ᠬᠥᠩᠭᠡᠷᠡᠭᠦᠯᠬᠦ︾᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ᠂ ᠢᠳᠡᠭᠡᠨ ᠤ ᠠᠮᠤᠷ ᠲᠦᠪᠰᠢᠨ ᠵᠡᠷᠭᠡ ᠶᠢ ᠲᠤᠰᠬᠠᠢ ᠬᠢᠨᠠᠨ ᠵᠢᠯᠣᠭᠤᠳᠬᠤ ᠶᠢ ᠨᠢᠭᠡᠳᠦᠯᠲᠡᠢ ᠲᠥᠯᠥᠪᠯᠡᠨ ᠰᠠᠶᠢᠲᠤᠷ ᠥᠷᠨᠢᠭᠦᠯᠬᠦ ᠬᠡᠷᠡᠭᠲᠡᠢ᠃ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ︽ᠦᠢᠯᠡᠴᠢᠯᠡᠭᠡ ᠶᠢ ᠴᠢᠩᠭᠠᠳᠬᠠᠬᠤ᠂ ᠳᠤᠲᠠᠭᠤᠳᠠᠯ ᠢ ᠨᠥᠬᠦᠪᠥᠷᠢᠯᠡᠬᠦ᠂ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ︾ ᠤᠳᠤᠷᠢᠳᠤᠮᠵᠢ ᠶᠢ ᠪᠠᠷᠢᠮᠲᠠᠯᠠᠵᠤ᠂ ᠪᠠᠶᠢᠩᠭᠤ ᠶᠢᠨ ᠰᠤᠷᠤᠯᠴᠠᠯᠭ᠎ᠠ ᠪᠣᠯᠪᠠᠰᠤᠷᠠᠯ᠂ ᠦᠢᠯᠡᠳᠦᠯᠭᠡ ᠶᠢᠨ ᠪᠠᠶᠢᠴᠠᠭᠠᠨ ᠰᠤᠳᠤᠯᠤᠯᠲᠠ ᠪᠠᠷ ᠰᠤᠷᠭᠠᠭᠤᠯᠢ ᠶᠢ ᠬᠢᠨᠠᠬᠤ ᠡᠩᠨᠡᠭᠡ ᠶᠢᠨ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠬᠡᠷᠡᠭᠲᠡᠢ᠃ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠰᠤᠷᠭᠠᠨ ᠬᠥᠮᠦᠵᠢᠯ ᠤᠨ ᠬᠦᠴᠦᠷᠬᠡᠭ ᠣᠷᠣᠨ ᠤ ᠪᠠᠶᠢᠭᠤᠯᠤᠯᠲᠠ ᠶᠢᠨ ᠶᠡᠷᠦᠩᠬᠡᠢ ᠭᠠᠷᠳᠠᠨ ᠬᠢᠭᠴᠢ ᠪᠣᠯᠤᠭᠰᠠᠨ ᠤ ᠬᠤᠪᠢ ᠳᠤ ︽ᠰᠢᠪᠠᠳᠠᠭᠤᠯᠤᠨ ᠨᠠᠶᠢᠳᠠᠪᠤᠷᠢᠵᠢᠭᠤᠯᠬᠤ︾ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠳᠤ ᠠᠩᠬᠠᠷᠤᠯ ᠢᠶᠠᠨ ᠬᠠᠨᠳᠤᠭᠤᠯᠤᠨ᠂ ᠰᠠᠨᠠᠭᠠᠴᠢᠯᠠᠭ᠎ᠠ ᠠᠴᠠ ᠪᠠᠨ ᠰᠤᠳᠤᠯᠬᠤ ᠴᠢᠬᠤᠯᠠᠲᠠᠢ᠂ ᠰᠢᠢᠳᠪᠦᠷᠢᠯᠡᠬᠦ ᠴᠢᠬᠤᠯᠠᠲᠠᠢ ᠠᠰᠠᠭᠤᠳᠠᠯ ᠢ ᠬᠠᠩᠭᠠᠵᠤ᠂ ᠬᠢᠨᠠᠨ ᠵᠢᠯᠣᠭᠤᠳᠴᠤ ᠢᠯᠡᠷᠡᠭᠦᠯᠦᠭᠰᠡᠨ ᠠᠰᠠᠭᠤᠳᠠᠯ ᠢ ᠣᠷᠣᠨ ᠨᠤᠲᠤᠭ ᠤᠨ ᠵᠠᠰᠠᠭ ᠤᠨ ᠣᠷᠳᠣᠨ ᠳᠤ ᠨᠠᠷᠢᠯᠢᠭ ᠣᠨᠣᠴᠠᠲᠠᠢ ᠬᠠᠷᠢᠭᠤ ᠲᠤᠰᠬᠠᠵᠤ᠂ ᠴᠡᠭᠴᠡᠯᠡᠨ ᠰᠠᠶᠢᠵᠢᠷᠠᠭᠤᠯᠬᠤ ᠡᠬᠡ ᠳᠠᠩᠰᠠ ᠪᠠ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠪᠠᠶᠢᠭᠤᠯᠤᠨ᠂ ︽ᠠᠰᠠᠭᠤᠳᠠᠯ ᠢ ᠢᠯᠡᠷᠡᠭᠦᠯᠬᠦ - ᠫᠠᠶᠢᠰᠠ ᠡᠯᠭᠦᠨ ᠰᠢᠪᠠᠳᠠᠭᠤᠯᠤᠨ ᠭᠦᠢᠴᠡᠳᠬᠡᠬᠦ - ᠴᠡᠭᠴᠡᠯᠡᠨ ᠰᠠᠶᠢᠵᠢᠷᠠᠭᠤᠯᠵᠤ ᠳ᠋ᠤᠭᠠᠷ ᠬᠠᠰᠤᠬᠤ︾ ᠪᠢᠲᠡᠭᠦᠦ ᠴᠠᠭᠠᠷᠢᠭ ᠢ ᠪᠦᠷᠢᠯᠳᠦᠭᠦᠯᠬᠦ ᠬᠡᠷᠡᠭᠲᠡᠢ ᠭᠡᠵᠦ ᠱᠠᠭᠠᠷᠳᠠᠪᠠ᠃     ᠬᠤᠷᠠᠯ ᠳᠡᠭᠡᠷ᠎ᠡ᠂ ᠦᠬᠠᠢ ᠬᠤᠲᠠ᠂ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ᠂ ᠬᠥᠬᠡᠬᠤᠲᠠ ᠶᠢᠨ ᠦᠴᠤᠸᠠᠨ ᠰᠢᠶᠠᠨ᠂ ᠪᠠᠶᠠᠨᠨᠠᠭᠤᠷ ᠬᠤᠲᠠ ᠶᠢᠨ ᠤᠷᠠᠳ ᠤᠨ ᠳᠤᠮᠳᠠᠳᠤ ᠬᠤᠰᠢᠭᠤ᠂ ᠣᠷᠳᠣᠰ ᠬᠤᠲᠠ ᠶᠢᠨ ᠡᠵᠡᠨ ᠬᠤᠷᠤᠭ᠎ᠠ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ᠂ ᠦᠬᠠᠢ ᠬᠤᠲᠠ ᠶᠢᠨ ᠬᠠᠶᠢᠷᠤᠪ ᠤᠨ ᠲᠣᠬᠤᠢ ᠲᠣᠭᠤᠷᠢᠭ ᠤᠨ ᠪᠢᠨ ᠾᠧ ᠪᠠᠭ᠎ᠠ ᠰᠤᠷᠭᠠᠭᠤᠯᠢ ᠶᠢᠨ ᠪᠦᠯᠬᠦᠮᠳᠡᠯ ᠰᠤᠷᠭᠠᠭᠤᠯᠢ ᠶᠢᠨ ᠲᠣᠭᠤᠷᠢᠭ ᠪᠣᠯᠤᠨ ᠰᠢᠯᠢ ᠶᠢᠨ ᠭᠤᠣᠯ ᠠᠶᠢᠮᠠᠭ ᠵᠡᠷᠭᠡ 5 ᠭᠠᠵᠠᠷ ᠣᠷᠣᠨ ᠪᠠ 2 ᠰᠤᠷᠭᠠᠭᠤᠯᠢ ᠰᠠᠨᠠᠯ ᠢᠶᠠᠨ ᠰᠣᠯᠢᠯᠴᠠᠪᠠ᠃    ᠡᠯ᠎ᠡ ᠠᠶᠢᠮᠠᠭ ᠬᠤᠲᠠ ᠶᠢᠨ ᠶᠡᠷᠦᠩᠬᠡᠢ ᠰᠤᠷᠭᠠᠭᠤᠯᠢ ᠪᠠᠶᠢᠴᠠᠭᠠᠭᠴᠢ᠂ ᠬᠢᠨᠠᠨ ᠵᠢᠯᠣᠭᠤᠳᠬᠤ ᠲᠠᠰᠤᠭ ᠤᠨ ᠡᠷᠬᠢᠯᠡᠭᠴᠢ ᠵᠢᠴᠢ ᠬᠠᠮᠢᠶ᠎ᠠ ᠪᠦᠬᠦᠢ ᠬᠤᠰᠢᠭᠤ ᠰᠢᠶᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠠᠷᠢᠭᠤᠴᠠᠯᠭᠠᠲᠠᠨ᠂ ᠬᠢᠨᠠᠨ ᠵᠢᠯᠣᠭᠤᠳᠬᠤ ᠲᠠᠰᠤᠭ ᠤᠨ ᠡᠷᠬᠢᠯᠡᠭᠴᠢ ᠪᠣᠯᠤᠨ ᠬᠡᠰᠡᠭ ᠲᠥᠯᠥᠭᠡᠯᠡᠭᠴᠢ ᠬᠤᠷᠠᠯ ᠳᠤ ᠣᠷᠣᠯᠴᠠᠵᠠᠢ᠃
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ