| | ᠵᠢᠯ ᠤᠨ ᠳᠥᠷᠪᠡᠨ ᠤᠯᠠᠷᠢᠯ ᠳᠤ ᠨᠠᠮᠤᠷ ᠪᠣᠯ ᠨᠢᠭᠡᠨ ᠲᠦᠢᠯ ᠤᠨ ᠴᠢᠬᠤᠯᠠ ᠪᠡᠶ᠎ᠡ ᠰᠤᠪᠢᠯᠠᠯᠲᠠ ᠶᠢᠨ ᠤᠯᠠᠷᠢᠯ ᠪᠣᠯᠤᠨ᠎ᠠ᠂ ᠤᠴᠢᠷ ᠨᠢ ᠬᠦᠢᠲᠡᠨ ᠰᠢᠭᠦᠳᠡᠷᠢ | ᠥᠩᠭᠡᠷᠡᠭᠰᠡᠨ ᠤ ᠳᠠᠷᠠᠭ᠎ᠠ᠂ ᠠᠭᠤᠷ ᠠᠮᠢᠰᠬᠤᠯ ᠰᠡᠷᠢᠭᠦᠬᠡᠨ ᠪᠣᠯᠤᠭᠰᠠᠨ ᠴᠤ᠂ ᠪᠥᠬᠦ ᠪᠡᠶ᠎ᠡ ᠮᠠᠰᠢ ᠠᠮᠠᠷᠬᠠᠨ ᠲᠠᠮᠢᠷ ᠲᠡᠩᠬᠡᠭᠡ ᠥᠬᠡᠶ ᠪᠣᠯᠬᠤ ᠪᠠ ᠵᠠᠯᠬᠠᠭᠤᠷᠠᠬᠤ | ᠲᠥᠷᠥᠭᠳᠡᠯ ᠣᠷᠣᠳᠠᠭ ᠶᠤᠮ᠃ ᠬᠡᠷᠪᠡ ᠡᠨᠡ ᠦᠶ᠎ᠡ ᠳᠤ ᠬᠠᠮᠢᠶ᠎ᠠ ᠪᠦᠬᠦᠢ ᠪᠡᠶ᠎ᠡ ᠰᠤᠪᠢᠯᠠᠯᠲᠠ ᠶᠢᠨ ᠠᠵᠢᠯ ᠢ ᠰᠠᠶᠢᠲᠤᠷ ᠬᠢᠵᠦ ᠴᠢᠳᠠᠪᠠᠯ ᠪᠡᠶ᠎ᠡ ᠮᠠᠬᠠᠪᠣᠳ ᠢᠶᠠᠨ | ᠰᠠᠶᠢᠬᠠᠨ ᠲᠣᠬᠢᠷᠠᠭᠤᠯᠵᠤ ᠴᠢᠳᠠᠬᠤ ᠪᠠᠷ ᠪᠠᠷᠠᠬᠤ ᠦᠭᠡᠢ ᠪᠠᠰᠠ ᠪᠡᠶ᠎ᠡ ᠮᠠᠬᠠᠪᠣᠳ ᠢᠶᠠᠨ ᠤᠯᠠᠮ ᠴᠢᠭᠢᠷᠠᠭᠵᠢᠭᠤᠯᠵᠤ ᠴᠢᠳᠠᠨ᠎ᠠ᠃ | 1. ᠢᠳᠡᠭᠡᠨ ᠤᠮᠳᠠᠭᠠᠨ ᠤᠰᠤᠯᠢᠭ ᠰᠢᠮᠡᠯᠢᠭ ᠪᠠᠶᠢᠬᠤ ᠬᠡᠷᠡᠭᠲᠡᠶ ᠠᠭᠤᠷ ᠠᠮᠢᠰᠬᠤᠯ ᠬᠠᠭᠤᠷᠠᠢ ᠪᠤᠯᠪᠠᠯ ᠠᠭᠤᠰᠭᠢ ᠶᠢ ᠠᠮᠠᠷᠬᠠᠨ ᠭᠡᠮᠲᠦᠭᠡᠵᠦ᠂ ᠪᠡᠶ᠎ᠡ ᠶᠢᠨ | ᠰᠢᠩᠭᠡᠨ ᠢ ᠠᠮᠠᠷᠬᠠᠨ ᠬᠤᠷᠣᠭᠳᠠᠭᠤᠯᠵᠤ᠂ ᠪᠡᠶ᠎ᠡ ᠮᠠᠬᠠᠪᠤᠳ ᠬᠠᠳᠠᠵᠤ ᠰᠢᠷᠭᠢᠭᠰᠡᠨ ᠮᠡᠲᠦ ᠪᠤᠯᠳᠠᠭ᠃ ᠡᠶᠢᠮᠦ ᠠᠴᠠ ︽ᠨᠠᠮᠤᠷ ᠤᠨ ᠤᠯᠠᠷᠢᠯ ᠳᠤ ᠪᠢᠯᠢᠭ ᠢ ᠲᠡᠵᠢᠭᠡᠬᠦ︾ | ᠶᠢ ᠵᠢᠷᠤᠮᠯᠠᠵᠤ᠂ ᠪᠢᠯᠢᠭ ᠢ ᠰᠢᠮᠡᠵᠢᠭᠦᠯᠵᠦ ᠬᠠᠭᠤᠷᠠᠶ ᠶᠢ ᠵᠥᠭᠡᠯᠡᠷᠡᠭᠦᠯᠬᠦ᠂ ᠠᠭᠤᠰᠭᠢ ᠶᠢ ᠰᠢᠮᠡᠵᠢᠭᠦᠯᠬᠦ᠂ ᠬᠠᠯᠠᠭᠤᠨ ᠢ ᠠᠷᠢᠯᠭᠠᠵᠤ ᠬᠠᠯᠠᠭᠤᠨ ᠢ ᠪᠠᠭᠤᠷᠠᠭᠤᠯᠬᠤ | ᠢᠳᠡᠰᠢ ᠶᠢ ᠰᠣᠩᠭᠤᠬᠤ ᠬᠡᠷᠡᠭᠲᠡᠶ᠂ ᠵᠢᠱᠢᠶᠡᠯᠡᠪᠡᠯ ᠮᠥᠩᠭᠦᠨ ᠳᠡᠯᠳᠡᠦ᠂ ᠪᠠᠯ᠂ ᠮᠠᠭᠠᠵᠢ᠂ ᠪᠤᠷᠴᠠᠭ ᠤᠨ ᠵᠤᠳᠠᠩ᠂ ᠯᠢᠩᠬᠸ᠎ᠠ ᠶᠢᠨ ᠦᠨᠳᠦᠰᠦ᠂ ᠬᠤᠰᠢᠭ᠎ᠠ᠂ | ᠯᠣᠬᠠᠱᠧᠩ᠂ ᠨᠤᠭᠤᠰᠤᠨ ᠥᠨᠳᠡᠭᠡ᠂ ᠥᠷᠭᠡᠰᠦᠲᠦ ᠨᠣᠭᠤᠭ᠎ᠠ᠂ ᠯᠤᠤᠪᠠᠩ᠂ ᠠᠷᠤᠷ᠎ᠠ᠂ ᠠᠯᠢᠮ᠎ᠠ᠂ ᠨᠢᠰᠢᠩᠭᠦ ᠵᠡᠷᠭᠡ᠃ ᠠᠮᠠ ᠬᠠᠲᠠᠬᠤ᠂ ᠤᠮᠳᠠᠭᠠᠰᠬᠤ᠂ | ᠬᠤᠭᠤᠯᠠᠶ ᠬᠠᠪᠤᠳᠴᠤ ᠡᠪᠡᠳᠬᠦ ᠵᠡᠷᠭᠡ ᠰᠢᠨᠵᠢ ᠲᠡᠮᠳᠡᠭ ᠢᠯᠡᠷᠡᠬᠦ ᠦᠶ᠎ᠡ ᠳᠤ ᠰᠠᠷᠠᠨ᠎ᠠ᠂ ᠪᠤᠭᠤᠨᠢ ᠰᠠᠷᠠᠨ᠎ᠠ ᠶᠢᠨ ᠦᠨᠳᠦᠰᠦ᠂ ᠴᠢᠨ᠋ᠸ᠎ᠠ ᠶᠢᠨ ᠬᠠᠷᠮᠠᠭ ᠢ ᠤᠰᠤᠨ ᠳᠤ | ᠳᠡᠪᠲᠦᠭᠡᠵᠦ ᠤᠤᠭᠤᠵᠤ ᠪᠣᠯᠤᠨ᠎ᠠ᠃ ᠨᠠᠰᠤᠲᠠᠶᠢᠴᠤᠳ ᠤᠨ ᠠᠷᠠᠰᠤ ᠵᠠᠭᠠᠲᠤᠨᠠᠬᠤ ᠨᠢ ᠣᠯᠠᠩᠬᠢ ᠳᠠᠭᠠᠨ ᠬᠡᠢ ᠴᠢᠰᠤ ᠳᠤᠲᠠᠭᠳᠠᠭᠰᠠᠨ ᠠᠴᠠ ᠪᠣᠯᠤᠭᠰᠠᠨ ᠶᠤᠮ᠂ | ᠢᠳᠡᠭᠡᠨ ᠤᠮᠳᠠᠭᠠᠨ ᠤ ᠵᠠᠰᠠᠯ ᠳᠡᠭᠡᠷ᠎ᠡ ᠴᠢᠪᠠᠭ᠎ᠠ᠂ ᠴᠢᠨ᠋ᠸ᠎ᠠ ᠶᠢᠨ ᠬᠠᠷᠮᠠᠭ᠂ ᠰᠠᠷᠠᠨ᠎ᠠ᠂ ᠨᠠᠩᠭᠢ ᠴᠠᠭᠠᠨ ᠵᠡᠷᠭᠡ ᠶᠢᠨ ᠬᠡᠢ ᠴᠢᠰᠤ ᠶᠢ ᠨᠥᠬᠦᠬᠦ ᠢᠳᠡᠭᠡᠨ ᠢ ᠵᠣᠬᠢᠰᠲᠠᠶ | ᠰᠣᠩᠭᠤᠵᠤ ᠪᠣᠯᠤᠨ᠎ᠠ᠃ ᠠᠯᠢᠮ᠎ᠠ ᠪᠣᠯ ᠨᠠᠮᠤᠷ ᠤᠨ ᠤᠯᠠᠷᠢᠯ ᠳᠤ ᠠᠭᠤᠰᠭᠢ ᠶᠢ ᠵᠥᠭᠡᠯᠡᠯᠡᠬᠦ ᠬᠠᠮᠤᠭ ᠤᠨ ᠰᠠᠶᠢᠨ ᠵᠢᠮᠢᠰ ᠮᠥᠨ᠃ ᠬᠡᠦᠬᠡᠳ ᠤᠨ ᠬᠤᠳᠣᠭᠤᠳᠣ | ᠳᠡᠯᠢᠭᠦᠦ ᠮᠠᠭᠤ᠂ ᠨᠠᠰᠤᠨ ᠳᠤ ᠬᠦᠷᠦᠭᠰᠡᠳ ᠤᠨ ᠪᠡᠶ᠎ᠡ ᠨᠢ ᠬᠦᠢᠲᠡᠨ ᠵᠡᠷᠭᠡ ᠳᠤ ᠬᠠᠮᠤᠭ ᠤᠨ ᠰᠠᠶᠢᠨ ᠨᠢ ᠵᠢᠩᠨᠡᠵᠦ ᠢᠳᠡᠨ᠎ᠡ᠂ ᠪᠠᠰᠠ ᠠᠯᠢᠮ᠎ᠠ ᠶᠢᠨ ᠰᠢᠭᠦᠰᠦ ᠶᠢ | ᠴᠢᠨᠠᠵᠤ ᠤᠤᠭᠤᠵᠤ ᠪᠣᠯᠤᠨ᠎ᠠ᠃ | 2. ᠠᠭᠤᠰᠭᠢ ᠶᠢ ᠲᠡᠵᠢᠭᠡᠬᠦ ᠳᠤ ᠪᠡᠶ᠎ᠡ ᠪᠠᠨ ᠬᠥᠳᠡᠯᠭᠡᠬᠦ ᠬᠡᠷᠡᠭᠲᠡᠶ ᠤᠯᠠᠷᠢᠯ ᠤᠨ ᠬᠤᠪᠢᠷᠠᠯᠲᠠ ᠳᠤ ᠨᠡᠩ ᠰᠠᠶᠢᠨ ᠵᠣᠬᠢᠴᠠᠬᠤ ᠶᠢᠨ ᠲᠥᠯᠥᠭᠡ᠂ ᠵᠣᠬᠢᠰᠲᠠᠶ | ᠪᠣᠯᠪᠠᠰᠤᠷᠠᠵᠤ᠂ ᠠᠭᠤᠰᠭᠢᠨ ᠤ ᠬᠡᠢ ᠶᠢ ᠲᠣᠬᠢᠷᠠᠭᠤᠯᠤᠨ᠂ ᠪᠡᠶ᠎ᠡ ᠮᠠᠬᠠᠪᠣᠳ ᠤᠨ ᠡᠪᠡᠳᠴᠢᠨ ᠢ ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠭᠦᠯᠵᠦ᠂ ᠵᠠᠷᠢᠮ | ᠬᠦᠴᠢᠯᠲᠥ᠋ᠷᠥᠭᠴᠢᠲᠦ ᠬᠥᠳᠡᠯᠭᠡᠭᠡᠨ ᠢ ᠬᠢᠬᠦ ᠬᠡᠷᠡᠭᠲᠡᠶ᠂ ᠢᠳᠡᠷ ᠵᠠᠯᠠᠭᠤ ᠬᠥᠮᠦᠨ ᠠᠭᠤᠯᠠ ᠠᠪᠠᠷᠢᠬᠤ ᠬᠥᠳᠡᠯᠭᠡᠭᠡᠨ ᠢ ᠰᠣᠩᠭᠤᠵᠤ᠂ ᠠᠭᠤᠰᠭᠢᠨ ᠤ ᠠᠮᠢᠰᠬᠤᠯ ᠤᠨ | ᠪᠠᠭᠲᠠᠭᠠᠮᠵᠢ ᠶᠢ ᠨᠡᠮᠡᠭᠳᠡᠭᠦᠯᠦᠨ᠂ ᠴᠢᠰᠤᠨ ᠤ ᠡᠷᠭᠢᠯᠲᠡ ᠶᠢ ᠲᠦᠷᠭᠡᠳᠭᠡᠵᠦ᠂ ᠬᠤᠣᠷᠲᠤ ᠡᠳ᠋ ᠢ ᠭᠠᠳᠠᠭᠰᠢᠯᠠᠭᠤᠯᠬᠤ ᠳᠤ ᠠᠰᠢᠭᠲᠠᠶ ᠪᠣᠯᠭᠠᠨ᠎ᠠ᠃ ᠨᠠᠰᠤᠲᠠᠶᠢᠴᠤᠳ | ᠨᠡᠷᠡᠭᠦᠢ ᠨᠢᠳᠤᠷᠭ᠎ᠠ ᠪᠤᠯᠪᠠᠰᠦᠷᠠᠬᠤ ᠨᠢ ᠳᠦᠷᠪᠡᠨ ᠮᠥᠴᠢ ᠶᠢ ᠳᠡᠯᠭᠡᠨ ᠬᠡᠢ ᠴᠢᠰᠤ ᠶᠢ ᠨᠡᠪᠲᠡᠷᠡᠭᠦᠯᠤᠨᠡ᠃ ᠬᠢᠲᠠᠳ ᠡᠮᠨᠡᠯᠭᠡ ᠳᠤ ᠨᠠᠮᠤᠷ ᠪᠤᠯ ᠲᠠᠪᠤᠨ ᠮᠠᠬᠠᠪᠣᠳ ᠤᠨ | ᠠᠯᠲᠠ ᠳᠤ ᠬᠠᠷᠢᠶᠠᠯᠠᠭᠳᠠᠨ᠎ᠠ᠂ ᠠᠯᠲᠠ ᠨᠢ ᠠᠭᠤᠰᠭᠢ ᠲᠠᠢ ᠵᠣᠬᠢᠴᠠᠨ᠎ᠠ᠂ ᠡᠶᠢᠮᠦ ᠠᠴᠠ ᠠᠭᠤᠰᠭᠢᠨ ᠤ ᠬᠡᠢ ᠪᠠᠭᠤᠷᠠᠶ ᠬᠥᠮᠦᠰ ᠨᠠᠮᠤᠷ ᠤᠨ ᠤᠯᠠᠷᠢᠯ ᠳᠤ ᠠᠮᠠᠷᠬᠠᠨ | ᠵᠠᠷᠢᠮ ᠠᠭᠤᠰᠭᠢᠨ ᠰᠢᠰᠲ᠋ᠧᠮ ᠤᠨ ᠡᠪᠡᠳᠴᠢᠨ᠂ ᠵᠢᠱᠢᠶᠡᠯᠡᠪᠡᠯ᠂ ᠲᠠᠭᠰᠢᠭᠤᠷ᠂ ᠬᠠᠨᠢᠶᠠᠳᠦ᠂ ᠠᠭᠰᠠᠭ᠎ᠠ ᠵᠡᠷᠭᠡ ᠪᠣᠯᠤᠨ᠎ᠠ᠃ ᠬᠤᠭᠤᠯᠠᠶ ᠬᠠᠪᠤᠳᠴᠤ ᠡᠪᠡᠳᠬᠦ᠂ | ᠬᠠᠲᠠᠬᠤ᠂ ᠰᠥᠭᠡᠩᠭᠢᠳᠡᠬᠦ ᠵᠡᠷᠭᠡ ᠡᠪᠡᠳᠴᠢᠨ ᠤ ᠰᠢᠨᠵᠢ ᠢᠯᠡᠷᠡᠵᠤ᠂ ᠬᠡᠷᠪᠡ ᠪᠢᠯᠢᠭ ᠪᠠᠷᠠᠭᠳᠠᠵᠤ ᠠᠭᠤᠰᠭᠢ ᠬᠠᠭᠤᠷᠠᠶᠢᠳᠠᠬᠤ ᠵᠠᠯᠭᠢᠭᠤᠷ ᠲᠥᠪᠣᠩᠬᠡᠶ ᠶᠢᠨ | ᠦᠷᠪᠢᠰᠦᠯ ᠳᠤ ᠲᠣᠭᠠᠴᠠᠭᠳᠠᠪᠠᠯ᠂ ᠪᠠᠯ ᠲᠠᠢ ᠯᠢᠩᠬᠸ᠎ᠠ ᠶᠢᠨ ᠰᠢᠭᠦᠰᠦ ᠶᠢ ᠲᠤᠬᠢᠷᠠᠭᠤᠯᠵᠤ ᠤᠤᠭᠤᠪᠠᠯ ᠰᠠᠶᠢᠨ᠃ ᠪᠠᠯ ᠨᠢ ᠬᠠᠭᠤᠷᠠᠶ ᠶᠢ ᠵᠥᠭᠡᠯᠡᠷᠡᠭᠦᠯᠬᠦ᠂ ᠪᠢᠯᠢᠭ ᠢ | ᠰᠢᠮᠡᠵᠢᠭᠦᠯᠵᠦ ᠵᠢᠰᠦ ᠭᠤᠶᠣᠯᠠᠬᠤ᠂ ᠳᠠᠷᠤᠯᠲᠠ ᠶᠢ ᠪᠠᠭᠤᠷᠠᠭᠤᠯᠤᠨ ᠬᠤᠷᠭᠤᠰᠤᠯᠠᠬᠤ ᠶᠢ ᠵᠠᠰᠠᠳᠠᠭ᠂ ᠯᠢᠩᠬᠸ᠎ᠠ ᠶᠢᠨ ᠦᠨᠳᠦᠰᠦ ᠨᠢ ᠬᠠᠷᠢᠨ ᠬᠠᠯᠠᠭᠤᠨ ᠢ ᠠᠷᠢᠯᠭᠠᠵᠤ | ᠴᠢᠰᠤ ᠶᠢ ᠰᠡᠷᠢᠭᠦᠴᠡᠭᠦᠯᠬᠦ᠂ ᠰᠡᠳᠭᠢᠯ ᠰᠠᠨᠠᠭ᠎ᠠ ᠶᠢ ᠲᠠᠶᠢᠪᠤᠰᠢᠷᠠᠭᠤᠯᠬᠤ ᠦᠢᠯᠡᠳᠦᠯ ᠲᠠᠢ ᠲᠤᠯᠠ ᠯᠢᠩᠬᠸ᠎ᠠ ᠶᠢᠨ ᠦᠨᠳᠦᠰᠦ 500 ᠭᠷᠠᠮ᠂ ᠵᠥᠭᠡᠶ ᠶᠢᠨ ᠪᠠᠯ 20 | ᠭᠷᠠᠮ ᠢ ᠠᠪᠴᠤ᠂ ᠣᠷᠢᠳᠡᠪᠡᠷ ᠰᠢᠨ᠎ᠡ ᠰᠣᠷᠭᠤᠭ ᠯᠢᠩᠬᠸ᠎ᠠ ᠶᠢᠨ ᠦᠨᠳᠦᠰᠦ ᠶᠢ ᠤᠬᠢᠶᠠᠵᠤ ᠴᠡᠪᠡᠷᠯᠡᠭᠰᠡᠨ ᠤ ᠳᠠᠷᠠᠭ᠎ᠠ ᠰᠢᠭᠦᠰᠦ ᠪᠣᠯᠭᠠᠨ ᠰᠢᠬᠠᠵᠤ᠂ ᠳᠠᠬᠢᠨ ᠪᠠᠯ | ᠬᠢᠵᠦ ᠤᠤᠭᠤᠵᠤ ᠪᠣᠯᠤᠨ᠎ᠠ᠃ | 3. ᠠᠷᠭ᠎ᠠ ᠶᠢ ᠲᠡᠵᠢᠭᠡᠬᠦ ᠳᠤ ᠳᠤᠯᠠᠭᠠᠨ ᠢ ᠠᠩᠬᠠᠷᠬᠤ ᠬᠡᠷᠡᠭᠲᠡᠶ ᠨᠠᠮᠣᠷ ᠪᠤᠯᠪᠠᠯ ᠠᠷᠭ᠎ᠠ ᠬᠡᠶ ᠠᠭᠠᠵᠢᠮ ᠢᠶᠠᠷ ᠬᠤᠷᠢᠶᠠᠭᠳᠠᠵᠤ᠂ ᠪᠢᠯᠢᠭ ᠬᠡᠶ ᠠᠭᠠᠵᠢᠮ ᠢᠶᠠᠷ | ᠣᠷᠳᠣ ᠪᠣᠯᠳᠠᠭ᠂ ᠭᠠᠭᠴᠠ ᠬᠦ ᠠᠷᠭ᠎ᠠ ᠬᠡᠶ ᠶᠢ ᠭᠦᠢᠴᠡᠳ ᠲᠥᠪᠯᠡᠷᠡᠭᠦᠯᠪᠡᠯ ᠰᠠᠶ᠋ᠢ ᠡᠪᠦᠯ ᠤᠨ ᠬᠦᠢᠲᠡᠨ ᠠᠴᠠ ᠠᠶᠤᠬᠤ ᠥᠬᠡᠶ ᠪᠠᠶᠢᠳᠠᠭ᠃ ᠠᠷᠭ᠎ᠠ ᠬᠡᠶ ᠶᠢ | ᠬᠤᠷᠢᠶᠠᠬᠤ ᠳᠤ ᠠᠷᠤ ᠨᠢᠷᠤᠭᠤ ᠶᠢ ᠳᠤᠯᠠᠭᠠᠯᠠᠬᠤ ᠬᠡᠷᠡᠭᠲᠡᠶ᠃ ᠡᠭᠦᠨ ᠠᠴᠠ ᠭᠠᠳᠠᠨ᠎ᠠ᠂ ᠤᠨᠲᠠᠬᠤ ᠳᠠᠭᠠᠨ ᠴᠣᠩᠬᠤ ᠪᠠᠨ ᠬᠠᠭᠠᠵᠤ᠂ ᠬᠦᠢᠲᠡᠨ ᠬᠡᠮ ᠳᠤ | ᠲᠠᠭᠠᠷᠢᠭᠳᠠᠬᠤ ᠠᠴᠠ ᠰᠡᠷᠭᠡᠶᠢᠯᠡᠬᠦ ᠬᠡᠷᠡᠭᠲᠡᠶ᠃ ᠨᠠᠮᠤᠷ ᠪᠣᠯᠪᠡᠯ ᠬᠤᠳᠣᠭᠤᠳᠣ ᠭᠡᠳᠡᠰᠦᠨ ᠤ ᠠᠵᠢᠯᠯᠠᠭ᠎ᠠ ᠠᠨᠠᠶ ᠬᠥᠮᠦᠰ ᠤᠨ ᠬᠤᠳᠣᠭᠤᠳᠣᠨ ᠬᠦᠴᠢᠯ᠂ ᠬᠤᠳᠣᠭᠤᠳᠣ | ᠴᠢᠨᠦᠷᠡᠬᠦ᠂ ᠬᠤᠳᠣᠭᠤᠳᠣ ᠡᠪᠡᠳᠬᠦ ᠨᠢ ᠣᠯᠠᠰᠢᠷᠠᠳᠠᠭ᠃ ᠵᠢᠭᠠᠬᠠᠨ ᠼᠤᠤ ᠲᠠᠢ ᠭᠠ ᠶᠢ ᠳᠡᠪᠲᠦᠭᠡᠵᠦ ᠬᠦᠢᠲᠡᠨ ᠬᠡᠢ ᠶᠢ ᠬᠥᠭᠡᠭᠡᠵᠦ ᠠᠷᠭ᠎ᠠ ᠭᠡᠢ ᠶᠢ | ᠳᠡᠭᠡᠭᠰᠢᠯᠡᠭᠦᠯᠦᠨ᠎ᠡ᠂ ᠡᠭᠦᠨ ᠳᠤ ᠰᠢᠨ᠎ᠡ ᠰᠣᠷᠭᠤᠭ ᠲᠦᠭᠦᠬᠡᠶ ᠭᠠ ᠶᠢ ᠬᠡᠰᠡᠭᠯᠡᠨ ᠬᠡᠷᠴᠢᠵᠦ᠂ ᠵᠢᠵᠢᠭ ᠯᠣᠩᠬᠤ ᠣᠯᠵᠤ ᠼᠤᠤ ᠪᠠᠷ ᠳᠡᠪᠲᠦᠭᠡᠭᠡᠳ ᠥᠷᠯᠥᠭᠡ ᠪᠦᠷᠢ | ᠥᠯᠥᠨ ᠢᠶᠠᠷ ᠬᠤᠶᠠᠷ ᠭᠤᠷᠪᠠᠨ ᠬᠡᠰᠡᠭ ᠢ ᠢᠳᠡᠨ᠎ᠡ᠃ ᠢᠯᠠᠩᠭᠤᠶ᠎ᠠ ᠢᠰᠭᠦᠯᠡᠩ ᠤᠰᠤ ᠪᠠᠷ ᠪᠥᠭᠡᠯᠵᠢᠬᠦ᠂ ᠰᠠᠭᠤᠯᠭᠠᠬᠤ᠂ ᠬᠦᠯ ᠭᠠᠷ ᠳᠠᠭᠠᠷᠠᠳᠠᠭ ᠬᠥᠮᠦᠰ ᠲᠤ ᠡᠨᠡ | ᠠᠷᠭ᠎ᠠ ᠮᠠᠰᠢ ᠲᠤᠰᠠᠲᠠᠢ᠃ ᠬᠢᠲᠠᠳ ᠡᠮᠨᠡᠯᠭᠡ ᠶᠢᠨ ᠪᠡᠶ᠎ᠡ ᠰᠤᠪᠢᠯᠠᠯᠲᠠ ᠶᠢᠨ ᠡᠷᠳᠡᠮᠲᠡᠳ ᠨᠠᠮᠤᠷ ᠤᠨ ᠤᠯᠠᠷᠢᠯ ᠳᠤ ᠥᠷᠯᠥᠭᠡ ᠪᠦᠷᠢ ᠰᠢᠩᠭᠡᠨ ᠪᠤᠳᠠᠭ᠎ᠠ ᠢᠳᠡᠬᠦ ᠶᠢ | ᠰᠠᠨᠠᠭᠠᠴᠢᠯᠠᠳᠠᠭ᠂ ᠤᠴᠢᠷ ᠨᠢ ᠨᠠᠮᠤᠷ ᠤᠨ ᠡᠬᠢ ᠪᠠᠷ ᠳᠡᠯᠢᠭᠦᠦ ᠬᠤᠳᠣᠭᠤᠳᠣ ᠬᠤᠭᠤᠰᠣᠷᠠᠵᠤ᠂ ᠡᠪᠡᠳᠴᠢᠨ ᠢ ᠡᠰᠡᠷᠭᠦᠴᠡᠬᠦ ᠴᠢᠳᠠᠪᠤᠷᠢ ᠮᠠᠭᠤᠳᠠᠳᠠᠭ᠃ ᠡᠨᠡ | ᠦᠶ᠎ᠡ ᠳᠤ ᠬᠡᠷᠪᠡ ᠪᠦᠯᠢᠶᠡᠨ ᠢᠳᠡᠭᠡᠨ ᠢᠳᠡᠬᠦ᠂ ᠣᠨᠴᠠᠭᠠᠶᠢᠯᠠᠨ ᠬᠠᠯᠠᠭᠤᠨ ᠡᠮᠲᠦ ᠬᠤᠭᠤᠯᠠ ᠢᠳᠡᠪᠡᠯ ᠪᠡᠶ᠎ᠡ ᠳᠤ ᠰᠠᠶᠢᠨ᠂ ᠵᠢᠱᠢᠶᠡᠯᠡᠪᠡᠯ ᠰᠠᠷᠠᠨ᠎ᠠ ᠯᠢᠩᠬᠸ᠎ᠠ ᠶᠢᠨ | ᠦᠷ᠎ᠡ ᠲᠠᠢ ᠰᠢᠩᠭᠡᠨ ᠪᠤᠳᠠᠭ᠎ᠠ ᠮᠡᠲᠦ᠃ ᠡᠭᠦᠨ ᠠᠴᠠ ᠭᠠᠳᠠᠨ᠎ᠠ ᠲᠤᠲᠤᠷᠭ᠎ᠠ᠂ ᠰᠢᠯᠦᠬᠡᠶ ᠲᠤᠲᠤᠷᠭ᠎ᠠ ᠨᠢ ᠪᠦᠷ ᠳᠡᠯᠢᠭᠦᠦ ᠬᠤᠳᠣᠭᠤᠳᠣ ᠶᠢ ᠰᠠᠶᠢᠵᠢᠷᠠᠭᠤᠯᠵᠤ᠂ | ᠬᠡᠢ ᠶᠢ ᠨᠥᠬᠦᠬᠦ ᠦᠢᠯᠡᠳᠦᠯ ᠢᠶᠠᠷ ᠮᠠᠰᠢ ᠰᠠᠶᠢᠨ ᠪᠠᠶᠢᠳᠠᠭ᠃ | 4. ᠬᠡᠢ ᠴᠢᠰᠤ ᠶᠢ ᠨᠦᠬᠦᠬᠦ ᠳᠤ ᠡᠷᠲᠡ ᠤᠨᠲᠠᠬᠤ ᠬᠡᠷᠡᠭᠲᠡᠶ ︽ᠬᠤᠸᠠᠩᠳᠢ ᠶᠢᠨ ᠳᠤᠲᠤᠷ ᠡᠮᠨᠡᠯᠭᠡ︾ ᠳᠤ ᠡᠷᠲᠡ ᠤᠨᠲᠠᠵᠤ ᠡᠷᠲᠡ ᠪᠣᠰᠬᠤ ᠨᠢ ᠨᠠᠮᠤᠷ ᠤᠨ | ᠤᠯᠠᠷᠢᠯ ᠤᠨ ᠣᠨᠴᠠᠯᠢᠭ ᠲᠤ ᠵᠣᠬᠢᠴᠠᠬᠤ ᠶᠢᠨ ᠲᠥᠯᠥᠭᠡ ᠭᠡᠵᠤ ᠲᠡᠮᠳᠡᠭᠯᠡᠵᠡᠢ᠃ ᠣᠷᠣᠢ ᠶᠢᠨ 11 ᠴᠠᠭ ᠠᠴᠠ ᠡᠮᠦᠨ᠎ᠡ ᠤᠨᠲᠠᠵᠤ᠂ ᠥᠷᠯᠥᠭᠡ ᠶᠢᠨ 6 ᠴᠠᠭ ᠤᠨ | ᠦᠶ᠎ᠡ ᠪᠠᠷ ᠪᠣᠰᠪᠠᠯ ᠨᠡᠯᠢᠶᠡᠳ ᠲᠣᠬᠢᠷᠠᠮᠵᠢᠲᠠᠶ᠃ ᠦᠷᠭᠦᠯᠵᠢ ᠰᠥᠨᠢᠵᠢᠨ ᠠᠵᠢᠯᠯᠠᠳᠠᠭ ᠬᠥᠮᠦᠨ ᠴᠠᠭ ᠲᠤᠬᠠᠶ ᠳᠤᠨᠢ ᠴᠢᠨᠠᠷ ᠰᠠᠶᠢᠲᠠᠶ ᠤᠭᠤᠷᠠᠭ ᠪᠣᠯᠤᠨ ᠸᠢᠲ᠋ᠠᠮᠢᠨ | A ᠨᠥᠬᠦᠬᠦ ᠬᠡᠷᠡᠭᠲᠡᠶ᠃ ᠣᠷᠣᠢ ᠤᠨᠲᠠᠬᠤ ᠠᠴᠠ ᠪᠠᠨ ᠡᠮᠦᠨ᠎ᠡ ᠬᠥᠯ ᠢᠶᠠᠨ ᠳᠡᠪᠲᠦᠭᠡᠪᠡᠯ ᠨᠦᠢᠷ ᠬᠤᠯᠵᠢᠬᠤ ᠶᠢ ᠰᠡᠷᠭᠡᠶᠢᠯᠡᠨ᠎ᠡ᠃ ᠡᠭᠦᠨ ᠠᠴᠠ ᠭᠠᠳᠠᠨ᠎ᠠ᠂ | ᠥᠪᠡᠷ ᠢ ᠪᠠᠨ ᠲᠣᠬᠢᠷᠠᠭᠤᠯᠬᠤ ᠪᠠᠷ ᠳᠡᠮᠵᠢᠨ ᠬᠡᠢ ᠴᠢᠰᠦ ᠶᠢ ᠨᠦᠬᠦᠵᠤ ᠪᠣᠯᠤᠨ᠎ᠠ᠂ ᠢᠳᠡᠭᠡᠨ ᠤᠮᠳᠠᠭᠠᠨ ᠤ ᠲᠠᠯ᠎ᠠ ᠪᠠᠷ ᠭᠤᠱᠤᠭᠤᠨ᠂ ᠰᠡᠷᠢᠭᠦᠨ᠂ ᠬᠦᠢᠲᠡᠨ | ᠢᠳᠡᠭᠡᠨ ᠢ ᠪᠠᠭ᠎ᠠ ᠢᠳᠡᠵᠦ᠂ ᠰᠢᠩᠭᠡᠨ ᠰᠢᠮᠡᠯᠢᠭ ᠢᠳᠡᠭᠡᠨ ᠢᠶᠠᠷ ᠭᠤᠤᠯ ᠪᠣᠯᠭᠠᠨ᠎ᠠ᠃ ᠤᠯᠠᠭᠠᠨ ᠴᠢᠪᠠᠭ᠎ᠠ ᠲᠠᠢ ᠥᠨᠳᠡᠭᠡᠨ ᠱᠥᠯᠥ ᠬᠡᠢ ᠴᠢᠰᠤ ᠶᠢ ᠰᠢᠮᠡᠵᠢᠭᠦᠯᠵᠦ | ᠴᠢᠳᠠᠨ᠎ᠠ᠃ ᠰᠦᠨ ᠣᠷᠬᠤᠳᠠᠶ 9 ᠭᠷᠠᠮ᠂ ᠤᠯᠠᠭᠠᠨ ᠴᠢᠪᠠᠭ᠎ᠠ 20 ᠭᠷᠠᠮ᠂ ᠤᠯᠠᠭᠠᠨ ᠪᠤᠷᠴᠠᠭ 20 ᠭᠷᠠᠮ᠂ ᠬᠤᠯᠢᠮ᠎ᠠ ᠶᠢᠨ ᠴᠥᠮ᠎ᠡ 20 ᠭᠷᠠᠮ ᠢ ᠤᠬᠢᠶᠠᠨ | ᠴᠡᠪᠡᠷᠯᠡᠭᠡᠳ ᠬᠠᠮᠲᠤ ᠲᠣᠭᠤᠭᠠᠨ ᠳᠠᠭᠠᠨ ᠬᠢᠵᠦ᠂ ᠪᠤᠷᠠᠮ 20 ᠭᠷᠠᠮ᠂ ᠵᠣᠬᠢᠬᠤ ᠬᠡᠮᠵᠢᠶᠡᠨ ᠤ ᠤᠰᠤ ᠨᠡᠮᠡᠵᠦ ᠴᠢᠨᠠᠵᠤ ᠪᠤᠯᠭᠤᠨ᠎ᠠ᠃ ᠡᠨᠡ ᠨᠢ ᠨᠠᠮᠤᠷ ᠤᠨ | ᠰᠡᠷᠢᠭᠦᠦ ᠳᠤ ᠪᠡᠶ᠎ᠡ ᠲᠠᠮᠢᠷᠳᠠᠨ ᠰᠤᠯᠠᠷᠠᠬᠤ ᠶᠢ ᠵᠠᠰᠠᠬᠤ ᠳᠤ ᠲᠤᠰᠠᠳᠠᠢ᠃ | |