3 ᠳ᠋ᠤᠭᠠᠷ ᠰᠠᠷ᠎ᠠ ᠶᠢᠨ 28 ᠤ ᠡᠳᠦᠷ ᠬᠥᠬᠡᠬᠤᠲᠠ ᠶᠢᠨ ᠵᠠᠰᠠᠮᠠᠯ ᠵᠠᠮ ᠤᠨ ᠲᠡᠭᠡᠭᠡᠪᠦᠷᠢ ᠶᠢᠨ ᠲᠥᠷᠥᠯ ᠤᠨ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ | ᠠᠩᠬᠠᠳᠠᠭᠴᠢ ᠠᠵᠢᠯᠯᠠᠬᠤ ᠲᠠᠯᠠᠪᠤᠷ ᠵᠢᠩᠬᠢᠨᠢ ᠪᠠᠷ ᠠᠰᠢᠭᠯᠠᠯᠲᠠ ᠳᠤ ᠣᠷᠣᠪᠠ᠃ ︽ᠳᠤᠮᠳᠠᠳᠤ ᠤᠯᠤᠰ • ᠬᠥᠬᠡᠬᠤᠲᠠ — ᠮᠣᠩᠭᠤᠯ ᠤᠯᠤᠰ • | ᠤᠯᠠᠭᠠᠨᠪᠠᠭᠠᠲᠤᠷ︾ TIR ᠤᠯᠤᠰ ᠤᠨ ᠲᠡᠭᠡᠭᠡᠪᠦᠷᠢ ᠶᠢᠨ ᠱᠤᠭᠤᠮ ᠠᠯᠪᠠᠨ ᠶᠣᠰᠣᠭᠠᠷ ᠨᠡᠪᠲᠡᠷᠡᠪᠡ᠃ TIR ᠡᠭᠡᠯᠵᠢ ᠶᠢᠨ ᠠᠴᠢᠶᠠᠨ ᠤ ᠮᠠᠰᠢᠨ ᠲᠡᠷᠭᠡ ᠨᠦᠭᠦᠳ ᠢ | ᠪᠸᠢ ᠰᠢᠩ ᠠᠵᠤ ᠦᠢᠯᠡᠰ ᠤᠨ ᠪᠡᠯᠡ ᠣᠷᠣᠭᠤᠯᠤᠨ ᠬᠥᠭᠵᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠠᠴᠠ ᠵᠣᠬᠢᠶᠠᠨ ᠪᠠᠶᠢᠭᠤᠯᠵᠤ ᠲᠡᠭᠡᠭᠡᠪᠦᠷᠢᠯᠡᠨ | ᠶᠠᠪᠤᠭᠤᠯᠵᠤ᠂ ᠶᠡᠷᠦᠩᠬᠡᠢ ᠪᠠᠷᠠᠭᠠᠨ ᠤ ᠥᠷᠲᠡᠭ ᠨᠢ 40 ᠲᠦᠮᠡᠨ ᠲᠥᠭᠦᠷᠢᠭ ᠤᠨ ᠬᠦᠢᠲᠡᠨ ᠬᠡᠯᠬᠢᠶᠡᠲᠦ ᠬᠥᠮᠥᠷᠭᠡᠯᠡᠨ ᠬᠠᠳᠠᠭᠠᠯᠠᠬᠤ ᠲᠥᠬᠦᠭᠡᠷᠦᠮᠵᠢ ᠶᠢ | ᠠᠴᠢᠶᠠᠯᠠᠭᠠᠳ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠲᠤᠭᠤᠷᠢᠭ ᠤᠨ ᠵᠠᠰᠠᠮᠠᠯ ᠵᠠᠮ ᠤᠨ ᠲᠡᠭᠡᠭᠡᠪᠦᠷᠢ ᠶᠢᠨ ᠲᠥᠷᠥᠯ ᠤᠨ ᠪᠣᠭᠤᠮᠲᠠ ᠶᠢᠨ ᠬᠢᠨᠠᠯᠲᠠ | ᠬᠠᠮᠢᠶᠠᠷᠤᠯᠲᠠ ᠶᠢᠨ ᠠᠵᠢᠯᠯᠠᠬᠤ ᠲᠠᠯᠠᠪᠤᠷ ᠢᠶᠠᠷ ᠰᠢᠭᠤᠳ ᠭᠠᠷᠭᠠᠨ ᠶᠠᠪᠤᠭᠤᠯᠤᠭᠰᠠᠨ ᠤ ᠳᠠᠷᠠᠭ᠎ᠠ᠂ ᠡᠷᠢᠶᠡᠨ ᠬᠤᠲᠠ ᠶᠢᠨ ᠬᠢᠯᠢ ᠶᠢᠨ ᠪᠣᠭᠤᠮᠲᠠ ᠪᠠᠷ ᠬᠢᠯᠢ ᠠᠴᠠ | ᠭᠠᠷᠴᠤ᠂ ᠮᠣᠩᠭᠤᠯ ᠤᠯᠤᠰ ᠤᠨ ᠵᠠᠮ ᠤᠨ ᠡᠭᠦᠳᠡ ᠠᠴᠠ ᠤᠯᠠᠭᠠᠨᠪᠠᠭᠠᠲᠤᠷ ᠲᠤ ᠰᠢᠭᠤᠳ ᠬᠦᠷᠦᠨ᠎ᠡ᠂ ᠨᠠᠭᠠᠰᠢ ᠴᠠᠭᠠᠰᠢ ᠢᠷᠡᠵᠦ ᠪᠤᠴᠠᠬᠤ ᠦᠶᠡᠯᠡᠯ ᠤᠨ | ᠬᠤᠭᠤᠴᠠᠭ᠎ᠠ ᠨᠢ 3 ᠡᠳᠦᠷ ᠪᠠᠶᠢᠵᠤ᠂ ᠲᠡᠭᠡᠭᠡᠪᠦᠷᠢ ᠶᠢᠨ ᠴᠠᠭ ᠢ 200% ᠠᠴᠠ ᠳᠡᠭᠡᠭᠰᠢ ᠪᠠᠷ ᠠᠷᠪᠢᠯᠠᠵᠤ᠂ ᠲᠡᠭᠡᠭᠡᠪᠦᠷᠢ ᠶᠢᠨ ᠵᠠᠷᠤᠳᠠᠯ ᠢ 50% ᠪᠠᠷ ᠠᠷᠪᠢᠯᠠᠬᠤ | ᠪᠣᠯᠤᠨ᠎ᠠ᠃ ︵ᠬᠥᠬᠡᠬᠤᠲᠠ ᠶᠢᠨ ᠵᠠᠰᠠᠭ ᠤᠨ ᠣᠷᠳᠣᠨ︶ | | |