| | ᠨᠢᠭᠡ᠂ ᠲᠥᠷᠥ ᠶᠢᠨ ᠪᠣᠳᠣᠯᠭ᠎ᠠ ᠶᠢᠨ ᠠᠬᠤᠢ ᠪᠠᠶᠢᠳᠠᠯ᠄ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠪᠤᠶᠢᠺᠤ ᠪᠥᠮᠪᠦᠭᠡ ᠶᠢᠨ ᠦᠢᠯᠡᠰ ᠤᠨ ᠬᠥᠭᠵᠢᠯᠲᠡ ᠶᠢ ᠠᠬᠢᠭᠤᠯᠬᠤ ᠲᠤᠬᠠᠶ ᠰᠠᠨᠠᠯ︾ ︵ᠥᠪᠥᠷ | ᠵᠠᠰᠠᠭ ᠠᠯᠪᠠᠨ ᠲᠠᠷᠬᠠᠭᠠᠭᠰᠠᠨ ﹇2024﹈ 20 ᠳ᠋ᠤᠭᠠᠷ ᠲᠣᠭᠠᠲᠤ︶ ᠪᠣᠯᠤᠨ ︽ᠬᠥᠯᠥᠨ ᠪᠤᠶᠢᠷ ᠬᠤᠲᠠ ᠶᠢᠨ ᠪᠤᠶᠢᠺᠤ ᠪᠥᠮᠪᠦᠭᠡ ᠶᠢᠨ ᠦᠢᠯᠡᠰ ᠤᠨ | ᠬᠥᠭᠵᠢᠯᠲᠡ ᠶᠢ ᠠᠬᠢᠭᠤᠯᠬᠤ ᠠᠵᠢᠯ ᠤᠨ ᠠᠷᠭ᠎ᠠ ᠬᠡᠮᠵᠢᠶ᠎ᠡ︾ ︵ᠬᠦᠯᠦᠨ ᠵᠠᠰᠠᠭ ᠠᠯᠪᠠᠨ ᠲᠠᠷᠬᠠᠭᠠᠭᠰᠠᠨ ﹇2024﹈ 42 ᠳ᠋ᠤᠭᠠᠷ ᠲᠣᠭᠠᠲᠤ︶ ᠶᠢᠨ ᠵᠣᠷᠢᠭ | ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠤᠶᠢᠺᠤ ᠪᠥᠮᠪᠦᠭᠡ ᠶᠢᠨ ᠦᠢᠯᠡᠰ ᠤᠨ ᠬᠥᠭᠵᠢᠯᠲᠡ ᠶᠢᠨ | ᠬᠠᠷᠠᠯᠲᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠤᠰᠠᠳᠠ᠂ ᠬᠥᠯᠥᠨ ᠪᠤᠶᠢᠷ ᠬᠤᠲᠠ ︽ᠬᠦᠯᠦᠨ ᠪᠤᠶᠢᠷ ᠬᠤᠲᠠ ᠶᠢᠨ ᠪᠤᠶᠢᠺᠤ ᠪᠥᠮᠪᠦᠭᠡ ᠶᠢᠨ ᠦᠢᠯᠡᠰ ᠤᠨ | ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠵᠢᠭᠦᠯᠬᠦ ᠲᠥᠰᠦᠯ︾ ᠢ ᠲᠣᠭᠲᠠᠭᠠᠪᠠ᠃ ᠲᠣᠰ ᠲᠥᠰᠦᠯ ᠤᠨ ᠵᠣᠷᠢᠯᠭ᠎ᠠ ᠨᠢ ᠠᠯᠢ ᠣᠯᠠᠨ ᠠᠷᠭ᠎ᠠ ᠬᠡᠮᠵᠢᠶ᠎ᠡ ᠪᠠᠷ | ᠳᠠᠮᠵᠢᠭᠤᠯᠤᠨ᠂ ᠪᠥᠬᠦ ᠬᠤᠲᠠ ᠶᠢᠨ ᠪᠤᠶᠢᠺᠤ ᠪᠥᠮᠪᠦᠭᠡ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠪᠤᠶᠢᠺᠤ ᠪᠥᠮᠪᠦᠭᠡ ᠶᠢᠨ ᠬᠥᠳᠡᠯᠭᠡᠭᠡᠨ ᠤ | ᠲᠦᠭᠡᠮᠡᠯᠵᠢᠯᠲᠡ ᠪᠠ ᠤᠷᠤᠯᠳᠤᠭᠠᠨ ᠤ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ ᠶᠤᠮ᠃ | ᠬᠤᠶᠠᠷ᠂ ᠵᠢᠯᠣᠭᠤᠳᠬᠤ ᠦᠵᠡᠯ ᠰᠠᠨᠠᠭᠠᠨ ᠤ ᠦᠨᠳᠦᠰᠦᠨ ᠵᠠᠷᠴᠢᠮ ᠲᠤᠰ ᠲᠥᠰᠦᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ | ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠴᠢᠨᠠᠷ ᠰᠠᠶᠢᠲᠠᠢ | ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠪᠤᠶᠢᠺᠤ ᠪᠥᠮᠪᠦᠭᠡ ᠶᠢ ᠲᠦᠭᠡᠮᠡᠯᠵᠢᠭᠦᠯᠬᠦ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ | ᠤᠷᠤᠯᠳᠤᠭᠠᠨ ᠤ ᠲᠦᠪᠰᠢᠨ ᠢ ᠳᠡᠭᠡᠭᠰᠢᠯᠡᠭᠦᠯᠵᠦ᠂ ᠪᠡᠯᠡᠳᠬᠡᠯ ᠴᠢᠳᠠᠪᠤᠷᠢᠲᠠᠨ ᠢ ᠬᠥᠮᠦᠵᠢᠭᠦᠯᠵᠦ᠂ ᠠᠵᠤ ᠦᠢᠯᠡᠰ ᠤᠨ ᠬᠥᠭᠵᠢᠯᠲᠡ ᠶᠢ ᠪᠤᠶᠢᠵᠢᠭᠤᠯᠤᠨ᠎ᠠ᠃ | ᠲᠥᠰᠦᠯ ᠨᠢ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ᠂ ᠪᠥᠬᠦ ᠲᠠᠯ᠎ᠠ ᠪᠠᠷ ᠬᠥᠭᠵᠢᠭᠦᠯᠬᠦ᠂ ᠭᠦᠨᠵᠡᠭᠡᠶ ᠠᠭᠤᠰᠤᠯᠴᠠᠬᠤ᠂ ᠬᠠᠮᠵᠢᠯᠴᠠᠨ ᠬᠥᠭᠵᠢᠭᠦᠯᠬᠦ ᠵᠢᠴᠢ | ᠨᠠᠷᠢᠨ ᠨᠢᠮᠪᠠᠶ ᠲᠥᠯᠥᠪᠯᠡᠨ ᠵᠣᠬᠢᠶᠠᠨ ᠪᠠᠶᠢᠭᠤᠯᠬᠤ᠂ ᠲᠦᠭᠡᠮᠡᠯᠵᠢᠭᠦᠯᠦᠨ ᠬᠥᠭᠵᠢᠭᠦᠯᠬᠦ ᠦᠨᠳᠦᠰᠦᠨ ᠵᠠᠷᠴᠢᠮ ᠢ ᠵᠢᠷᠤᠮᠯᠠᠵᠤ᠂ ᠪᠥᠬᠦ ᠬᠤᠲᠠ ᠶᠢᠨ ᠬᠡᠪᠴᠢᠶᠡᠨ ᠳᠤ | ᠪᠤᠶᠢᠺᠤ ᠪᠥᠮᠪᠦᠭᠡ ᠶᠢᠨ ᠦᠢᠯᠡᠰ ᠤᠨ ᠬᠥᠭᠵᠢᠯᠲᠡ ᠶᠢᠨ ᠰᠢᠨ᠎ᠡ ᠲᠤᠭᠲᠠᠮᠵᠢ ᠶᠢ ᠪᠣᠶ ᠪᠣᠯᠭᠠᠬᠤ ᠪᠠᠷ ᠴᠢᠷᠮᠠᠶᠢᠨ᠎ᠠ᠃ | ᠭᠤᠷᠪᠠ᠂ ᠭᠤᠣᠯ ᠬᠠᠷᠠᠯᠲᠠ | ᠲᠥᠰᠥᠯ ᠨᠢ ᠣᠶᠢᠷ᠎ᠠ ᠶᠢᠨ ᠬᠤᠭᠤᠴᠠᠭ᠎ᠠ᠂ ᠳᠤᠮᠳᠠ ᠬᠤᠭᠤᠴᠠᠭ᠎ᠠ ᠪᠠ ᠠᠯᠤᠰ ᠤᠨ ᠬᠠᠷᠠᠯᠲᠠ ᠶᠢ ᠲᠤᠭᠲᠠᠭᠠᠪᠠ᠃ ᠣᠶᠢᠷ᠎ᠠ ᠶᠢᠨ ᠬᠤᠭᠤᠴᠠᠭᠠᠨ ᠤ | ᠬᠠᠷᠠᠯᠲᠠ ᠨᠢ ᠪᠦᠬᠦ ᠬᠤᠲᠠ ᠶᠢᠨ ᠪᠤᠶᠢᠺᠤ ᠪᠥᠮᠪᠦᠭᠡ ᠶᠢᠨ ᠬᠥᠳᠡᠯᠭᠡᠭᠡᠨ ᠢ ᠲᠦᠭᠡᠮᠡᠯᠵᠢᠭᠦᠯᠦᠨ ᠬᠥᠭᠵᠢᠭᠦᠯᠬᠦ ᠶᠢ ᠠᠬᠢᠭᠤᠯᠬᠤ᠂ ᠲᠠᠯᠠᠪᠤᠷ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠬᠦ᠂ ᠪᠣᠯᠪᠠᠰᠤᠷᠠᠯ ᠤᠨ ᠰᠠᠭᠤᠷᠢᠨ ᠭᠠᠵᠠᠷ ᠢ ᠪᠠᠶᠢᠭᠤᠯᠬᠤ᠂ ᠪᠡᠯᠡᠳᠬᠡᠯ ᠴᠢᠳᠠᠪᠤᠷᠢᠲᠠᠨ ᠤ ᠰᠤᠷᠭᠠᠭᠤᠯᠢ ᠶᠢ ᠪᠤᠶᠢᠵᠢᠭᠤᠯᠬᠤ ᠵᠡᠷᠭᠡ | ᠪᠠᠭᠲᠠᠨ᠎ᠠ᠃ ᠳᠤᠮᠳᠠ ᠬᠤᠭᠤᠴᠠᠭᠠᠨ ᠤ ᠬᠠᠷᠠᠯᠲᠠ ᠨᠢ ᠲᠤᠰᠬᠠᠶ ᠮᠡᠷᠭᠡᠵᠢᠯ ᠤᠨ ᠡᠩᠨᠡᠭᠡᠨ ᠤ ᠶᠡᠷᠦᠩᠬᠡᠶᠢᠯᠡᠭᠰᠡᠨ ᠲᠦᠪᠰᠢᠨ ᠢ ᠳᠡᠭᠡᠭᠰᠢᠯᠡᠭᠦᠯᠬᠦ᠂ ᠥᠨᠳᠥᠷ ᠬᠢᠷᠢ | ᠲᠦᠪᠰᠢᠨ ᠪᠥᠬᠦᠶ ᠤᠷᠤᠯᠳᠤᠭᠠᠨ ᠳᠤ ᠣᠷᠣᠯᠴᠠᠬᠤ ᠶᠢᠨ ᠬᠠᠮᠲᠤ ᠰᠢᠯᠢᠳᠡᠭ ᠬᠢᠷᠢ ᠪᠦᠲᠦᠮᠵᠢ ᠤᠯᠬᠤ᠂ ᠴᠢᠳᠠᠪᠤᠷᠢᠲᠠᠨ ᠤ ᠪᠣᠯᠪᠠᠰᠤᠷᠠᠭᠤᠯᠤᠯ ᠤᠨ ᠰᠢᠰᠲ᠋ᠧᠮ ᠢ | ᠲᠡᠭᠦᠯᠳᠡᠷᠵᠢᠭᠦᠯᠬᠦ ᠵᠡᠷᠭᠡ ᠳᠤ ᠠᠩᠬᠠᠷᠤᠯ ᠢᠶᠠᠨ ᠲᠥᠪᠯᠡᠷᠡᠭᠦᠯᠦᠨ᠎ᠡ᠃ ᠠᠯᠤᠰ ᠤᠨ ᠬᠠᠷᠠᠯᠲᠠ ᠨᠢ ᠤᠯᠠᠨ ᠤᠯᠤᠰ ᠤᠨ ᠪᠠ ᠤᠯᠤᠰ ᠤᠨ ᠳᠣᠲᠣᠭᠠᠳᠤ ᠶᠢᠨ | ᠠᠯᠳᠠᠷᠰᠢᠯ ᠲᠠᠢ ᠪᠤᠶᠢᠺᠤ ᠪᠥᠮᠪᠦᠭᠡ ᠶᠢᠨ ᠤᠷᠤᠯᠳᠤᠭᠠᠨ ᠤ ᠲᠦᠷᠦᠯ ᠲᠡᠮᠳᠡᠭ ᠢ ᠪᠣᠶ ᠪᠣᠯᠭᠠᠵᠤ ᠪᠤᠶᠢᠺᠤ ᠪᠥᠮᠪᠦᠭᠡ ᠶᠢᠨ ᠬᠥᠳᠡᠯᠭᠡᠭᠡᠨ ᠢ ᠠᠵᠤ ᠦᠢᠯᠡᠰᠵᠢᠭᠦᠯᠬᠦ | ᠬᠥᠭᠵᠢᠯᠲᠡ ᠶᠢ ᠠᠬᠢᠭᠤᠯᠬᠤ ᠪᠠᠷ ᠭᠤᠣᠯᠳᠠᠭᠤᠯᠵᠤ ᠪᠠᠶᠢᠭᠠᠳ ᠣᠯᠢᠮᠫᠢᠺ ᠤᠨ ᠲᠠᠮᠢᠷ ᠤᠨ ᠴᠤᠭᠯᠠᠭᠠᠨ ᠳᠡᠭᠡᠷ᠎ᠡ ᠱᠠᠩᠨᠠᠯ ᠣᠯᠬᠤ ᠪᠠᠷ ᠴᠢᠷᠮᠠᠶᠢᠨ᠎ᠠ᠃ | ᠳᠥᠷᠪᠡ᠂ ᠭᠤᠤᠯᠳᠠᠯᠭ᠎ᠠ ᠲᠠᠢ ᠡᠭᠦᠷᠭᠡ | 1. ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠲᠦᠪ ᠬᠤᠲᠠ ᠲᠣᠭᠤᠷᠢᠭ ᠪᠠ ᠮᠤᠷᠢᠨᠳᠠᠪᠠᠭ᠎ᠠ ᠳᠠᠭᠤᠷ ᠦᠨᠳᠦᠰᠦᠲᠡᠨ ᠤ | ᠥᠪᠡᠷᠲᠡᠭᠡᠨ ᠵᠠᠰᠠᠬᠤ ᠬᠤᠰᠢᠭᠤ ᠵᠡᠷᠭᠡ ᠭᠠᠵᠠᠷ ᠲᠤ ᠪᠤᠶᠢᠺᠤ ᠪᠥᠮᠪᠦᠭᠡ ᠶᠢᠨ ᠰᠤᠷᠭᠠᠭᠤᠯᠢᠯᠠᠯ ᠤᠨ ᠰᠠᠭᠤᠷᠢᠨ ᠭᠠᠵᠠᠷ ᠪᠠᠶᠢᠭᠤᠯᠵᠤ᠂ ᠲᠠᠯᠠᠪᠠᠢ ᠣᠷᠳᠣᠨ ᠤ | ᠪᠡᠯᠡᠳᠬᠡᠮᠵᠢ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠡᠯ᠎ᠡ ᠱᠠᠲᠤᠨ ᠤ ᠡᠩᠨᠡᠭᠡᠨ ᠤ ᠰᠤᠷᠭᠠᠭᠤᠯᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ | 2. ᠪᠡᠯᠡᠳᠬᠡᠯ ᠴᠢᠳᠠᠪᠤᠷᠢᠲᠠᠨ ᠢ ᠬᠥᠮᠦᠵᠢᠭᠦᠯᠬᠦ ᠡᠷᠴᠢᠮ ᠢ ᠴᠢᠩᠭᠠᠷᠠᠭᠤᠯᠤᠨ᠎ᠠ᠃ ᠪᠣᠯᠪᠠᠰᠤᠷᠠᠯ ᠤᠨ ᠲᠥᠪ ᠢ ᠳᠡᠭᠡᠭᠰᠢ ᠳᠡᠰ ᠳᠡᠪᠰᠢᠭᠦᠯᠦᠨ ᠬᠠᠮ | ᠳᠠᠰᠬᠠᠯᠵᠢᠭᠤᠯᠤᠭᠴᠢ ᠶᠢᠨ ᠪᠦᠯᠬᠦᠮ ᠵᠤᠬᠢᠶᠠᠨ ᠪᠠᠶᠢᠭᠤᠯᠬᠤ᠂ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠶ ᠪᠣᠯᠪᠠᠰᠤᠷᠠᠯ ᠤᠨ ᠲᠥᠰᠦᠯ ᠲᠣᠭᠲᠠᠭᠠᠬᠤ ᠵᠡᠷᠭᠡ | ᠠᠷᠭ᠎ᠠ ᠬᠡᠮᠵᠢᠶ᠎ᠡ ᠪᠠᠷ ᠳᠠᠮᠵᠢᠭᠤᠯᠤᠨ ᠪᠤᠶᠢᠺᠤ ᠪᠥᠮᠪᠦᠭᠡ ᠶᠢᠨ ᠡᠩᠨᠡᠭᠡᠨ ᠤ ᠤᠷᠤᠯᠳᠤᠭᠠᠨ ᠤ ᠲᠦᠪᠰᠢᠨ ᠢ ᠲᠠᠰᠤᠷᠠᠯᠲᠠ ᠤᠢᠭᠡᠢ ᠳᠡᠭᠡᠭᠰᠢᠯᠡᠬᠦᠯᠦᠨ᠎ᠡ᠃ | ᠡᠭᠦᠨ ᠤ ᠬᠠᠮᠲᠤ᠂ ᠵᠠᠯᠠᠭᠤᠴᠤᠳ ᠪᠠᠭᠠᠴᠤᠳ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠭᠠᠵᠤ᠂ ᠪᠤᠶᠢᠺᠤ ᠪᠥᠮᠪᠦᠭᠡ ᠶᠢ ᠡᠯ᠎ᠡ ᠱᠠᠲᠤᠨ ᠤ ᠰᠤᠷᠭᠠᠭᠤᠯᠢ ᠳᠤ | ᠲᠦᠭᠡᠮᠡᠯᠵᠢᠭᠦᠯᠬᠦ ᠶᠢ ᠠᠬᠢᠭᠤᠯᠤᠨ᠎ᠠ᠃ | 3. ᠤᠷᠤᠯᠳᠤᠭᠠᠨ ᠤ ᠲᠦᠷᠦᠯ ᠲᠡᠮᠳᠡᠭ ᠢ ᠨᠠᠷᠢᠨ ᠨᠢᠮᠪᠠᠶ ᠡᠭᠦᠳᠦᠨ᠎ᠡ᠃ | ᠬᠤᠲᠠ ᠶᠢᠨ ᠱᠠᠲᠤᠨ ᠤ ᠪᠤᠶᠢᠺᠤ ᠪᠥᠮᠪᠦᠭᠡ ᠶᠢᠨ ᠨᠡᠶᠢᠭᠡᠮᠯᠢᠭ᠂ ᠺᠯᠦ᠋ᠪ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠡᠯ᠎ᠡ ᠲᠥᠷᠥᠯ ᠤᠨ ᠤᠷᠤᠯᠳᠤᠭᠠᠨ ᠤ | ᠠᠵᠢᠯᠯᠠᠭ᠎ᠠ ᠡᠷᠬᠢᠯᠡᠬᠦ ᠶᠢ ᠬᠦᠲᠦᠯᠦᠨ ᠵᠢᠯᠤᠭᠤᠳᠤᠨ᠎ᠠ᠂ ᠪᠤᠶᠢᠺᠤ ᠪᠥᠮᠪᠦᠭᠡ ᠶᠢᠨ ᠬᠥᠳᠡᠯᠭᠡᠭᠡᠨ ᠤ ᠠᠯᠳᠠᠷᠰᠢᠯ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃ | ᠡᠭᠦᠨ ᠤ ᠬᠠᠮᠲᠤ᠂ ᠪᠦᠬᠦ ᠣᠷᠣᠨ ᠴᠢᠨᠠᠭᠰᠢᠯᠠᠪᠠᠯ ᠪᠦᠬᠦ ᠤᠯᠤᠰ ᠤᠨ ᠴᠢᠨᠠᠷᠲᠠᠶ ᠨᠡᠷᠡᠲᠦ ᠲᠡᠮᠳᠡᠭᠲᠦ ᠶᠢᠨ ᠤᠷᠤᠯᠳᠤᠭᠠᠨ ᠪᠠ ᠪᠣᠯᠪᠠᠰᠤᠷᠠᠯ ᠤᠨ ᠬᠤᠸᠠᠷᠠᠨ ᠢ ᠳᠠᠭᠠᠭᠠᠨ | ᠡᠷᠬᠢᠯᠡᠬᠦ ᠪᠠᠷ ᠢᠳᠡᠪᠬᠢᠯᠡᠨ ᠴᠢᠷᠮᠠᠶᠢᠨ᠎ᠠ᠃ | 4. ᠪᠤᠶᠢᠺᠤ ᠪᠥᠮᠪᠦᠭᠡ ᠶᠢᠨ ᠰᠣᠶᠣᠯ ᠢ ᠪᠠᠳᠠᠷᠠᠭᠤᠯᠵᠤ᠂ ᠪᠤᠶᠢᠺᠤ ᠪᠥᠮᠪᠦᠭᠡ ᠶᠢᠨ ᠠᠵᠤ ᠦᠢᠯᠡᠰ ᠢ ᠬᠥᠭᠵᠢᠭᠦᠯᠦᠨ ᠪᠤᠶᠢᠵᠢᠭᠤᠯᠤᠨ᠎ᠠ᠃ ᠪᠤᠶᠢᠺᠤ ᠪᠥᠮᠪᠦᠭᠡ ᠶᠢᠨ | ᠰᠣᠶᠣᠯ ᠢ ᠭᠦᠨᠵᠡᠭᠡᠢ ᠠᠭᠤᠳᠠᠯᠬᠤ ᠥᠪᠡᠷᠮᠢᠴᠡ ᠡᠭᠦᠰᠦᠯ ᠵᠢᠴᠢ ᠬᠥᠭᠵᠢᠯᠲᠡ ᠶᠢᠨ ᠶᠠᠪᠤᠴᠠ ᠶᠢ ᠤᠮᠠᠷᠠᠲᠤ ᠬᠢᠯᠢ ᠶᠢᠨ ᠰᠣᠶᠣᠯ ᠤᠨ ᠪᠦᠲᠦᠭᠡᠨ ᠪᠠᠶᠢᠭᠤᠯᠤᠯᠲᠠ ᠳᠤ | ᠠᠭᠤᠰᠤᠯᠴᠠᠭᠤᠯᠤᠨ᠎ᠠ᠃ ᠡᠯ᠎ᠡ ᠭᠠᠵᠠᠷ ᠤᠨ ︽ᠪᠡᠶ᠎ᠡ ᠶᠢᠨ ᠲᠠᠮᠢᠷ ᠢ ᠠᠭᠤᠰᠤᠯᠴᠠᠭᠤᠯᠤᠨ ᠬᠥᠭᠵᠢᠭᠦᠯᠬᠦ ᠵᠠᠭᠪᠤᠷ︾ ᠢ ᠬᠠᠶᠢᠨ ᠰᠦᠪᠡᠭᠴᠢᠯᠡᠵᠦ ᠪᠤᠶᠢᠺᠤ ᠪᠥᠮᠪᠦᠭᠡ ᠶᠢᠨ | ᠤᠷᠤᠯᠳᠤᠭᠠᠨ ᠤ ᠲᠣᠭᠯᠠᠯᠲᠠ᠂ ᠤᠷ᠎ᠠ ᠴᠢᠳᠠᠪᠤᠷᠢ ᠶᠢᠨ ᠰᠤᠳᠤᠯᠤᠨ ᠰᠤᠷᠤᠯᠴᠠᠬᠤ᠂ ᠪᠡᠶ᠎ᠡ ᠴᠢᠭᠢᠷᠠᠭᠵᠢᠭᠤᠯᠵᠤ ᠰᠡᠯᠡᠭᠦᠴᠡᠨ ᠠᠮᠠᠷᠠᠬᠤ ᠵᠡᠷᠭᠡ ᠤᠯᠠᠨ ᠡᠰᠢᠲᠦ | ᠬᠦᠷᠢᠶᠡᠨ ᠤ ᠬᠥᠭᠵᠢᠯᠲᠡ ᠶᠢ ᠠᠬᠢᠭᠤᠯᠬᠤ ᠶᠢ ᠳᠡᠮᠵᠢᠨ᠎ᠡ᠃ ᠡᠭᠦᠨ ᠤ ᠬᠠᠮᠲᠤ᠂ ᠪᠤᠶᠢᠺᠤ ᠪᠥᠮᠪᠦᠭᠡ ᠶᠢᠨ ᠰᠣᠶᠣᠯ ᠢ ᠤᠬᠠᠭᠤᠯᠬᠤ ᠪᠠ ᠳᠡᠯᠭᠡᠷᠡᠭᠦᠯᠬᠦ ᠠᠵᠢᠯ ᠢ | ᠴᠢᠩᠭᠠᠳᠬᠠᠵᠤ᠂ ᠠᠷᠠᠳ ᠣᠯᠠᠨ ᠤ ᠪᠤᠶᠢᠺᠤ ᠪᠥᠮᠪᠦᠭᠡ ᠶᠢᠨ ᠬᠥᠳᠡᠯᠭᠡᠭᠡᠨ ᠤ ᠲᠤᠬᠠᠶ ᠠᠩᠬᠠᠷᠤᠯ ᠪᠠ ᠳᠤᠷ᠎ᠠ ᠰᠣᠨᠢᠷᠬᠠᠯ ᠢ ᠳᠡᠭᠡᠭᠰᠢᠯᠡᠭᠦᠯᠦᠨ᠎ᠡ᠃ | ᠲᠠᠪᠤ᠂ ᠠᠵᠢᠯ ᠤᠨ ᠱᠠᠭᠠᠷᠳᠠᠯᠭ᠎ᠠ | ᠲᠥᠯᠥᠪᠯᠡᠨ ᠠᠬᠢᠭᠤᠯᠵᠤ᠂ ᠭᠤᠤᠯᠳᠠᠯᠭ᠎ᠠ ᠲᠠᠢ ᠬᠦᠴᠢᠷᠳᠡᠯ ᠢ ᠴᠠᠭ ᠲᠤᠬᠠᠶ ᠳᠤᠨᠢ ᠰᠤᠳᠤᠯᠤᠨ ᠰᠢᠢᠳᠪᠦᠷᠢᠯᠡᠨ᠎ᠡ᠃ ᠡᠯ᠎ᠡ ᠬᠠᠮᠢᠶ᠎ᠠ ᠪᠦᠬᠦᠢ ᠰᠠᠯᠠᠭ᠎ᠠ | ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠦᠨᠳᠦᠰᠦᠯᠡᠨ᠂ ᠪᠣᠳᠠᠲᠠᠶ ᠠᠵᠢᠯ ᠤᠨ ᠲᠥᠰᠦᠯ ᠢᠶᠠᠨ ᠨᠠᠷᠢᠯᠢᠬᠵᠢᠭᠤᠯᠵᠤ᠂ | ᠬᠠᠷᠢᠭᠤᠴᠠᠯᠭ᠎ᠠ ᠶᠢᠨ ᠭᠤᠤᠯ ᠴᠣᠭᠴᠠ ᠪᠠ ᠠᠬᠢᠴᠠ ᠶᠢᠨ ᠱᠠᠭᠠᠷᠳᠠᠯᠭ᠎ᠠ ᠶᠢ ᠲᠣᠳᠣᠷᠬᠠᠶᠢᠯᠠᠨ᠂ ᠬᠦᠴᠦᠨ ᠵᠦᠢᠯ ᠤᠨ ᠡᠬᠢ ᠪᠠᠶᠠᠯᠢᠭ ᠢ ᠵᠦᠢ ᠵᠣᠬᠢᠰᠲᠠᠶ | ᠲᠣᠬᠢᠷᠠᠭᠤᠯᠵᠤ᠂ ᠡᠯ᠎ᠡ ᠵᠦᠢᠯ ᠤᠨ ᠠᠵᠢᠯ ᠤᠨ ᠡᠭᠦᠷᠭᠡ ᠪᠠᠨ ᠴᠠᠭ ᠲᠤ ᠪᠠᠨ ᠳᠠᠭᠤᠰᠬᠠᠬᠤ ᠶᠢ ᠦᠨᠡᠨᠬᠦ ᠪᠠᠲᠤᠯᠠᠨ᠎ᠠ᠃ ᠬᠥᠯᠥᠨ ᠪᠤᠶᠢᠷ ᠤᠨ ᠲᠥᠪ ᠬᠤᠲᠠ | ᠲᠣᠭᠤᠷᠢᠭ ᠪᠣᠯᠤᠨ ᠮᠣᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ ᠬᠥᠲᠥᠯᠥᠨ ᠳᠠᠭᠠᠭᠤᠯᠵᠤ ᠵᠢᠱᠢᠶ᠎ᠡ ᠦᠵᠡᠭᠦᠯᠬᠦ ᠦᠢᠯᠡᠳᠦᠯ ᠢᠶᠠᠨ | ᠦᠨᠡᠨ ᠬᠦ ᠰᠠᠶᠢᠲᠤᠷ ᠪᠠᠳᠠᠷᠠᠭᠤᠯᠵᠤ᠂ ᠪᠤᠰᠤᠳ ᠬᠤᠰᠢᠭᠤ ᠬᠤᠲᠠ ᠲᠣᠭᠤᠷᠢᠭ ᠴᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠦᠴᠦᠲᠡᠶ ᠠᠷᠭ᠎ᠠ ᠬᠡᠮᠵᠢᠶ᠎ᠡ | ᠠᠪᠴᠤ᠂ ᠪᠥᠬᠦ ᠬᠤᠲᠠ ᠶᠢᠨ ᠪᠤᠶᠢᠺᠤ ᠪᠥᠮᠪᠦᠭᠡ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠬᠠᠮᠲᠤ ᠪᠠᠷ ᠠᠬᠢᠭᠤᠯᠤᠨ᠎ᠠ᠃ | ᠶᠡᠷᠦᠩᠭᠡᠶᠢᠯᠡᠪᠡᠯ ︽ᠬᠥᠯᠥᠨ ᠪᠤᠶᠢᠷ ᠬᠤᠲᠠ ᠶᠢᠨ ᠪᠤᠶᠢᠺᠤ ᠪᠥᠮᠪᠦᠭᠡ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠵᠢᠭᠦᠯᠬᠦ ᠲᠥᠰᠦᠯ | ︾ ᠢ ᠨᠡᠶᠢᠲᠡᠯᠡᠭᠰᠡᠨ ᠨᠢ ᠬᠥᠯᠥᠨ ᠪᠤᠶᠢᠷ ᠬᠤᠲᠠ ᠶᠢᠨ ᠪᠤᠶᠢᠺᠤ ᠪᠥᠮᠪᠦᠭᠡ ᠶᠢᠨ ᠦᠢᠯᠡᠰ ᠤᠨ ᠬᠥᠭᠵᠢᠯᠲᠡ ᠶᠢ ᠠᠬᠢᠭᠤᠯᠬᠤ ᠲᠠᠯ᠎ᠠ ᠪᠠᠷ ᠪᠠᠲᠤᠲᠠᠢ ᠨᠢᠭᠡ ᠠᠯᠬᠤᠮ | ᠠᠯᠬᠤᠭᠰᠠᠨ ᠢ ᠬᠠᠷᠠᠭᠤᠯᠵᠤ ᠪᠠᠶᠢᠨ᠎ᠠ᠃ ᠲᠣᠰ ᠲᠥᠰᠦᠯ ᠢ ᠬᠡᠷᠡᠭᠵᠢᠭᠦᠯᠬᠦ ᠪᠠᠷ ᠳᠠᠮᠵᠢᠭᠤᠯᠤᠨ᠂ ᠬᠥᠯᠥᠨ ᠪᠤᠶᠢᠷ ᠬᠤᠲᠠ ᠶᠢᠨ ᠪᠤᠶᠢᠺᠤ ᠪᠥᠮᠪᠦᠭᠡ ᠶᠢᠨ ᠬᠥᠳᠡᠯᠭᠡᠭᠡᠨ ᠢ | ᠲᠦᠭᠡᠮᠡᠯᠵᠢᠭᠦᠯᠬᠦ ᠬᠡᠮᠵᠢᠶ᠎ᠡ ᠪᠠ ᠤᠷᠤᠯᠳᠤᠭᠠᠨ ᠤ ᠲᠦᠪᠰᠢᠨ ᠢ ᠳᠡᠭᠡᠭᠰᠢᠯᠡᠭᠦᠯᠬᠦ ᠳᠤ ᠠᠰᠢᠭᠲᠠᠶ ᠪᠠᠶᠢᠵᠤ᠂ ᠨᠠᠩ ᠣᠯᠠᠨ ᠰᠢᠯᠢᠳᠡᠭ ᠲᠠᠮᠢᠷᠴᠢᠨ ᠢ ᠬᠥᠮᠦᠵᠢᠭᠦᠯᠬᠦ᠂ | ᠤᠯᠠᠨ ᠤᠯᠤᠰ ᠤᠨ ᠪᠠ ᠤᠯᠤᠰ ᠤᠨ ᠳᠣᠲᠣᠭᠠᠳᠤ ᠶᠢᠨ ᠠᠯᠳᠠᠷᠰᠢᠯ ᠲᠠᠢ ᠪᠤᠶᠢᠺᠤ ᠪᠥᠮᠪᠦᠭᠡ ᠶᠢᠨ ᠤᠷᠤᠯᠳᠤᠭᠠᠨ ᠤ ᠨᠠᠷᠠᠲᠤ ᠲᠡᠮᠳᠡᠭᠲᠦ ᠶᠢ ᠪᠣᠶ ᠪᠣᠯᠭᠠᠬᠤ ᠳᠤ ᠪᠠᠲᠤ | ᠪᠠᠬᠢ ᠰᠠᠭᠤᠷᠢ ᠲᠠᠯᠪᠢᠵᠤ ᠥᠭᠬᠦ ᠪᠣᠯᠤᠨ᠎ᠠ᠃ | |