ᠲᠦᠪᠰᠢᠨ ᠨᠡᠶᠢᠭᠡᠮ ᠲᠣᠭᠤᠷᠢᠭ ᠡᠷᠦᠬᠡ ᠳᠤ ᠣᠷᠣᠵᠤ ᠭᠠᠯ ᠰᠡᠷᠭᠡᠶᠢᠯᠡᠬᠦ ᠮᠡᠳᠡᠯᠭᠡ ᠶᠢ ᠤᠬᠠᠭᠤᠯᠵᠤ᠂ ᠰᠠᠭᠤᠭᠠᠯᠢ ᠠᠷᠠᠳ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠰᠠᠬᠢᠨ ᠬᠠᠮᠠᠭᠠᠯᠠᠪᠠ
ᠨᠡᠶᠢᠲᠡᠯᠡᠭᠰᠡᠨ ᠴᠠᠭ᠄
2025/5/15
      ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ ᠢ ᠦᠨᠡᠨᠬᠦ ᠴᠢᠩᠭᠠᠳᠬᠠᠵᠤ᠂ ᠭᠠᠯ ᠤᠨ ᠠᠶᠤᠯ ᠤᠨ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠬᠦ ᠪᠠ ᠬᠤᠷᠢᠭᠯᠠᠬᠤ ᠶᠢᠨ ᠲᠦᠯᠦᠭᠡ᠂ ᠣᠶᠢᠷ᠎ᠠ ᠳᠤ᠂ ᠲᠦᠪᠰᠢᠨ ᠨᠡᠶᠢᠭᠡᠮ ᠲᠣᠭᠤᠷᠢᠭ ᠤᠨ ᠬᠢᠨ ᠨᠡᠶᠢᠭᠡᠮ ᠲᠣᠭᠤᠷᠢᠭ ᠤᠨ ᠠᠵᠢᠯᠲᠠᠨ᠂ ᠰᠦᠯᠵᠢᠶᠡᠨ ᠤ ᠠᠵᠢᠯᠲᠠᠨ ᠵᠢᠴᠢ ᠰᠠᠶᠢᠨ ᠲᠤᠷᠠᠴᠤᠤᠨ ᠢ ᠵᠣᠬᠢᠶᠠᠨ ᠪᠠᠶᠢᠭᠤᠯᠤᠨ ᠣᠯᠠᠨ ᠤᠬᠠᠭᠤᠯᠭ᠎ᠠ ᠶᠢᠨ ᠳᠤᠭᠤᠶᠢᠯᠠᠩ ᠪᠠᠶᠢᠭᠤᠯᠵᠤ ᠂ ᠡᠷᠦᠬᠡ ᠳᠤ ᠬᠦᠷᠴᠦ ᠭᠠᠯ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠲᠦᠭ ᠲᠦᠮᠡᠨ ᠠᠶᠢᠯ ᠡᠷᠦᠬᠡ ᠳᠤ ᠬᠦᠷᠭᠡᠪᠡ᠃
             20250512181604971o00sl7_l (1).png
      ᠣᠨᠢᠨ ᠳᠡᠭᠡᠷ᠎ᠡ ᠨᠢ ᠪᠥᠷᠭᠦᠭᠦᠯᠬᠦ      ᠤᠬᠠᠭᠤᠯᠬᠤ ᠳᠤᠭᠤᠶᠢᠯᠠᠩ ᠨᠢ ᠰᠦᠯᠵᠢᠶᠡᠨ ᠤ ᠬᠤᠪᠢᠶᠠᠷᠢᠯᠠᠯ ᠶᠣᠰᠣᠭᠠᠷ᠂ ᠡᠷᠦᠬᠡ ᠳᠠᠷᠠᠭᠠᠯᠠᠨ ᠬᠦᠷᠴᠦ ᠰᠤᠷᠪᠤᠯᠵᠢᠯᠠᠪᠠ᠃ ᠡᠷᠦᠬᠡ ᠪᠣᠯᠭᠠᠨ ᠳᠤ ᠬᠦᠷᠬᠦ ᠪᠦᠷᠢ᠂ ᠠᠵᠢᠯᠲᠠᠳ ᠴᠥᠮ ᠰᠠᠭᠤᠭᠠᠯᠢ ᠠᠷᠠᠳ ᠲᠤ ᠭᠠᠯ ᠰᠡᠷᠭᠡᠶᠢᠯᠡᠬᠦ ᠤᠬᠠᠭᠤᠯᠭ᠎ᠠ ᠶᠢᠨ ᠬᠠᠭᠤᠳᠠᠰᠤ ᠲᠠᠷᠬᠠᠭᠠᠪᠠ᠃ ᠠᠳᠠᠯᠢ ᠪᠤᠰᠤ ᠬᠡᠷ ᠪᠦᠯᠢ ᠶᠢᠨ ᠪᠠᠶᠢᠳᠠᠯ ᠳᠤ ᠴᠢᠭᠯᠡᠭᠦᠯᠦᠨ᠂ ᠠᠵᠢᠯᠲᠠᠳ ᠥᠪᠡᠷᠮᠢᠴᠡ ᠲᠠᠶᠢᠯᠤᠮᠵᠢ ᠬᠢᠪᠠ᠃ ᠨᠠᠰᠤᠲᠠᠨ᠂ ᠬᠡᠦᠬᠡᠳ ᠲᠠᠢ ᠭᠡᠷ ᠪᠦᠯᠢ ᠳᠤ ᠭᠠᠯ ᠬᠡᠷᠡᠭᠯᠡᠬᠦ᠂ ᠴᠠᠬᠢᠯᠭᠠᠨ ᠬᠡᠷᠡᠭᠯᠡᠬᠦ᠂ ᠠᠮᠤᠷ ᠲᠦᠪᠰᠢᠨ ᠢ ᠭᠤᠣᠯᠳᠠᠯᠭ᠎ᠠ ᠲᠠᠢ ᠴᠢᠬᠤᠯᠠᠴᠢᠯᠠᠵᠤ᠂ ᠨᠠᠰᠤᠲᠠᠳ ᠲᠤ ᠲᠠᠮᠠᠬᠢ ᠲᠠᠲᠠᠵᠤ ᠪᠣᠯᠬᠤ ᠦᠭᠡᠢ᠂ ᠬᠡᠦᠬᠡᠳ ᠲᠤ ᠭᠠᠯ ᠨᠠᠭᠠᠳᠴᠤ ᠪᠣᠯᠬᠤ ᠦᠭᠡᠢ ᠭᠡᠵᠦ ᠰᠠᠨᠠᠭᠤᠯᠪᠠ︔ ᠭᠡᠷ ᠲᠦᠷᠢᠶᠡᠰᠦᠯᠡᠬᠦ ᠬᠥᠮᠦᠰ ᠲᠤ ᠴᠠᠬᠢᠯᠭᠠᠨ ᠤᠲᠠᠰᠤ ᠶᠢ ᠳᠤᠷ᠎ᠠ ᠪᠠᠷ ᠢᠶᠠᠨ ᠲᠠᠲᠠᠵᠤ ᠪᠣᠯᠬᠤ ᠦᠭᠡᠢ ᠭᠡᠵᠦ ᠰᠠᠨᠠᠭᠤᠯᠪᠠ᠃       ᠳᠠᠯᠳᠠ ᠭᠡᠮ ᠢ ᠵᠢᠭᠰᠠᠭᠠᠨ ᠪᠠᠶᠢᠴᠠᠭᠠᠬᠤ       ᠤᠬᠠᠭᠤᠯᠭ᠎ᠠ ᠶᠢᠨ ᠶᠠᠪᠤᠴᠠ ᠳᠤ᠂ ᠠᠵᠢᠯᠲᠠᠳ ᠰᠠᠭᠤᠭᠠᠯᠢ ᠠᠷᠠᠳ ᠤᠨ ᠬᠡᠷ ᠲᠤ ᠭᠠᠯ ᠤᠨᠲᠠᠷᠠᠭᠠᠬᠤ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠪᠠ᠃ ᠴᠠᠬᠢᠯᠭᠠᠨ ᠬᠡᠷᠡᠭᠰᠡᠯ ᠤᠨ ᠱᠤᠭᠤᠮ ᠬᠠᠭᠤᠴᠢᠷᠠᠵᠤ ᠪᠠᠶᠢᠬᠤ ᠡᠰᠡᠬᠦ᠂ ᠰᠢᠲᠠᠮᠠᠬᠠᠢ ᠬᠡᠢ ᠶᠢᠨ ᠬᠤᠭᠤᠯᠠᠢ ᠳᠤ ᠬᠡᠢ ᠭᠤᠭᠤᠵᠢᠵᠤ ᠪᠠᠶᠢᠬᠤ ᠡᠰᠡᠬᠦ ᠵᠡᠷᠭᠡ ᠪᠠᠶᠢᠳᠠᠯ ᠢ ᠨᠠᠷᠢᠨ ᠪᠠᠶᠢᠴᠠᠭᠠᠵᠠᠢ᠃        ᠲᠠᠷᠠᠭᠠᠴᠢ ᠶᠢᠨ ᠠᠯᠬᠤᠮ ᠳᠤ᠂ ᠲᠦᠪᠰᠢᠨ ᠨᠡᠶᠢᠭᠡᠮ ᠲᠣᠭᠤᠷᠢᠭ ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠪᠠ ᠳᠠᠯᠳᠠ ᠬᠡᠮ ᠢ ᠵᠢᠭᠰᠠᠭᠠᠨ ᠪᠠᠶᠢᠴᠠᠭᠠᠬᠤ ᠠᠵᠢᠯ ᠢ ᠦᠷᠭᠦᠯᠵᠢᠯᠡᠨ ᠴᠢᠩᠭᠠᠳᠬᠠᠵᠤ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠂ ︽ᠡᠷᠬᠢᠨ ᠬᠠᠷᠠᠬᠤ︾ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠳᠠᠯᠳᠠ ᠬᠡᠮ ᠢ ᠴᠡᠭᠴᠡᠯᠡᠨ ᠰᠠᠶᠢᠵᠢᠷᠠᠭᠤᠯᠬᠤ ᠶᠢ  ᠦᠨᠡᠨᠬᠦ ᠪᠠᠲᠤᠯᠠᠬᠤ ᠶᠢᠨ ᠬᠠᠮᠲᠤ ᠤᠬᠠᠭᠤᠯᠭ᠎ᠠ ᠶᠢᠨ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠤᠬᠠᠭᠤᠯᠭ᠎ᠠ ᠶᠢᠨ ᠠᠭᠤᠯᠭ᠎ᠠ ᠶᠢ ᠪᠠᠶᠠᠯᠢᠭᠵᠢᠭᠤᠯᠤᠨ᠂ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠠᠮᠤᠷ ᠲᠦᠪᠰᠢᠨ᠂ ᠡᠶ᠎ᠡ ᠵᠣᠬᠢᠴᠠᠯ ᠲᠠᠢ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠬᠠᠮᠲᠤ ᠪᠠᠷ ᠪᠣᠶ ᠪᠣᠯᠭᠠᠨ᠎ᠠ᠃ 
ᠢᠷᠡᠯᠲᠡ᠄ ᠬᠠᠭᠤᠴᠢᠨ ᠪᠠᠷᠭᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ