| | ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢ ᠭᠦᠨᠵᠡᠭᠡᠶ | ᠠᠬᠢᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ᠂ ᠳᠠᠶᠢᠴᠢᠨ ᠬᠦᠴᠦᠨ ᠢ ᠬᠦᠴᠦᠯᠡᠨ ᠳᠡᠭᠡᠭᠰᠢᠯᠡᠭᠦᠯᠬᠦ ᠶᠢᠨ | ᠲᠥᠯᠥᠭᠡ᠂ 5 ᠰᠠᠷ᠎ᠠ ᠶᠢᠨ 7 ᠤ ᠡᠳᠦᠷ ᠠᠴᠠ 9 ᠤ ᠡᠳᠦᠷ ᠪᠣᠯᠲᠠᠯ᠎ᠠ᠂ ᠪᠠᠶᠠᠨᠬᠠᠳᠠ ᠭᠠᠴᠠᠭ᠎ᠠ ᠬᠠᠮᠲᠤ ᠶᠢᠨ ᠠᠵᠤ ᠠᠬᠤᠶ ᠶᠢᠨ ᠦᠷ᠎ᠡ ᠪᠦᠲᠦᠮᠵᠢ ᠶᠢ | ᠪᠠᠳᠠᠷᠠᠭᠤᠯᠵᠤ᠂ ᠬᠠᠪᠤᠷ ᠤᠨ ᠤᠯᠠᠷᠢᠯ ᠤᠨ ᠲᠡᠵᠢᠭᠡᠯ ᠪᠣᠷᠳᠤᠭ᠎ᠠ ᠲᠠᠷᠬᠠᠭᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠭᠠᠴᠠᠭᠠᠨ ᠤ 154 ᠡᠷᠦᠬᠡ | ᠮᠠᠯᠴᠢᠳ ᠲᠤ 1ᠲᠣᠨ ᠨᠠᠷᠢᠯᠢᠭ ᠲᠡᠵᠢᠭᠡᠯ ᠪᠣᠷᠳᠤᠭ᠎ᠠ ᠲᠠᠷᠬᠠᠭᠠᠵᠤ᠂ ᠮᠠᠯᠴᠢᠳ ᠤᠨ ᠬᠠᠪᠤᠷ ᠤᠨ ᠤᠯᠠᠷᠢᠯ ᠤᠨ ᠪᠡᠯᠴᠢᠭᠡᠷᠯᠡᠭᠦᠯᠬᠦ ᠶᠢ ᠵᠣᠭᠰᠤᠭᠠᠬᠤ | ᠬᠤᠭᠤᠴᠠᠭᠠᠨ ᠳᠠᠬᠢ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠲᠣᠭᠲᠠᠭᠤᠨ ᠪᠠᠶᠢᠳᠠᠯ ᠢ ᠪᠦᠲᠦᠮᠵᠢᠲᠡᠶ ᠪᠠᠲᠤᠯᠠᠪᠠ᠃ | | | | ᠪᠣᠷᠳᠤᠭ᠎ᠠ ᠲᠠᠷᠬᠠᠭᠠᠬᠤ ᠠᠵᠢᠯᠯᠠᠭ᠎ᠠ ᠳᠤᠮᠳᠠ᠂ ᠭᠠᠴᠠᠭᠠᠨ ᠤ ᠨᠠᠮ ᠤᠨ ᠡᠭᠦᠷ ᠨᠢ ︽ᠬᠤᠶᠠᠷ ᠵᠥᠪᠯᠡᠯ︾ ᠤᠨ ᠪᠦᠷᠢᠯᠳᠦᠬᠦᠨ᠂ ᠲᠣᠰᠬᠤᠨ ᠳᠤ ᠰᠠᠭᠤᠭ᠎ᠠ | ᠠᠵᠢᠯᠯᠠᠬᠤ ᠠᠩᠭᠢ ᠶᠢ ᠳᠠᠭᠠᠭᠤᠯᠤᠨ ᠡᠮᠬᠢ ᠳᠢᠭᠯᠢᠮ ᠢ ᠬᠠᠮᠠᠭᠠᠯᠠᠵᠤ᠂ ᠲᠡᠵᠢᠭᠡᠯ ᠪᠣᠷᠳᠤᠭ᠎ᠠ ᠶᠢ ᠪᠦᠷᠢᠳᠬᠡᠵᠦ᠂ ᠳᠠᠩᠰᠠᠯᠠᠭᠤᠯᠬᠤ ᠶᠢᠨ ᠬᠠᠮᠲᠤ ᠨᠠᠮ ᠤᠨ ᠭᠡᠰᠢᠭᠦᠨ᠂ | ᠵᠠᠯᠠᠭᠤ ᠰᠠᠶᠢᠨ ᠲᠤᠷᠠᠴᠤᠤᠨ ᠢ ᠵᠣᠬᠢᠶᠠᠨ ᠪᠠᠶᠢᠭᠤᠯᠤᠨ ᠮᠠᠯᠴᠢᠨ ᠲᠦᠮᠡᠨ ᠳᠤ ᠦᠨ᠎ᠡ ᠲᠥᠯᠥᠪᠦᠷᠢ ᠥᠬᠡᠶ ᠪᠠᠷ ᠲᠡᠭᠡᠭᠡᠵᠦ᠂ ᠵᠥᠭᠡᠭᠡᠪᠦᠷᠢᠯᠡᠵᠦ᠂ ᠪᠣᠷᠳᠤᠭ᠎ᠠ | ᠲᠠᠷᠬᠠᠭᠠᠬᠤ ᠠᠵᠢᠯ ᠢ ᠡᠮᠬᠢ ᠴᠡᠭᠴᠡ ᠲᠠᠢ ᠬᠢᠪᠡ᠃ | | ᠳᠠᠷᠠᠭᠠᠴᠢ ᠶᠢᠨ ᠠᠯᠬᠤᠮ ᠳᠤ᠂ ᠪᠠᠶᠠᠨᠬᠠᠳᠠ ᠭᠠᠴᠠᠭ᠎ᠠ ᠶᠢᠨ ᠬᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠲᠦᠷᠦ ᠶᠢᠨ | ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ | ᠨᠠᠮ ᠢᠶᠠᠨ ᠳᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢ ᠪᠠᠶᠢᠩᠭᠤᠵᠢᠭᠤᠯᠤᠨ ᠥᠷᠨᠢᠭᠦᠯᠵᠦ᠂ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠢ | ᠬᠠᠯᠠᠮᠵᠢᠯᠠᠨ ᠬᠠᠶᠢᠷᠠᠯᠠᠵᠤ᠂ ᠤᠯᠠᠨ ᠲᠦᠮᠡᠨ ᠤ ᠬᠦᠴᠢᠷ ᠵᠣᠪᠠᠭᠤᠷᠢ ᠶᠢ ᠰᠢᠢᠳᠪᠦᠷᠢᠯᠡᠨ ᠥᠭᠴᠦ᠂ ᠮᠠᠯᠴᠢᠨ ᠲᠦᠮᠡᠨ ᠤ ᠵᠣᠯ ᠵᠢᠷᠭᠠᠯᠲᠤ ᠲᠦᠷᠦᠭᠳᠡᠯ᠂ | ᠬᠦᠷᠲᠡᠮᠵᠢ ᠶᠢᠨ ᠲᠦᠷᠦᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | |