| | 4 ᠰᠠᠷ᠎ᠠ ᠶᠢᠨ 27 ᠤ ᠡᠳᠦᠷ᠂ ᠴᠠᠰᠤ ᠬᠠᠷᠠᠬᠠᠨ ᠬᠠᠶᠢᠯᠵᠤ ᠳᠠᠭᠤᠰᠤᠭᠠᠳᠤᠢ ᠪᠠᠶᠢᠵᠤ᠂ ᠥᠷᠯᠥᠭᠡᠨ ᠤ ᠨᠠᠷᠨ ᠨᠢᠮᠭᠡᠨ ᠮᠠᠨᠠᠨ ᠢ ᠨᠡᠪᠲᠡᠯᠦᠨ᠂ ᠴᠠᠰᠤᠨ ᠰᠢᠷᠬᠡᠭ | ᠳᠡᠭᠡᠷ᠎ᠡ ᠲᠤᠰᠬᠤ ᠳᠤ ᠣᠨᠴᠠ ᠶᠢᠨ ᠢᠯᠡᠲᠡᠢ ᠭᠢᠯᠲᠦᠭᠡᠨᠡᠨᠡ᠃ ᠥᠪᠥᠷ ᠮᠣᠩᠭᠤᠯ ᠤᠨ ᠤᠢ ᠰᠢᠭᠤᠢ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ ᠮᠣᠷᠢᠳᠠᠭᠠ ᠤᠢ | ᠰᠢᠭᠤᠢ ᠶᠢᠨ ᠠᠵᠤ ᠦᠢᠯᠡᠳᠪᠦᠷᠢ ᠶᠢᠨ ᠺᠣᠮᠫᠠᠨᠢ ᠶᠢᠨ ᠲᠠᠶᠢᠫᠢᠩ ᠡᠵᠡᠩᠨᠡᠯᠲᠡ ᠬᠠᠮᠢᠶᠠᠷᠤᠯᠲᠠ ᠬᠠᠮᠠᠭᠠᠯᠠᠯᠲᠠ ᠶᠢᠨ ᠲᠥᠪ ᠤᠨ ᠳᠡᠳ᠋ ᠡᠷᠬᠢᠯᠡᠭᠴᠢ ᠵᠠᠩ ᠲᠠᠢ ᠱᠦᠨ | ᠤᠤᠯ ᠤᠨ ᠬᠢ ᠲᠠᠢ ᠪᠠᠨ ᠠᠳᠠᠯᠢ ᠪᠠᠷ ᠮᠥᠰᠥ ᠴᠠᠰᠤ ᠶᠢ ᠭᠢᠰᠬᠢᠯᠡᠨ᠂ ᠤᠢ ᠶᠢᠨ ᠭᠦᠨ ᠢ ᠴᠢᠭᠯᠡᠵᠦ᠂ ᠤᠢ ᠰᠢᠭᠤᠢ ᠶᠢ ᠬᠠᠮᠠᠭᠠᠯᠠᠬᠤ ᠠᠵᠢᠯ ᠢᠶᠠᠨ ᠡᠬᠢᠯᠡᠭᠦᠯᠦᠯ᠎ᠡ᠃ | ᠬᠥᠪᠥᠩ ᠭᠤᠲᠤᠯ ᠳᠤᠨᠢ ᠴᠠᠰᠤ ᠮᠥᠰᠥ ᠪᠠᠷᠢᠯᠳᠤᠨ ᠬᠥᠯᠳᠡᠵᠦ᠂ ᠴᠠᠰᠤ ᠱᠠᠷᠴᠢᠭᠢᠨᠠᠭᠤᠯᠤᠨ ᠠᠯᠬᠤᠯᠠᠬᠤ ᠲᠠᠭᠤᠨ ᠨᠢ ᠤᠢ ᠰᠢᠭᠤᠢ ᠶᠢᠨ ᠨᠠᠮ ᠬᠥᠮ ᠢ ᠡᠪᠳᠡᠨ᠎ᠡ᠃ | ᠥᠪᠥᠷ ᠮᠣᠩᠭᠤᠯ ᠤᠨ ᠶᠡᠭᠡ ᠬᠢᠩᠭᠠᠨ ᠳᠠᠪᠠᠭ᠎ᠠ ᠶᠢᠨ ᠬᠥᠪᠴᠢ ᠤᠢ ᠶᠢᠨ ᠳᠤᠮᠳᠠ᠂ ᠵᠠᠩ ᠲᠠᠢ ᠱᠦᠨ 27 ᠵᠢᠯ ᠤᠨ ᠲᠤᠷᠰᠢ᠂ ᠬᠥᠮᠥᠰ ᠤᠨ ᠰᠡᠳᠬᠢᠯ ᠢ | ᠬᠥᠳᠡᠯᠭᠡᠮ᠎ᠡ ᠨᠣᠮᠢᠨ ᠨᠣᠭᠤᠭᠠᠨ ᠮᠠᠭᠲᠠᠭᠠᠯ ᠳᠠᠭᠤᠤ ᠶᠢ ᠪᠢᠴᠢᠭᠯᠡᠵᠡᠢ᠃ | ᠤᠢ ᠰᠢᠭᠤᠢ ᠶᠢ ᠡᠵᠡᠩᠨᠡᠨ ᠬᠠᠮᠠᠭᠠᠯᠠᠬᠤ ᠠᠵᠢᠯ ᠤᠨ ᠳᠤᠮᠳᠠ᠂ ᠵᠠᠩ ᠲᠠᠢ ᠱᠦᠨ ᠳᠡᠭᠡᠳᠦ ᠬᠡᠮᠵᠢᠶᠡᠨ ᠤ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠪᠣᠯᠣᠨ | ᠦᠢᠯᠡᠰ ᠢᠶᠠᠨ ᠳᠡᠭᠡᠳᠦᠯᠡᠬᠦ ᠵᠣᠷᠢᠭ ᠰᠠᠨᠠᠭ᠎ᠠ ᠶᠢ ᠢᠯᠡᠷᠡᠭᠦᠯᠪᠡ᠃ ᠲᠡᠷᠡ GPS ᠪᠠᠶᠢᠷᠢ ᠲᠣᠭᠲᠠᠭᠠᠬᠤ ᠰᠢᠰᠲ᠋ᠧᠮ᠂ ᠬᠡᠮᠵᠢᠯᠲᠡ ᠶᠢᠨ ᠱᠤᠭᠤᠮ ᠵᠡᠷᠭᠡ | ᠲᠥᠬᠦᠭᠡᠷᠦᠮᠵᠢ ᠶᠢ ᠪᠣᠯᠪᠠᠰᠤᠷᠠᠩᠭᠤᠢ ᠬᠡᠷᠡᠭᠯᠡᠵᠦ᠂ ︽ᠲᠣᠣᠷᠵᠢᠭᠤᠯᠤᠭᠰᠠᠨ ᠲᠣᠭᠤᠷᠢᠨ ᠪᠠᠶᠢᠴᠠᠭᠠᠯᠲᠠ + ᠲᠣᠭᠠᠴᠢᠯᠠᠭᠰᠠᠨ ᠬᠠᠷᠢᠴᠠᠭᠤᠯᠤᠯ︾ ᠤᠨ ᠠᠵᠢᠯ ᠤᠨ | ᠵᠠᠭᠪᠤᠷ ᠢ ᠰᠢᠨ᠎ᠡ ᠶᠢ ᠡᠭᠦᠳᠦᠨ ᠬᠡᠷᠡᠭᠯᠡᠵᠦ᠂ ᠰᠢᠭᠤᠶᠢᠲᠤ ᠣᠷᠣᠨ ᠳᠤ ᠨᠠᠷᠢᠨ ᠨᠢᠮᠪᠠᠢ ᠬᠠᠶᠢᠨ ᠪᠠᠶᠢᠴᠠᠭᠠᠯᠲᠠ ᠬᠢᠵᠡᠢ᠃ ᠲᠡᠭᠦᠨ ᠤ ᠴᠢᠩᠭ᠎ᠠ ᠬᠠᠮᠢᠶᠠᠷᠤᠯᠲᠠ ᠳᠣᠣᠷ᠎ᠠ | ᠂ ᠭᠤᠣᠯᠯᠠᠨ ᠬᠠᠮᠢᠶᠠᠷᠴᠤ ᠪᠠᠶᠢᠭ᠎ᠠ ᠤᠢ ᠰᠢᠭᠤᠢ ᠶᠢ ᠪᠤᠶᠢᠵᠢᠭᠤᠯᠵᠤ ᠣᠭᠲᠣᠯᠬᠤ ᠣᠷᠣᠨ ᠨᠢ ᠨᠢᠭᠡᠳᠦᠭᠡᠷ ᠲᠦᠷᠦᠯ ᠤᠨ ᠮᠣᠳᠣ ᠣᠭᠲᠣᠯᠬᠤ ᠣᠷᠣᠨ ᠤ ᠲᠦᠪᠰᠢᠨ ᠢ | ᠪᠠᠲᠤᠯᠠᠭᠰᠠᠭᠠᠷ ᠢᠷᠡᠵᠠᠢ᠃ ᠲᠡᠭᠦᠨ ᠤ ᠭᠠᠷᠲᠠᠵᠤ ᠪᠠᠶᠢᠴᠠᠭᠠᠵᠤ ᠰᠢᠯᠭᠠᠨ ᠠᠪᠤᠭᠰᠠᠨ ᠤᠢ ᠰᠢᠭᠤᠢ ᠶᠢᠨ ᠪᠤᠶᠢᠵᠢᠭᠤᠯᠤᠯᠲᠠ ᠶᠢᠨ ᠲᠠᠯᠠᠪᠠᠢ ᠨᠢ ᠨᠡᠶᠢᠲᠡ 125 | ᠲᠦᠮᠡᠨ ᠮᠦ ᠳᠤ ᠬᠦᠷᠴᠦ᠂ ᠡᠬᠡ ᠤᠢ ᠶᠢ 8 ᠲᠦᠮᠡᠨ ᠮᠦ ᠡᠵᠡᠩᠨᠡᠵᠦ᠂ 9 ᠲᠦᠮᠡᠨ ᠮᠦ ᠮᠣᠳᠣ ᠲᠠᠷᠢᠵᠤ ᠣᠶᠢᠵᠢᠭᠤᠯᠪᠠ᠃ ᠲᠡᠷᠡ ᠬᠠᠮᠲᠤ | ᠠᠵᠢᠯᠯᠠᠭᠰᠠᠳ ᠲᠠᠢ ᠪᠠᠨ ᠬᠠᠮᠵᠢᠯᠴᠠᠨ 192 ᠬᠡᠰᠡᠭ ᠣᠶ ᠰᠢᠭᠤᠢ ᠶᠢ ᠪᠤᠶᠢᠵᠢᠭᠤᠯᠤᠭᠰᠠᠨ ᠦᠷ᠎ᠡ ᠪᠦᠲᠦᠮᠵᠢ ᠶᠢ ᠬᠢᠨᠠᠨ ᠬᠡᠮᠵᠢᠬᠦ ᠲᠣᠭᠲᠠᠮᠠᠯ ᠪᠠᠷᠢᠮᠵᠢᠶᠠᠲᠤ | ᠭᠠᠵᠠᠷ ᠤᠨ ᠳᠠᠪᠲᠠᠨ ᠬᠡᠮᠵᠢᠬᠦ ᠪᠠ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ 192 ᠰᠠᠭᠤᠷᠢ ᠮᠣᠳᠣ ᠶᠢ ᠬᠢᠨᠠᠨ ᠬᠡᠮᠵᠢᠯᠲᠡ ᠬᠢᠵᠦ᠂ ᠪᠣᠯᠣᠳ ᠵᠢᠶᠠᠰᠠᠲᠤ | ᠵᠢᠱᠢᠶ᠎ᠡ ᠦᠵᠡᠭᠦᠯᠬᠦ ᠣᠶ ᠶᠢᠨ ᠲᠡᠮᠳᠡᠭ ᠢ 6 ᠪᠠᠶᠢᠭᠤᠯᠵᠤ᠂ ᠮᠣᠳᠣᠨ ᠫᠠᠶᠢᠰᠠᠲᠤ ᠲᠡᠮᠳᠡᠭ ᠢ 1 ᠪᠠᠶᠢᠭᠤᠯᠵᠤ᠂ ᠣᠶ ᠰᠢᠭᠤᠢ ᠶᠢᠨ ᠤᠷᠭᠤᠯᠲᠠ ᠶᠢᠨ ᠪᠠᠶᠢᠳᠠᠯ ᠢ | ᠬᠢᠨᠠᠨ ᠬᠡᠮᠵᠢᠬᠦ ᠳᠤ ᠨᠠᠶᠢᠳᠠᠪᠤᠷᠢᠲᠠᠢ ᠦᠨᠳᠦᠰᠦᠯᠡᠯ ᠬᠠᠩᠭᠠᠭᠰᠠᠨ ᠢᠶᠠᠷ ᠪᠠᠷᠠᠬᠤ ᠦᠭᠡᠢ ᠪᠦᠲᠦᠭᠡᠨ ᠪᠠᠶᠢᠭᠤᠯᠬᠤ ᠥᠪᠡᠷ ᠤᠨ ᠥᠷᠲᠡᠭ ᠢ 20 ᠲᠦᠮᠡ ᠰᠢᠬᠠᠮ | ᠲᠥᠭᠦᠷᠢᠭ ᠠᠷᠪᠢᠯᠠᠪᠠ᠃ | ᠬᠠᠬᠢᠷ ᠡᠪᠦᠯ ᠬᠠᠯᠠᠭᠤᠨ ᠵᠤᠨ ᠭᠡᠰᠡᠨ ᠦᠭᠡᠢ᠂ ᠵᠠᠩ ᠲᠠᠢ ᠱᠦᠨ ᠢᠮᠠᠭᠲᠠ ᠠᠵᠢᠯ ᠤᠨ ᠪᠠᠶᠢᠷᠢ ᠪᠠᠨ ᠪᠠᠲᠤ ᠰᠠᠬᠢᠳᠠᠭ᠃ ᠵᠣᠨ ᠤ ᠤᠯᠠᠷᠢᠯ ᠳᠤ᠂ ᠰᠢᠭᠤᠶᠢᠲᠤ | ᠣᠷᠣᠨ ᠳᠤ ᠢᠯᠠᠭ᠎ᠠ ᠪᠠᠲᠠᠭᠠᠨ᠎ᠠ᠂ ᠱᠠᠯᠵᠠ ᠬᠤᠷᠣᠬᠠᠢ ᠰᠥᠷᠡᠭᠡᠢ ᠪᠣᠯᠪᠠᠴᠤ ᠲᠡᠷᠡ ᠥᠴᠥᠬᠡᠨ ᠴᠦ ᠲᠠᠲᠠᠭᠠᠯᠵᠠᠯ ᠦᠭᠡᠢ ᠠᠵᠢᠯᠯᠠᠵᠤ᠂ ᠱᠠᠯᠵᠠ ᠳᠤ | ᠵᠠᠭᠤᠭᠳᠠᠭᠰᠠᠨ ᠤ ᠳᠠᠷᠠᠭ᠎ᠠ ᠲᠠᠶᠢᠪᠤᠭᠤᠬᠠᠨ ᠢᠶᠠᠷ ᠰᠢᠢᠳᠪᠦᠷᠢᠯᠡᠳᠡᠭ ᠲᠤᠷᠰᠢᠯᠭ᠎ᠠ ᠨᠢ ᠪᠦᠯᠬᠦᠮ ᠨᠡᠶᠢᠲᠡ ᠶᠢᠨ ︽ᠵᠠᠪᠠᠯ ᠰᠤᠷᠬᠤ ᠬᠢᠴᠢᠶᠡᠯ︾ ᠪᠣᠯᠤᠭᠰᠠᠨ ᠪᠠᠶᠢᠨ᠎ᠠ︔ | ᠡᠪᠦᠯ ᠤᠨ ᠤᠯᠠᠷᠢᠯ ᠳᠤ᠂ ᠲᠡᠭ ᠠᠴᠠ ᠳᠣᠷᠣᠭᠰᠢ 30 ᠭᠷᠡᠳᠦ᠋ᠰ ᠤᠨ ᠬᠦᠢᠲᠡᠨ ᠢ ᠲᠡᠰᠪᠦᠷᠢᠯᠡᠨ ᠬᠡᠮᠵᠢᠯᠲᠡ ᠶᠢᠨ ᠲᠥᠯᠥᠪᠯᠡᠭᠡ ᠶᠢᠨ ᠤᠷᠤᠭᠰᠢᠲᠠᠢ ᠶᠠᠪᠤᠭᠳᠠᠬᠤ ᠶᠢ | ᠪᠠᠲᠤᠯᠠᠬᠤ ᠶᠢᠨ ᠲᠥᠯᠥᠭᠡ᠂ ᠲᠡᠷᠡ ᠦᠷᠭᠦᠯᠵᠢ 10 ᠭᠠᠷᠤᠢ ᠺᠢᠯᠣᠮᠧᠳ᠋ᠷ ᠠᠯᠬᠤᠵᠤ᠂ ᠤᠮᠳᠠᠭᠠᠰᠪᠠᠯ ᠴᠠᠰᠤ ᠡᠮᠬᠦᠨ ᠤᠮᠳᠠ ᠪᠠᠨ ᠳᠠᠷᠤᠵᠤ᠂ ᠶᠠᠳᠠᠷᠠᠪᠠᠯ | ᠪᠤᠯᠠᠭᠠᠷᠢ ᠪᠠᠷ ᠰᠠᠨᠳᠠᠯᠢ ᠪᠣᠯᠭᠠᠵᠤ ᠵᠢᠭᠠᠬᠠᠨ ᠠᠮᠤᠰᠬᠢᠳᠠᠭ᠃ ᠤᠯᠠᠨ ᠵᠢᠯ ᠴᠠᠭ ᠤᠨ ᠬᠤᠭᠤᠯᠠ ᠪᠠᠨ ᠴᠠᠭ ᠲᠠᠭᠠᠨ ᠰᠠᠶᠢᠬᠠᠨ ᠢᠳᠡᠭᠰᠡᠨ ᠦᠭᠡᠢ ᠠᠴᠠ ᠪᠣᠯᠵᠤ ᠲᠡᠷᠡ | ᠬᠤᠳᠣᠭᠤᠳᠤ ᠭᠡᠳᠡᠰᠦᠨ ᠤ ᠡᠪᠡᠳᠴᠢᠨ ᠳᠤ ᠨᠡᠷᠪᠡᠭᠳᠡᠵᠡᠢ᠂ ᠡᠬᠡᠨᠡᠷ ᠨᠢ ᠲᠡᠭᠦᠨ ᠢ ᠥᠷᠥ ᠡᠪᠡᠳᠴᠦ᠂ ᠦᠷᠭᠦᠯᠵᠢ ᠬᠠᠷᠮᠠᠨ ᠳᠤᠨᠢ ᠯᠣᠬᠠᠱᠧᠩ ᠤᠨ ᠦᠷ᠎ᠡ ᠪᠠ ᠰᠢᠬᠢᠷ | ᠰᠠᠪᠠᠯᠠᠵᠤ ᠥᠭᠳᠡᠭ᠂ ᠡᠳᠡᠭᠡᠷ ᠨᠢ ᠲᠡᠭᠦᠨ ᠤ ᠠᠵᠢᠯ ᠤᠨ ᠵᠠᠪᠰᠠᠷ ᠲᠤ ᠰᠡᠳᠬᠢᠯ ᠢᠶᠠᠨ ᠳᠤᠯᠠᠭᠠᠴᠠᠭᠤᠯᠬᠤ ᠬᠠᠮᠤᠭ ᠤᠨ ︽ᠠᠮᠲᠠᠲᠤ ᠬᠤᠭᠤᠯᠠ︾ ᠪᠣᠯᠣᠨ᠎ᠠ᠃ | ᠲᠤᠰᠬᠠᠢ ᠮᠡᠷᠭᠡᠵᠢᠯ ᠤᠨ ᠠᠵᠢᠯᠲᠠᠨ ᠪᠣᠯᠤᠭᠰᠠᠨ ᠤ ᠬᠤᠪᠢ ᠳᠤ᠂ ᠵᠠᠩ ᠲᠠᠢ ᠱᠦᠨ ᠰᠤᠷᠤᠯᠴᠠᠯᠭ᠎ᠠ ᠶᠢᠨ ᠴᠢᠬᠤᠯᠠ ᠴᠢᠨᠠᠷ ᠢ ᠭᠦᠨᠵᠡᠭᠡᠢ ᠣᠶᠢᠯᠠᠭᠠᠳᠠᠭ᠃ ᠠᠵᠢᠯ ᠤᠨ | ᠴᠢᠯᠦᠭᠡ ᠵᠠᠪ ᠢᠶᠠᠷ ᠢᠶᠠᠨ᠂ ᠲᠡᠷᠡ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠂ ᠮᠡᠷᠭᠡᠵᠢᠯ ᠤᠨ ᠳᠦᠷᠢᠮ ᠲᠣᠭᠲᠠᠭᠠᠯ ᠪᠠ ᠪᠠᠷᠢᠮᠵᠢᠶ᠎ᠠ ᠨᠠᠷᠢᠨ ᠳᠦᠷᠢᠮ ᠢ ᠨᠠᠷᠢᠨ | ᠬᠢᠨᠠᠮᠠᠭᠠᠢ ᠰᠤᠳᠤᠯᠵᠤ᠂ ᠲᠣᠰ ᠪᠡᠶ᠎ᠡ ᠶᠢᠨ ᠲᠤᠬᠠᠶᠢᠯᠠᠭᠰᠠᠨ ᠠᠵᠢᠯ ᠤᠨ ᠬᠡᠪ ᠪᠣᠯᠪᠠᠰᠤᠷᠠᠯ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠪᠡ᠃ ᠲᠡᠷᠡ ᠪᠠᠰᠠ ︽ | ᠤᠯᠠᠮᠵᠢᠯᠠᠬᠤ ᠬᠠᠪᠰᠤᠷᠬᠤ ᠳᠠᠭᠠᠭᠤᠯᠬᠤ︾ ᠦᠢᠯᠡᠳᠦᠯ ᠢᠶᠠᠨ ᠢᠳᠡᠪᠬᠢᠲᠡᠢ ᠪᠠᠳᠠᠷᠠᠭᠤᠯᠵᠤ᠂ ᠲᠤᠰᠬᠠᠢ ᠰᠡᠳᠦᠪᠲᠦ ᠪᠣᠯᠪᠠᠰᠤᠷᠠᠯ ᠢ ᠵᠣᠬᠢᠶᠠᠨ ᠪᠠᠶᠢᠭᠤᠯᠵᠤ᠂ ︽ | ᠤᠨᠤᠯ ᠤᠨ ᠲᠠᠶᠢᠯᠤᠮᠵᠢ + ᠲᠤᠬᠠᠢ ᠶᠢᠨ ᠲᠠᠯᠠᠪᠠᠢ ᠶᠢᠨ ᠵᠢᠱᠢᠶ᠎ᠡ ᠦᠵᠡᠭᠦᠯᠬᠦ︾ ᠵᠢᠭᠠᠨ ᠰᠤᠷᠭᠠᠯᠲᠠ ᠶᠢᠨ ᠵᠠᠭᠪᠤᠷ ᠢᠶᠠᠷ᠂ ᠪᠠᠶᠢᠴᠠᠭᠠᠯᠲᠠ ᠶᠢᠨ ᠵᠢᠷᠤᠭ | ᠲᠥᠯᠥᠪᠯᠡᠭᠡ ᠶᠢᠨ ᠲᠥᠰᠥᠯ᠂ ᠲᠤᠬᠠᠢ ᠶᠢᠨ ᠲᠠᠯᠠᠪᠠᠢ ᠳᠤ ᠮᠥᠴᠢᠷ ᠵᠠᠰᠠᠵᠤ ᠰᠡᠶᠢᠷᠡᠭᠵᠢᠭᠦᠯᠦᠨ ᠣᠭᠲᠣᠯᠬᠤ ᠮᠡᠷᠭᠡᠵᠢᠯ ᠤᠨ ᠭᠤᠣᠯᠳᠠᠯᠭ᠎ᠠ ᠶᠢ ᠭᠦᠨᠵᠡᠭᠡᠢ | ᠲᠠᠶᠢᠯᠪᠤᠷᠢᠯᠠᠵᠤ᠂ ᠪᠦᠯᠬᠦᠮ ᠨᠢᠭᠡᠴᠢ ᠶᠢᠨ ᠲᠤᠰᠬᠠᠢ ᠮᠡᠷᠭᠡᠵᠢᠯ ᠤᠨ ᠴᠢᠳᠠᠪᠤᠷᠢ ᠶᠢ ᠪᠦᠲᠦᠮᠵᠢᠲᠡᠢ ᠳᠡᠭᠡᠭᠰᠢᠯᠡᠭᠦᠯᠪᠡ᠃ ᠴᠡᠴᠡᠷᠯᠢᠭᠵᠢᠭᠦᠯᠦᠨ ᠨᠣᠭᠤᠭᠠᠷᠠᠭᠤᠯᠬᠤ᠂ | ᠦᠷ᠎ᠡ ᠴᠢᠬᠢ ᠶᠢᠨ ᠦᠢᠯᠡᠳᠪᠦᠷᠢᠯᠡᠯ᠂ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠵᠡᠷᠭᠡ ᠲᠥᠷᠥᠯ ᠵᠦᠢᠯ ᠤᠨ ᠠᠵᠢᠯ ᠤᠨ ᠳᠤᠮᠳᠠ᠂ ᠲᠡᠷᠡ | ᠪᠦᠯᠬᠦᠮ ᠢᠶᠠᠨ ᠳᠠᠭᠠᠭᠤᠯᠤᠨ ᠨᠡᠶᠢᠲᠡ 1000 ᠰᠢᠬᠠᠮ ᠰᠠᠭᠤᠷᠢ ᠮᠣᠳᠣ ᠳᠠᠷᠢᠨ ᠨᠣᠭᠤᠭᠠᠷᠠᠭᠤᠯᠵᠤ᠂ 2 ᠲᠦᠮᠡᠨ ᠮᠦ ᠶᠢᠨ ᠬᠥᠮᠥᠨ ᠤ ᠬᠦᠴᠦ ᠪᠠᠷ ᠪᠠᠶᠢᠭᠠᠯᠢ ᠶᠢᠨ | ᠰᠢᠨᠡᠴᠢᠯᠡᠯᠲᠡ ᠶᠢ ᠠᠬᠢᠭᠤᠯᠬᠤ ᠡᠭᠦᠷᠭᠡ ᠶᠢ ᠪᠡᠶᠡᠯᠡᠭᠦᠯᠵᠦ᠂ ᠡᠪᠡᠳᠴᠢᠨ ᠬᠤᠷᠣᠬᠠᠢ ᠶᠢᠨ ᠬᠥᠨᠥᠭᠡᠯ ᠢ 3 ᠲᠦᠮᠡᠨ ᠮᠦ ᠰᠡᠷᠭᠡᠶᠢᠯᠡᠨ ᠵᠠᠰᠠᠵᠤ᠂ ᠰᠢᠭᠤᠶᠢᠲᠤ ᠣᠷᠣᠨ ᠤ | ᠠᠮᠢ ᠠᠬᠤᠢ ᠶᠢᠨ ᠵᠢᠭᠤᠯᠴᠢᠯᠠᠯ ᠤᠨ ᠬᠥᠭᠵᠢᠯᠲᠡ ᠶᠢᠨ ᠡᠬᠢ ᠪᠠᠶᠠᠯᠢᠭ ᠤᠨ ᠰᠠᠭᠤᠷᠢ ᠶᠢ ᠪᠠᠬᠢᠵᠢᠭᠦᠯᠵᠦ᠂ ᠣᠶ ᠰᠢᠭᠤᠢ ᠶᠢᠨ ᠦᠷᠭᠦᠯᠵᠢᠯᠡᠬᠦ ᠬᠥᠭᠵᠢᠯᠲᠡ ᠶᠢ | ᠠᠬᠢᠭᠤᠯᠵᠤ᠂ ᠯᠤᠲᠤ ᠶᠡᠭᠡ ᠨᠡᠶᠢᠭᠡᠮ ᠤᠨ ᠦᠷ᠎ᠡ ᠠᠰᠢᠭ ᠢ ᠡᠭᠦᠳᠪᠡ᠃ ᠵᠠᠩ ᠲᠠᠢ ᠱᠦᠨ ᠪᠣᠯ ᠲᠡᠷᠢᠵᠦ ᠨᠣᠭᠤᠭᠠᠷᠠᠭᠤᠯᠬᠤ ᠦᠢᠯᠡᠳᠦᠯᠭᠡᠵᠢᠭᠦᠯᠦᠭᠴᠢ ᠪᠣᠯᠬᠤ ᠪᠠᠷ | ᠪᠠᠷᠠᠬᠤ ᠦᠭᠡᠢ ᠨᠡᠩ ᠴᠤ ᠡᠬᠡ ᠪᠠᠶᠢᠭᠠᠯᠢ ᠶᠢᠨ ᠲᠠᠶᠢᠴᠢᠨ ᠬᠠᠮᠠᠭᠠᠯᠠᠭᠴᠢ ᠮᠥᠨ᠃ ᠡᠪ ᠬᠠᠮᠲᠤ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ᠂ ᠲᠡᠷᠡ ︽ᠠᠷᠠᠳ | ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ︾ ᠣᠶᠢᠯᠠᠭᠠᠭᠳᠠᠬᠤᠨ ᠢ ᠢᠮᠠᠭᠲᠠ ᠦᠢᠯᠡᠳᠦᠯᠭᠡᠵᠢᠭᠦᠯᠵᠦ᠂ ᠤᠷᠢᠳ ᠬᠤᠵᠢᠳ 40 ᠭᠠᠷᠤᠢ ᠤᠳᠠᠭ᠎ᠠ | ᠺᠣᠮᠫᠠᠨᠢ ᠶᠢᠨ ᠤᠢ ᠰᠢᠭᠤᠢ ᠶᠢᠨ ᠲᠦᠢᠮᠡᠷ ᠢ ᠤᠨᠲᠠᠷᠠᠭᠠᠬᠤ ᠡᠭᠦᠷᠭᠡ ᠳᠤ ᠣᠷᠣᠯᠴᠠᠵᠤ᠂ ᠣᠷᠣᠨ ᠪᠦᠰᠡ ᠰᠤᠨᠳᠠᠯᠠᠭᠰᠠᠨ 14 ᠤᠳᠠᠭ᠎ᠠ ᠶᠢᠨ ᠤᠢ ᠰᠢᠭᠤᠢ ᠶᠢᠨ | ᠠᠵᠤ ᠦᠢᠯᠡᠳᠪᠦᠷᠢ ᠶᠢᠨ ᠺᠣᠮᠫᠠᠨᠢ ᠶᠢᠨ ᠬᠦᠨᠳᠦ ᠶᠡᠭᠡ ᠲᠦᠢᠮᠡᠷ ᠤᠨ ᠪᠠᠶᠢᠳᠠᠯ ᠢ ᠰᠢᠢᠳᠪᠦᠷᠢᠯᠡᠬᠦ ᠳᠤ ᠲᠤᠰᠠᠯᠠᠵᠠᠢ᠃ 2024 ᠣᠨ ᠤ ᠶᠡᠭᠡ ᠬᠢᠩᠭᠠᠨ ᠳᠠᠪᠠᠭ᠎ᠠ ᠶᠢᠨ | ᠠᠶᠤᠩᠭ᠎ᠠ ᠨᠢᠷᠭᠡᠯᠲᠡ ᠶᠢᠨ ᠭᠠᠯ ᠤᠨ ᠳᠠᠶᠢᠯᠠᠯᠳᠤᠭᠠᠨ ᠳᠤ᠂ ᠲᠡᠷᠡ ᠪᠣᠭᠤᠮᠲᠠ ᠰᠢᠪᠲᠤᠯᠬᠤ ᠳᠤᠭᠤᠶᠢᠯᠠᠩ ᠢ ᠳᠠᠭᠠᠭᠤᠯᠤᠨ ᠵᠠᠯᠭᠠᠭ᠎ᠠ ᠪᠠᠷ 16 ᠡᠳᠦᠷ ᠰᠥᠨᠢ | ᠡᠷᠡᠯᠬᠡᠭᠯᠡᠨ ᠪᠠᠶᠢᠯᠳᠤᠵᠤ᠂ 2 ᠬᠡᠰᠡᠭ ᠠᠶᠤᠩᠭ᠎ᠠ ᠨᠢᠷᠭᠡᠯᠲᠡ ᠶᠢᠨ ᠭᠠᠯ ᠢ ᠠᠮᠵᠢᠯᠲᠠ ᠲᠠᠢ ᠤᠨᠲᠠᠷᠠᠭᠠᠪᠠ᠃ ᠭᠠᠯ ᠤᠨ ᠲᠠᠯᠠᠪᠠᠢ ᠳᠤ᠂ ᠲᠡᠷᠡ ᠲᠤᠨᠤᠭ ᠲᠥᠬᠦᠭᠡᠷᠦᠮᠵᠢ | ᠪᠣᠯᠣᠨ ᠡᠳ᠋ ᠪᠣᠳᠠᠰ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠭᠦᠯᠵᠦ᠂ ︽ᠭᠤᠷᠪᠠ ᠶᠢ ᠲᠡᠷᠢᠭᠦᠨ ᠳᠤ ᠲᠠᠯᠪᠢᠬᠤ︾ | ᠵᠠᠷᠴᠢᠮ ᠢ ᠲᠦᠷᠦᠭᠦᠯᠡᠨ ᠦᠢᠯᠡᠳᠦᠯᠭᠡᠵᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠡᠪ ᠬᠠᠮᠲᠤ ᠨᠠᠮ ᠤᠨ ᠭᠡᠰᠢᠭᠦᠨ ᠤ ᠬᠠᠷᠢᠭᠤᠴᠠᠯᠭ᠎ᠠ ᠡᠭᠦᠷᠭᠡᠯᠡᠯ ᠢ | ᠲᠠᠶᠢᠯᠪᠤᠷᠢᠯᠠᠪᠠ᠃ ᠴᠤᠭ ᠵᠣᠯᠢ ᠪᠠᠳᠠᠷᠠᠭᠰᠠᠨ ᠭᠠᠯ ᠵᠠᠯᠠᠭᠤ ᠨᠠᠰᠤᠨ ᠠᠴᠠ ᠪᠠᠨ ᠰᠠᠨᠴᠢᠭ ᠪᠤᠭᠤᠷᠤᠯ ︽ᠠᠬᠠᠮᠠᠳ ᠤᠢ ᠰᠢᠭᠤᠢ ᠶᠢᠨ ᠠᠵᠢᠯᠲᠠᠨ︾ ᠪᠣᠯᠵᠤ᠂ | ᠵᠠᠩ ᠲᠠᠢ ᠱᠦᠨ 27 ᠵᠢᠯ ᠢ ᠨᠢᠭᠡ ᠡᠳᠦᠷ ᠮᠡᠲᠦ ᠪᠠᠲᠤ ᠰᠠᠬᠢᠵᠤ ᠡᠯᠪᠡᠭ ᠪᠠᠶᠠᠯᠢᠭ ᠦᠷ᠎ᠡ ᠪᠦᠲᠦᠭᠡᠯ ᠣᠯᠵᠠᠢ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠤᠢ ᠰᠢᠭᠤᠢ ᠶᠢ ᠠᠷᠠᠴᠢᠯᠠᠨ ᠪᠤᠶᠢᠵᠢᠭᠤᠯᠬᠤ ᠠᠵᠢᠯᠲᠠᠨ ᠠᠵᠢᠯᠴᠢᠨ ᠤ ᠤᠷ᠎ᠠ ᠮᠡᠷᠭᠡᠵᠢᠯ ᠤᠨ ᠤᠷᠤᠯᠳᠤᠭᠠᠨ ᠳᠤ᠂ ᠲᠡᠷᠡ ᠭᠠᠷᠮᠠᠭᠠᠢ ᠤᠷ᠎ᠠ | ᠮᠡᠷᠭᠡᠵᠢᠯ ᠢᠶᠠᠷ ᠢᠶᠠᠨ ᠤᠯᠠᠨ ᠠᠴᠠ ᠴᠣᠯᠭᠤᠷᠠᠨ ᠮᠠᠩᠯᠠᠶᠢᠯᠠᠪᠠ᠃ ︽ᠪᠥᠬᠦ ᠣᠷᠣᠨ ᠤ ᠮᠡᠷᠭᠡᠵᠢᠯ ᠤᠨ ᠴᠢᠳᠠᠪᠤᠷᠢᠲᠠᠨ︾᠂ ︽ᠥᠪᠡᠷᠲᠡᠭᠡᠨ ᠵᠠᠰᠠᠬᠤ ᠣᠷᠣᠨ ᠤ ︿5 · | 1﹀ ᠤ ᠬᠥᠳᠡᠯᠮᠦᠷᠢ ᠶᠢᠨ ᠱᠠᠩᠨᠠᠯ ᠤᠨ ᠲᠡᠮᠳᠡᠭ︾ ᠵᠡᠷᠭᠡ ᠢᠷᠠᠭᠤ ᠠᠯᠳᠠᠷ ᠨᠢ ᠲᠡᠭᠦᠨ ᠢ ᠵᠣᠷᠢᠭᠵᠢᠭᠤᠯᠵᠤ ᠦᠷᠭᠦᠯᠵᠢᠯᠡᠨ ᠤᠷᠤᠭᠰᠢᠯᠠᠭᠤᠯᠤᠨ᠎ᠠ᠃ | ᠡᠨᠡ ᠵᠢᠯ ᠤᠨ ︽5 · 1︾ ᠤ ᠳᠡᠯᠡᠬᠡᠢ ᠶᠢᠨ ᠬᠥᠳᠡᠯᠮᠦᠷᠢᠴᠢᠳ ᠤᠨ ᠪᠠᠶᠠᠷ ᠠᠴᠠ ᠡᠮᠦᠨᠡᠬᠡᠨ᠂ ᠵᠠᠩ ᠲᠠᠢ ᠱᠦᠨ ᠥᠪᠡᠷᠲᠡᠭᠡᠨ ᠵᠠᠰᠠᠬᠤ ᠣᠷᠣᠨ ᠤ | ᠬᠥᠳᠡᠯᠮᠦᠷᠢ ᠶᠢᠨ ᠵᠢᠱᠢᠶᠡᠴᠢ ᠶᠢᠨ ᠢᠷᠠᠭᠤ ᠠᠯᠳᠠᠷ ᠢ ᠬᠦᠷᠲᠡᠪᠡ᠃ ᠲᠡᠷᠡ ᠮᠣᠩᠭᠤᠯ ᠮᠣᠷᠢᠨ ᠤ ᠵᠣᠷᠢᠭ ᠰᠠᠨᠠᠭ᠎ᠠ ᠪᠣᠯᠣᠨ ︽ᠤᠮᠠᠷᠠᠲᠤ ᠶᠢᠨ ᠭᠤᠷᠪᠠᠨ ᠣᠷᠣᠨ ᠤ | ᠵᠣᠷᠢᠭ ᠰᠠᠨᠠᠭ᠎ᠠ︾ ᠶᠢ ᠦᠷᠭᠦᠯᠵᠢᠯᠡᠨ ᠪᠠᠳᠠᠷᠠᠭᠤᠯᠵᠤ᠂ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ ᠬᠥᠳᠡᠯᠮᠦᠷᠢ ᠶᠢᠨ ᠵᠣᠷᠢᠭ ᠰᠠᠨᠠᠭ᠎ᠠ᠂ ᠤᠷᠠᠨ | ᠳᠠᠷᠬᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠷᠭᠠᠭᠤ ᠴᠢᠷᠮᠠᠶᠢᠯᠭ᠎ᠠ ᠪᠠᠷ ᠤᠢ ᠰᠢᠭᠤᠢ ᠶᠢᠨ ᠭᠠᠵᠠᠷ ᠪᠣᠯᠭᠠᠨ ᠢ ᠬᠡᠮᠵᠢᠵᠦ᠂ ᠡᠭᠦᠷᠭᠡᠯᠡᠯ ᠢᠶᠠᠷ ᠬᠦᠴᠢᠷ | ᠠᠰᠠᠭᠤᠳᠠᠯ ᠪᠦᠬᠦᠨ ᠳᠤ ᠰᠢᠭᠤᠳ ᠬᠠᠨᠳᠤᠵᠤ᠂ ᠤᠯᠠᠮᠵᠢᠯᠠᠯ ᠢᠶᠠᠷ ᠤᠢ ᠰᠢᠭᠤᠢ ᠶᠢ ᠬᠠᠮᠠᠭᠠᠯᠠᠬᠤ ᠠᠵᠢᠯ ᠢ ᠡᠭᠦᠷᠢᠳᠡ ᠦᠷᠭᠦᠯᠵᠢᠯᠡᠭᠦᠯᠵᠦ᠂ ᠰᠢᠨ᠎ᠡ ᠶᠢ | ᠡᠭᠦᠳᠬᠦ ᠪᠠᠷ ᠪᠣᠬᠢᠷᠲᠤᠯ ᠦᠭᠡᠢ ᠬᠥᠭᠵᠢᠯᠲᠡ ᠶᠢᠨ ᠰᠢᠪᠲᠤᠯᠤᠯᠲᠠ ᠪᠣᠯᠭᠠᠨ᠎ᠠ᠃ ︽ᠡᠨᠡ ᠬᠦ ᠬᠦᠨᠳᠦ ᠴᠢᠬᠤᠯᠠ ᠢᠷᠠᠭᠤ ᠠᠯᠳᠠᠷ ᠨᠢ ᠭᠠᠭᠴᠠ ᠮᠢᠨᠤᠬᠢ ᠪᠢᠰᠢ᠂ | ᠮᠥᠨ ᠴᠦ ᠡᠨᠡ ᠬᠦ ᠤᠢ ᠰᠢᠭᠤᠢ ᠶᠢᠨ ᠬᠢ᠂ ᠬᠦᠳᠡᠩ ᠮᠠᠨᠠᠨ ᠤ ᠳᠤᠮᠳᠠ ᠠᠭᠤᠯᠠᠨ ᠤᠢ ᠶᠢ ᠬᠡᠮᠵᠢᠵᠦ᠂ ᠰᠥᠨᠢ ᠶᠢᠨ ᠬᠥᠰᠢᠭᠡ ᠶᠢᠨ ᠳᠣᠣᠷ᠎ᠠ ᠨᠣᠭᠤᠭᠠᠨ | ᠥᠩᠭᠡ ᠶᠢ ᠰᠠᠬᠢᠨ ᠬᠠᠮᠠᠭᠠᠯᠠᠵᠤ ᠪᠠᠶᠢᠭ᠎ᠠ ᠤᠢ ᠰᠢᠭᠤᠢ ᠶᠢᠨ ᠠᠵᠢᠯ ᠳᠦᠷᠦᠯ ᠤᠨ ᠬᠥᠮᠥᠰ ᠤᠨ ᠪᠦᠭᠦᠳᠡ ᠶᠢᠨ ᠢᠷᠠᠭᠤ ᠠᠯᠳᠠᠷ ᠮᠥᠨ︾ ᠭᠡᠵᠦ ᠢᠯᠡᠳᠬᠡᠪᠡ᠃ | ᠨᠠᠷᠠᠠ ᠰᠠᠷᠠᠠ ᠡᠭᠡᠯᠵᠢᠯᠡᠵᠦ᠂ ᠳᠦᠷᠪᠡᠨ ᠤᠯᠠᠷᠢᠯ ᠰᠣᠯᠢᠭᠳᠠᠨ ᠣᠷᠴᠢᠵᠤ ᠪᠠᠶᠢᠭᠰᠠᠨ ᠴᠤ ᠵᠠᠩ ᠲᠠᠢ ᠱᠦᠨ ᠤ ᠠᠯᠬᠤᠭ᠎ᠠ ᠶᠡᠷᠦ ᠠᠴᠠ ᠵᠣᠭᠰᠤᠭ᠎ᠠ ᠦᠭᠡᠢ᠃ | ᠦᠳᠡᠰᠢ ᠶᠢᠨ ᠪᠦᠷᠦᠢ ᠠᠭᠤᠯᠠᠨ ᠤᠢ ᠳᠤ ᠪᠠᠭᠤᠵᠤ᠂ ᠡᠭᠦᠷ ᠲᠡᠭᠡᠨ ᠪᠤᠴᠠᠭᠰᠠᠨ ᠰᠢᠪᠠᠭᠤᠳ ᠤᠨ ᠵᠢᠷᠭᠢᠬᠦ ᠲᠠᠭᠤᠨ ᠤᠢ ᠶᠢᠨ ᠳᠤᠮᠳᠠ ᠦᠷᠭᠦᠯᠵᠢᠯᠡᠬᠦᠶ᠎ᠡ᠂ ᠲᠡᠷᠡᠪᠡᠷ | GPS ᠪᠠᠶᠢᠷᠢ ᠲᠣᠭᠲᠠᠭᠠᠯᠲᠠ ᠶᠢᠨ ᠬᠡᠮᠵᠢᠭᠦᠷᠯᠢᠭ ᠢᠶᠠᠨ ᠪᠠᠶᠢᠨ ᠳᠠᠬᠢᠨ ᠡᠷᠭᠦᠵᠦ ᠲᠤᠭ᠎ᠠ ᠪᠠᠷᠢᠮᠲᠠ ᠶᠢ ᠨᠠᠷᠢᠨ ᠬᠠᠷᠭᠤᠭᠤᠯᠵᠤ᠂ ᠪᠦᠷᠦᠢ ᠳᠠᠰᠤᠷᠠᠵᠤ ᠣᠳᠣᠳ | ᠲᠦᠭᠡᠬᠦ ᠳᠤ ᠰᠠᠶ᠋ᠢ ᠰᠠᠷᠠᠨ ᠤ ᠭᠡᠭᠡ ᠲᠠᠢ ᠬᠠᠨᠢᠯᠠᠨ ᠪᠤᠴᠠᠪᠠ᠃ ᠰᠡᠬᠦ᠋ᠢᠨ ᠰᠦᠨᠳᠡᠷᠯᠡᠭᠰᠡᠨ ᠠᠭᠤᠯᠠ ᠨᠢᠷᠤᠭᠤᠳ ᠲᠡᠭᠦᠨ ᠤ ᠪᠠᠲᠤ ᠰᠠᠬᠢᠵᠤ ᠬᠤᠪᠢ ᠨᠡᠮᠡᠷᠢ | ᠦᠵᠡᠭᠦᠯᠦᠭᠰᠡᠨ ᠢ ᠭᠡᠷᠡᠴᠢᠯᠡᠵᠦ᠂ ᠡᠪᠡᠳᠴᠢᠨ ᠤ ᠬᠥᠨᠥᠭᠡᠯ ᠤᠨ ᠦᠯᠢᠭᠡᠷ ᠶᠠᠩᠵᠤ ᠶᠢ ᠪᠣᠭᠴᠣᠯᠠᠭᠰᠠᠨ ᠪᠢᠷᠵᠢᠩᠭᠡ ᠪᠣᠭᠴᠣ ᠠᠯᠬᠤᠮ ᠢ ᠨᠢ ᠲᠠᠭᠠᠵᠤ ᠠᠶᠠᠷᠬᠠᠨ | ᠰᠠᠵᠢᠯᠠᠵᠤ᠂ ︽ᠥᠨᠳᠥᠷ ᠠᠭᠤᠯᠠᠰ ᠬᠥᠬᠡᠷᠡᠵᠦ ᠥᠪᠡᠷ ᠢᠶᠠᠨ ᠪᠢ ᠥᠲᠡᠯᠦᠭᠰᠡᠨ︾ ᠭᠡᠬᠦ ᠰᠡᠳᠬᠢᠯ ᠬᠥᠳᠡᠯᠭᠡᠮ᠎ᠡ ᠦᠯᠢᠭᠡᠷ ᠢ ᠬᠦᠦᠷᠨᠢᠵᠦ ᠪᠠᠶᠢᠯ᠎ᠠ᠃ | |