| ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ | ᠰᠢᠯᠢ ᠶᠢᠨ ᠭᠤᠣᠯ ᠠᠶᠢᠮᠠᠭ᠂ ᠤᠯᠠᠭᠠᠨᠬᠠᠳᠠ ᠬᠤᠳᠠ᠂ ᠤᠯᠠᠭᠠᠨᠴᠠᠪ ᠬᠤᠳᠠ᠂ ᠠᠯᠠᠱᠠ ᠠᠶᠢᠮᠠᠭ᠂ ᠬᠥᠯᠥᠨ ᠪᠤᠶᠢᠷ ᠬᠤᠳᠠ᠂ ᠦᠬᠠᠢ ᠬᠤᠳᠠ ᠶᠢᠨ ᠬᠢᠨ | ᠰᠤᠷᠤᠯᠴᠠᠯᠭ᠎ᠠ ᠬᠥᠮᠦᠵᠢᠯ ᠤᠨ ᠲᠥᠰᠥᠯ ᠢ ᠲᠡᠷᠡ ᠳᠠᠷᠤᠢ ᠳᠤᠨᠢ ᠰᠤᠳᠤᠯᠤᠨ ᠪᠠᠶᠢᠷᠢᠯᠠᠭᠤᠯᠵᠤ᠂ ᠳᠡᠭᠡᠷ᠎ᠡ ᠠᠴᠠ ᠳᠣᠷᠣᠭᠰᠢ᠂ ᠳᠡᠭᠡᠷ᠎ᠡ ᠱᠠᠲᠤ ᠨᠢ ᠳᠣᠣᠷ᠎ᠠ | ᠱᠠᠲᠤ ᠪᠠᠨ ᠳᠠᠭᠠᠭᠤᠯᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠭᠦᠷᠭᠡ ᠪᠠᠨ ᠲᠣᠳᠣᠷᠬᠠᠶᠢᠯᠠᠵᠤ᠂ ᠰᠤᠷᠤᠯᠴᠠᠯᠭ᠎ᠠ ᠬᠥᠮᠦᠵᠢᠯ ᠢ ᠡᠮᠬᠢ ᠵᠢᠷᠤᠮ ᠲᠠᠢ | ᠡᠬᠢᠯᠡᠭᠦᠯᠵᠦ᠂ ᠪᠦᠬᠦ ᠲᠠᠯ᠎ᠠ ᠪᠠᠷ ᠥᠷᠨᠢᠭᠦᠯᠬᠦ ᠶᠢ ᠪᠠᠲᠤᠯᠠᠵᠤ ᠪᠤᠢ᠃ | ᠰᠢᠯᠢ ᠶᠢᠨ ᠭᠤᠣᠯ ᠠᠶᠢᠮᠠᠭ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ | ᠥᠷᠨᠢᠭᠦᠯᠬᠦ ᠶᠢ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠵᠤ᠂ ᠦᠳᠲᠡᠷ ᠲᠦᠷᠭᠡᠨ ᠬᠥᠳᠡᠯᠦᠯᠴᠡᠨ᠂ ᠨᠠᠷᠢᠨ ᠨᠢᠮᠪᠠᠢ ᠲᠥᠯᠥᠪᠵᠢᠭᠦᠯᠵᠦ᠂ | ᠰᠤᠷᠤᠯᠴᠠᠯᠭ᠎ᠠ ᠬᠥᠮᠦᠵᠢᠯ ᠢ ᠥᠨᠳᠥᠷ ᠪᠠᠷᠢᠮᠵᠢᠶ᠎ᠠ ᠪᠠᠷ ᠡᠬᠢᠯᠡᠭᠦᠯᠬᠦ ᠶᠢ ᠡᠮᠬᠢ ᠵᠢᠷᠤᠮ ᠲᠠᠢ ᠪᠦᠲᠦᠮᠵᠢᠲᠡᠶ ᠠᠬᠢᠭᠤᠯᠪᠠ᠃ 3 ᠰᠠᠷ᠎ᠠ ᠶᠢᠨ 21 ᠤ ᠡᠳᠦᠷ᠂ ᠰᠢᠯᠢ ᠶᠢᠨ | ᠭᠤᠣᠯ ᠠᠶᠢᠮᠠᠭ ᠤᠨ ᠨᠠᠮ ᠤᠨ ᠬᠤᠷᠢᠶ᠎ᠠ 2025 ᠣᠨ ᠤ ᠶᠢᠰᠦᠳᠦᠭᠡᠷ ᠤᠳᠠᠭ᠎ᠠ ᠶᠢᠨ ᠬᠤᠷᠠᠯ ᠵᠢᠴᠢ ᠠᠶᠢᠮᠠᠭ ᠤᠨ ᠨᠠᠮ ᠤᠨ ᠬᠤᠷᠢᠶ᠎ᠠ ᠶᠢᠨ ᠨᠠᠮ ᠤᠨ | ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ 2025 ᠣᠨ ᠤ ᠨᠢᠭᠡᠳᠦᠭᠡᠷ ᠤᠳᠠᠭ᠎ᠠ ᠶᠢᠨ ᠬᠤᠷᠠᠯ ᠢ ᠬᠤᠷᠠᠯᠳᠤᠭᠤᠯᠵᠤ᠂ ᠲᠥᠪ ᠬᠤᠷᠢᠶ᠎ᠠ | ᠵᠢᠴᠢ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠥᠪ ᠤᠨ ᠨᠠᠢᠮᠠᠨ ᠲᠣᠭᠲᠠᠭᠠᠯ ᠤᠨ | ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠢ ᠰᠤᠳᠤᠯᠤᠨ ᠪᠠᠶᠢᠷᠢᠯᠠᠭᠤᠯᠬᠤ ᠶᠢᠨ ᠬᠠᠮᠲᠤ ᠠᠵᠢᠯ ᠤᠨ ᠲᠥᠰᠥᠯ ᠢ | ᠬᠢᠨᠠᠨ ᠲᠣᠭᠲᠠᠭᠠᠪᠠ᠃ ᠣᠳᠣᠬᠠᠨ ᠪᠣᠯᠲᠠᠯ᠎ᠠ᠂ ᠪᠥᠬᠦ ᠠᠶᠢᠮᠠᠭ ᠤᠨ 13 ᠬᠤᠰᠢᠭᠤ ᠰᠢᠶᠠᠨ ᠬᠤᠲᠠ ᠲᠣᠭᠤᠷᠢᠭ᠂ 69 ᠠᠶᠢᠮᠠᠭ ᠤᠨ ᠰᠢᠭᠤᠳ ᠬᠠᠷᠢᠶ᠎ᠠ | ᠪᠠᠶᠢᠭᠤᠯᠭ᠎ᠠ ᠨᠢᠭᠡᠴᠢ ᠪᠣᠯᠣᠨ 3788 ᠦᠨᠳᠦᠰᠦᠨ ᠱᠠᠲᠤᠨ ᠤ ᠨᠠᠮ ᠤᠨ ᠡᠭᠦᠷ ᠰᠤᠷᠤᠯᠴᠠᠯᠭ᠎ᠠ ᠬᠥᠮᠦᠵᠢᠯ ᠢ ᠪᠦᠬᠦᠨ ᠢ ᠡᠬᠢᠯᠡᠭᠦᠯᠪᠡ᠃ ᠲᠤᠰ ᠡᠳᠦᠷ᠂ ᠲᠤᠯᠤᠨ | ᠨᠤᠤᠷ ᠰᠢᠶᠠᠨ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠵᠢᠴᠢ ᠰᠢᠶᠠᠨ ᠤ ᠨᠠᠮ ᠤᠨ ᠬᠤᠷᠢᠶ᠎ᠠ ᠨᠠᠮ ᠤᠨ ᠪᠠᠶᠢᠭᠤᠯᠤᠯᠲᠠ ᠶᠢᠨ ᠠᠵᠢᠯ ᠤᠨ | ᠤᠳᠤᠷᠢᠳᠬᠤ ᠳᠤᠭᠤᠶᠢᠯᠠᠩ ᠤᠨ ᠬᠤᠷᠠᠯ ᠤᠨ ᠬᠡᠯᠪᠡᠷᠢ ᠪᠠᠷ ᠪᠦᠬᠦ ᠰᠢᠶᠠᠨ ᠤ ᠰᠤᠷᠤᠯᠴᠠᠯᠭ᠎ᠠ ᠬᠥᠮᠦᠵᠢᠯ ᠢ ᠡᠬᠢᠯᠡᠭᠦᠯᠵᠦ᠂ ᠬᠤᠷᠠᠯ ᠳᠡᠭᠡᠷ᠎ᠡ ︽ᠪᠦᠬᠦ ᠨᠠᠮ ᠢᠶᠠᠷ ᠢᠶᠠᠨ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠳᠤᠮᠳᠠᠳᠤ ᠤᠯᠤᠰ ᠤᠨ | ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ︾ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠬᠤ ᠶᠢᠨ ᠬᠠᠮᠲᠤ ᠠᠵᠢᠯ ᠤᠨ | ᠲᠥᠰᠥᠯ᠂ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ᠤᠨ ᠠᠵᠢᠯ ᠤᠨ ᠲᠣᠬᠢᠷᠠᠭᠤᠯᠤᠯᠲᠠ᠂ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠤᠰᠬᠠᠢ | ᠠᠩᠭᠢ ᠶᠢᠨ ᠪᠠᠶᠢᠳᠠᠯ ᠢ ᠬᠢᠨᠠᠨ ᠵᠥᠪᠯᠡᠪᠡ᠃ ᠲᠤᠰ ᠰᠢᠶᠠᠨ ᠰᠤᠷᠤᠯᠴᠠᠬᠤ ᠪᠠᠶᠢᠴᠠᠭᠠᠬᠤ ᠴᠡᠭᠴᠡᠯᠡᠨ ᠰᠠᠶᠢᠵᠢᠷᠠᠭᠤᠯᠬᠤ ᠶᠢ ᠨᠢᠭᠡ ᠴᠣᠭᠴᠠᠵᠢᠭᠤᠯᠤᠨ ᠠᠬᠢᠭᠤᠯᠬᠤ ᠶᠢ | ᠪᠠᠷᠢᠮᠲᠠᠯᠠᠵᠤ᠂ ︽1 ᠳᠡᠪᠲᠡᠷ ᠨᠣᠮ︾᠂ ︽1 ᠲᠣᠭᠲᠠᠭᠠᠯ ᠤᠨ ᠵᠣᠷᠢᠭ ᠰᠠᠨᠠᠭ᠎ᠠ︾᠂ ︽1 ᠲᠤᠷᠰᠢᠯᠭ᠎ᠠ ᠶᠢᠨ ᠳ᠋ᠦᠩᠨᠡᠯᠲᠡ︾ ᠵᠡᠷᠭᠡ 3 ᠭᠤᠣᠯᠳᠠᠯᠭ᠎ᠠ ᠲᠠᠢ | ᠰᠤᠷᠤᠯᠴᠠᠬᠤ ᠠᠭᠤᠯᠭ᠎ᠠ ᠶᠢ ᠰᠠᠶᠢᠲᠤᠷ ᠰᠤᠷᠤᠯᠴᠠᠬᠤ ᠪᠠᠷ ᠭᠤᠣᠯᠳᠠᠭᠤᠯᠵᠤ᠂ ᠨᠣᠮ ᠤᠩᠰᠢᠬᠤ ᠠᠩᠭᠢ᠂ ᠤᠨᠤᠯ ᠰᠤᠷᠤᠯᠴᠠᠬᠤ ᠭᠤᠣᠯ ᠳᠤᠭᠤᠶᠢᠯᠠᠩ ᠤᠨ | ᠰᠤᠷᠤᠯᠴᠠᠯᠭ᠎ᠠ᠂ ︽ᠭᠤᠷᠪᠠᠨ ᠬᠤᠷᠠᠯ ᠨᠢᠭᠡ ᠬᠢᠴᠢᠶᠡᠯ︾᠂ ᠭᠤᠣᠯ ᠰᠡᠳᠦᠪᠲᠦ ᠨᠠᠮ ᠤᠨ ᠡᠳᠦᠷ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠪᠠᠷ ᠰᠤᠷᠤᠯᠴᠠᠯᠭ᠎ᠠ | ᠬᠥᠮᠦᠵᠢᠯ ᠢ ᠡᠳᠦᠷ ᠳᠤᠳᠤᠮ ᠤᠨ ᠠᠵᠢᠯ ᠳᠠᠭᠠᠨ ᠠᠭᠤᠰᠤᠯᠴᠠᠭᠤᠯᠪᠠ᠃ | ᠤᠯᠠᠭᠠᠨᠬᠠᠳᠠ ᠬᠤᠲᠠ ᠥᠭᠡᠷᠡᠴᠢᠯᠡᠯᠲᠡ ᠶᠢᠨ ᠵᠣᠷᠢᠭ ᠰᠠᠨᠠᠭ᠎ᠠ ᠶᠢ ᠪᠠᠷᠢᠮᠲᠠᠯᠠᠵᠤ᠂ ᠴᠢᠩᠭ᠎ᠠ ᠱᠠᠭᠠᠷᠳᠠᠯᠭ᠎ᠠ ᠪᠠᠷ ᠰᠤᠷᠲᠠᠯ ᠤᠨ ᠪᠠᠶᠢᠭᠤᠯᠤᠯᠲᠠ ᠶᠢ | ᠴᠢᠩᠭᠠᠳᠬᠠᠵᠤ᠂ ᠪᠦᠬᠦ ᠬᠤᠲᠠ ᠶᠢᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠶᠢ ᠪᠦᠬᠦ ᠬᠦᠴᠦᠨ ᠢᠶᠠᠷ ᠠᠬᠢᠭᠤᠯᠵᠤ᠂ | ᠰᠤᠷᠤᠯᠴᠠᠯᠭ᠎ᠠ ᠬᠥᠮᠦᠵᠢᠯ ᠤᠨ ᠤᠷᠤᠭᠰᠢᠲᠠᠢ ᠡᠬᠢᠯᠡᠵᠦ᠂ ᠯᠠᠪᠳᠠᠭᠤᠨ ᠢᠶᠠᠷ ᠠᠬᠢᠬᠤ ᠶᠢ ᠪᠠᠲᠤᠯᠠᠪᠠ᠃ 3 ᠰᠠᠷ᠎ᠠ ᠶᠢᠨ 19 ᠤ ᠡᠳᠦᠷ᠂ ᠤᠯᠠᠭᠠᠨᠬᠠᠳᠠ ᠬᠤᠲᠠ ᠶᠢᠨ | ᠨᠠᠮ ᠤᠨ ᠬᠤᠷᠢᠶ᠎ᠠ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠵᠤ᠂ ᠪᠥᠬᠦ ᠬᠤᠲᠠ ᠶᠢᠨ ᠰᠤᠷᠤᠯᠴᠠᠯᠭ᠎ᠠ | ᠬᠥᠮᠦᠵᠢᠯ ᠤᠨ ᠬᠡᠷᠡᠭᠵᠢᠭᠦᠯᠬᠦ ᠲᠥᠰᠥᠯ ᠢ ᠬᠢᠨᠠᠨ ᠵᠥᠪᠯᠡᠵᠦ ᠪᠠᠲᠤᠯᠠᠬᠤ ᠶᠢᠨ ᠬᠠᠮᠲᠤ ᠰᠤᠷᠤᠯᠴᠠᠯᠭ᠎ᠠ ᠬᠥᠮᠦᠵᠢᠯ ᠳᠤ ᠪᠠᠶᠢᠷᠢᠯᠠᠭᠤᠯᠤᠯᠲᠠ ᠬᠢᠪᠡ᠃ 3 ᠰᠠᠷ᠎ᠠ ᠶᠢᠨ | 30 ᠠᠴᠠ 31 ᠤ ᠡᠳᠦᠷ ᠪᠣᠯᠲᠠᠯ᠎ᠠ᠂ ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠶᠢ ᠡᠷᠭᠢᠯᠡᠵᠦ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ | ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠵᠤ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠢ ᠬᠡᠷᠡᠭᠵᠢᠭᠦᠯᠬᠦ | ᠨᠠᠷᠢᠨ ᠳᠦᠷᠢᠮ ᠤᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠪᠠ᠃ ᠣᠳᠣᠬᠠᠨ ᠪᠣᠯᠲᠠᠯ᠎ᠠ᠂ ᠪᠥᠬᠦ ᠬᠤᠲᠠ ᠶᠢᠨ 12 ᠬᠤᠰᠢᠭᠤ ᠰᠢᠶᠠᠨ ᠲᠣᠭᠤᠷᠢᠭ᠂ 124 | ᠬᠤᠲᠠ ᠶᠢᠨ ᠰᠢᠭᠤᠳ ᠬᠠᠷᠢᠶ᠎ᠠ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ 3 ᠬᠠᠮᠲᠤ ᠪᠠᠷ ᠬᠠᠮᠢᠶᠠᠷᠴᠤ ᠪᠠᠶᠢᠭ᠎ᠠ ᠶᠡᠭᠡ ᠳᠡᠭᠡᠳᠦ ᠰᠤᠷᠭᠠᠭᠤᠯᠢ᠂ | ᠲᠦᠮᠡ ᠭᠠᠷᠤᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠴᠥᠮ ᠰᠤᠷᠤᠯᠴᠠᠯᠭ᠎ᠠ ᠬᠥᠮᠦᠵᠢᠯ ᠢ ᠪᠥᠬᠦ ᠲᠠᠯ᠎ᠠ ᠪᠠᠷ ᠡᠬᠢᠯᠡᠭᠦᠯᠪᠡ᠃ 4 ᠰᠠᠷ᠎ᠠ ᠶᠢᠨ | 7 ᠠᠴᠠ 8 ᠤ ᠡᠳᠦᠷ ᠪᠤᠯᠳᠠᠯ᠎ᠠ᠂ ᠯᠢᠨᠰᠢ ᠰᠢᠶᠠᠨ ᠤ ᠨᠠᠮ ᠤᠨ ᠬᠤᠷᠢᠶ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ | ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠶᠢ ᠡᠷᠬᠢᠯᠡᠵᠤ᠂ ᠲᠤᠰᠬᠠᠢ ᠰᠡᠳᠦᠪᠲᠦ ᠲᠠᠶᠢᠯᠤᠮᠵᠢ ᠬᠢᠬᠦ᠂ ᠲᠥᠪᠯᠡᠷᠡᠭᠦᠯᠦᠨ ᠥᠪᠡᠰᠦᠪᠡᠨ ᠰᠤᠷᠤᠯᠴᠠᠬᠤ᠂ | ᠲᠤᠰᠬᠠᠢ ᠰᠡᠳᠦᠪ ᠢᠶᠠᠷ ᠰᠤᠳᠤᠯᠤᠨ ᠶᠠᠷᠢᠯᠴᠠᠵᠤ ᠰᠣᠯᠢᠯᠴᠠᠬᠤ ᠵᠡᠷᠭᠡ ᠬᠡᠯᠪᠡᠷᠢ ᠪᠠᠷ ᠰᠤᠷᠤᠯᠴᠠᠯᠭ᠎ᠠ ᠥᠷᠨᠢᠭᠦᠯᠪᠡ᠃ ᠤᠯᠠᠨ ᠢᠶᠠᠷ ᠢᠶᠠᠨ᠂ ᠨᠢᠭᠡ ᠤᠳᠠᠭ᠎ᠠ ᠶᠢᠨ ᠭᠦᠨ | ᠭᠦᠨᠵᠡᠭᠡᠢ ᠦᠵᠡᠯ ᠰᠠᠨᠠᠭᠠᠨ ᠤ ᠳᠠᠪᠲᠠᠯᠲᠠ ᠶᠢ ᠮᠡᠳᠡᠷᠡᠵᠦ᠂ ᠦᠵᠡᠯ ᠰᠠᠨᠠᠭᠠᠨ ᠤ ᠤᠬᠠᠮᠰᠠᠷ᠂ ᠤᠯᠤᠰ ᠲᠦᠷᠦ ᠶᠢᠨ ᠤᠬᠠᠮᠰᠠᠷ ᠪᠣᠯᠣᠨ ᠦᠢᠯᠡ ᠠᠵᠢᠯᠯᠠᠭ᠎ᠠ ᠶᠢᠨ | ᠤᠬᠠᠮᠰᠠᠷ ᠢᠯᠡᠳᠲᠡ ᠴᠢᠩᠭᠠᠷᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠡᠷᠴᠢ ᠵᠣᠷᠢᠭ ᠢᠶᠠᠨ ᠤᠯᠠᠮ | ᠪᠠᠲᠤᠳᠬᠠᠵᠤ᠂ ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ ᠨᠠᠮ ᠤᠨ ᠲᠥᠪ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠪᠣᠯᠣᠨ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠡᠭᠦᠷᠭᠡ ᠯᠢᠨᠰᠢ ᠳᠤ ᠨᠡᠩ ᠶᠡᠭᠡ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠨ᠎ᠠ | ᠭᠡᠵᠦ ᠢᠯᠡᠳᠬᠡᠵᠡᠭᠡᠪᠡ᠃ | ᠤᠯᠠᠭᠠᠨᠴᠠᠪ ᠬᠤᠳᠠ ᠰᠤᠷᠤᠯᠴᠠᠯᠭ᠎ᠠ ᠬᠥᠮᠦᠵᠢᠯ ᠢ ᠡᠨᠡ ᠵᠢᠯ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠭᠤᠣᠯᠳᠠᠯᠭ᠎ᠠ ᠲᠠᠢ ᠡᠭᠦᠷᠭᠡ ᠪᠣᠯᠭᠠᠵᠤ᠂ | ᠨᠠᠶᠢᠳᠠᠪᠤᠷᠢᠵᠢᠭᠤᠯᠤᠯᠲᠠ ᠶᠢ ᠲᠡᠷᠡ ᠶᠣᠰᠣᠭᠠᠷ ᠨᠢ ᠰᠠᠶᠢᠲᠤᠷ ᠠᠳᠬᠤᠪᠠ᠃ 3 ᠰᠠᠷ᠎ᠠ ᠶᠢᠨ 21 ᠤ ᠡᠳᠦᠷ᠂ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ | ᠪᠠᠶᠢᠩᠭᠤ ᠶᠢᠨ ᠬᠤᠷᠢᠶ᠎ᠠ ᠶᠢᠨ ᠬᠤᠷᠠᠯ ᠵᠢᠴᠢ ᠬᠤᠲᠠ ᠶᠢᠨ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ | ᠬᠤᠷᠠᠯ ᠬᠤᠷᠠᠯᠳᠤᠭᠤᠯᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠥᠰᠥᠯ ᠢ ᠬᠢᠨᠠᠨ ᠵᠥᠪᠯᠡᠵᠦ ᠪᠠᠲᠤᠯᠠᠭᠰᠠᠨ ᠪᠥᠭᠡᠳ ᠬᠤᠲᠠ ᠶᠢᠨ ᠨᠠᠮ ᠤᠨ | ᠬᠤᠷᠢᠶ᠎ᠠ ᠶᠢᠨ ᠠᠯᠪᠠᠨ ᠭᠡᠷ ᠤᠨ ᠨᠡᠷ᠎ᠡ ᠪᠠᠷ ᠳᠠᠷᠤᠮᠠᠯᠯᠠᠨ ᠲᠠᠷᠬᠠᠭᠠᠵᠤ᠂ ᠪᠥᠬᠦ ᠬᠤᠲᠠ ᠶᠢᠨ ᠰᠤᠷᠤᠯᠴᠠᠯᠭ᠎ᠠ ᠬᠥᠮᠦᠵᠢᠯ ᠢ ᠵᠢᠩᠬᠢᠨᠢ ᠪᠠᠷ ᠡᠬᠢᠯᠡᠭᠦᠯᠪᠡ᠃ ᠨᠢᠭᠡ | ᠨᠢᠭᠡ ᠪᠠᠷ ᠵᠢᠭᠠᠨ ᠵᠢᠯᠤᠭᠤᠳᠴᠤ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠵᠢᠴᠢ ᠦᠨᠳᠦᠰᠦᠨ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠶᠢ ᠱᠠᠯᠠᠪᠳᠠᠭᠤᠯᠤᠨ ᠱᠠᠭᠠᠷᠳᠠᠵᠤ᠂ ᠬᠦᠯᠢᠶᠡᠬᠦ ᠦᠭᠡᠢ ᠲᠦᠰᠢᠭᠯᠡᠬᠦ ᠦᠭᠡᠢ ᠪᠠᠷ ᠰᠤᠷᠤᠯᠴᠠᠯᠭ᠎ᠠ ᠬᠥᠮᠦᠵᠢᠯ ᠢ ᠵᠡᠷᠭᠡ ᠪᠠᠷ ᠡᠬᠢᠯᠡᠭᠦᠯᠪᠡ᠃ | ᠲᠣᠰ ᠬᠤᠲᠠ ᠳᠤ ᠰᠠᠭᠤᠭ᠎ᠠ ᠶᠡᠭᠡ ᠳᠡᠭᠡᠳᠦ ᠰᠤᠷᠭᠠᠭᠤᠯᠢ ᠶᠢᠨ ᠳᠠᠪᠬᠤᠷᠭ᠎ᠠ ᠳᠤ᠂ ᠵᠢᠨᠢᠩ ᠤᠨ ᠪᠠᠭᠰᠢ ᠶᠢᠨ ᠳᠡᠭᠡᠳᠦ ᠰᠤᠷᠭᠠᠭᠤᠯᠢ᠂ ᠤᠯᠠᠭᠠᠨᠴᠠᠪ ᠤᠨ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ ᠪᠠ ᠤᠯᠠᠭᠠᠨᠴᠠᠪ ᠤᠨ ᠠᠨᠠᠭᠠᠬᠤ ᠤᠬᠠᠭᠠᠨ ᠤ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠵᠡᠷᠭᠡ 3 ᠶᠡᠭᠡ | ᠳᠡᠭᠡᠳᠦ ᠰᠤᠷᠭᠠᠭᠤᠯᠢ 3 ᠰᠠᠷ᠎ᠠ ᠶᠢᠨ 25 ᠤ ᠡᠳᠦᠷ ᠠᠴᠠ ᠡᠮᠦᠨ᠎ᠡ ᠰᠤᠷᠤᠯᠴᠠᠯᠭ᠎ᠠ ᠪᠠᠨ ᠡᠬᠢᠯᠡᠭᠦᠯᠪᠡ︔ ᠬᠤᠰᠢᠭᠤ ᠰᠢᠶᠠᠨ᠂ ᠬᠤᠲᠠ ᠶᠢᠨ ᠰᠢᠭᠤᠳ ᠬᠠᠷᠢᠶ᠎ᠠ | ᠨᠢᠭᠡᠴᠢ ᠶᠢᠨ ᠳᠠᠪᠬᠤᠷᠭ᠎ᠠ ᠳᠤ᠂ 11 ᠬᠤᠰᠢᠭᠤ ᠰᠢᠶᠠᠨ ᠬᠤᠲᠠ ᠲᠣᠭᠤᠷᠢᠭ ᠨᠢ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠪᠤᠶᠤ ᠨᠠᠮ ᠤᠨ | ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠬᠤᠷᠠᠯᠳᠤᠭᠤᠯᠬᠤ ᠵᠡᠷᠭᠡ ᠬᠡᠯᠪᠡᠷᠢ ᠪᠠᠷ ᠳᠠᠮᠵᠢᠭᠤᠯᠤᠨ ᠰᠤᠷᠤᠯᠴᠠᠯᠭ᠎ᠠ ᠬᠥᠮᠦᠵᠢᠯ ᠢ | ᠡᠬᠢᠯᠡᠭᠦᠯᠵᠦ᠂ 92 ᠬᠤᠲᠠ ᠶᠢᠨ ᠰᠢᠭᠤᠳ ᠬᠠᠷᠢᠶ᠎ᠠ ᠨᠢᠭᠡᠴᠢ ᠶᠢᠨ ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ︶ ᠤᠨ ᠬᠢᠨ 3 ᠰᠠᠷ᠎ᠠ ᠶᠢᠨ | ᠡᠴᠦᠰ ᠠᠴᠠ ᠡᠮᠦᠨ᠎ᠡ ᠪᠦᠬᠦᠨ ᠢ ᠡᠬᠢᠯᠡᠭᠦᠯᠵᠡᠢ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠯ᠎ᠠ ᠪᠠᠷ᠂ ᠪᠦᠬᠦ ᠬᠤᠲᠠ ᠶᠢᠨ 5926 | ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ︵92 ᠰᠤᠮᠤ ᠰᠢᠶᠠᠩ ᠪᠠᠯᠭᠠᠰᠤ ᠶᠢ ᠪᠠᠭᠲᠠᠭᠠᠨ᠎ᠠ︶᠂ 13 ᠵᠡᠭᠡᠯᠢ ᠭᠤᠳᠤᠮᠵᠢ ᠶᠢᠨ ᠨᠠᠮ ᠤᠨ | ᠠᠵᠢᠯ ᠤᠨ ᠬᠤᠷᠢᠶ᠎ᠠ 3 ᠰᠠᠷ᠎ᠠ ᠶᠢᠨ ᠡᠴᠦᠰ ᠠᠴᠠ ᠡᠮᠦᠨ᠎ᠡ ᠪᠦᠬᠦᠨ ᠢ ᠡᠬᠢᠯᠡᠭᠦᠯᠵᠡᠢ᠃ 3 ᠰᠠᠷ᠎ᠠ ᠶᠢᠨ 31 ᠠᠴᠠ 4 ᠰᠠᠷ᠎ᠠ ᠶᠢᠨ 1 ᠤ ᠡᠳᠦᠷ ᠪᠣᠯᠲᠠᠯ᠎ᠠ᠂ | ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ | ᠨᠣᠮ ᠤᠩᠰᠢᠬᠤ ᠠᠩᠭᠢ ᠡᠷᠭᠢᠯᠡᠵᠦ᠂ ᠪᠥᠬᠦ ᠬᠤᠲᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠨᠠᠮ ᠤᠨ ᠭᠡᠰᠢᠭᠦᠨ ᠺᠠᠳ᠋ᠷᠴᠤᠳ ᠤᠨ | ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠬᠦ ᠶᠢ ᠵᠢᠱᠢᠶ᠎ᠡ ᠦᠵᠡᠭᠦᠯᠦᠨ ᠳᠠᠶᠢᠴᠢᠯᠠᠪᠠ᠃ 4 ᠰᠠᠷ᠎ᠠ ᠶᠢᠨ 7 ᠤ ᠡᠳᠦᠷ ᠪᠣᠯᠲᠠᠯ᠎ᠠ᠂ ᠪᠥᠬᠦ | ᠬᠤᠲᠠ ᠶᠢᠨ 11 ᠬᠤᠰᠢᠭᠤ ᠰᠢᠶᠠᠨ ᠬᠤᠲᠠ ᠲᠣᠭᠤᠷᠢᠭ᠂ 58 ᠬᠤᠲᠠ ᠶᠢᠨ ᠰᠢᠭᠤᠳ ᠬᠠᠷᠢᠶ᠎ᠠ ᠨᠢᠭᠡᠴᠢ ᠶᠢᠨ ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ | ᠬᠤᠷᠢᠶ᠎ᠠ︶ ᠨᠢᠭᠡᠨᠲᠡ ᠨᠣᠮ ᠤᠩᠰᠢᠬᠤ ᠠᠩᠭᠢ ᠡᠷᠭᠢᠯᠡᠭᠰᠡᠨ ᠪᠠᠶᠢᠨ᠎ᠠ᠃ ᠠᠯᠠᠱᠠ ᠠᠶᠢᠮᠠᠭ ᠨᠠᠷᠢᠨ ᠬᠢᠨᠠᠮᠠᠭᠠᠢ ᠲᠥᠯᠥᠪᠵᠢᠭᠦᠯᠦᠨ ᠲᠣᠬᠢᠷᠠᠭᠤᠯᠵᠤ᠂ ᠲᠦᠷᠭᠡᠨ | ᠪᠠᠶᠢᠷᠢᠯᠠᠭᠤᠯᠤᠨ ᠨᠠᠶᠢᠳᠠᠪᠤᠷᠢᠵᠢᠭᠤᠯᠪᠠ᠃ 3 ᠰᠠᠷ᠎ᠠ ᠶᠢᠨ 26 ᠠᠴᠠ 27 ᠤ ᠡᠳᠦᠷ ᠪᠣᠯᠲᠠᠯ᠎ᠠ᠂ ᠠᠯᠠᠱᠠ ᠠᠶᠢᠮᠠᠭ ᠤᠨ ᠨᠠᠮ ᠤᠨ ᠬᠤᠷᠢᠶ᠎ᠠ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠡᠷᠭᠢᠯᠡᠵᠦ᠂ ᠣᠯᠠᠨ ᠢᠶᠠᠷ ᠢᠶᠠᠨ | ᠲᠤᠰᠬᠠᠢ ᠰᠡᠳᠦᠪ ᠢᠶᠠᠷ ᠬᠠᠪᠰᠤᠷᠤᠨ ᠵᠢᠯᠤᠭᠤᠳᠬᠤ᠂ ᠲᠥᠪᠯᠡᠷᠡᠭᠦᠯᠦᠨ ᠥᠪᠡᠰᠦᠪᠡᠨ ᠰᠤᠷᠤᠯᠴᠠᠬᠤ᠂ ᠰᠡᠷᠡᠮᠵᠢᠯᠡᠭᠦᠯᠬᠦ ᠬᠥᠮᠦᠵᠢᠯ ᠵᠡᠷᠭᠡ ᠠᠷᠭ᠎ᠠ ᠬᠡᠯᠪᠡᠷᠢ ᠪᠠᠷ | ᠳᠠᠮᠵᠢᠨ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ | ᠰᠤᠷᠤᠯᠴᠠᠨ ᠨᠠᠷᠢᠨ ᠣᠶᠢᠯᠠᠭᠠᠵᠤ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠣᠶᠢᠯᠠᠭᠠᠵᠤ᠂ ᠳᠡᠭᠡᠷ᠎ᠡ ᠱᠠᠲᠤ ᠨᠢ ᠳᠣᠣᠷ᠎ᠠ ᠱᠠᠲᠤ ᠪᠠᠨ ᠳᠠᠭᠠᠭᠤᠯᠤᠨ ᠵᠢᠱᠢᠶ᠎ᠡ ᠦᠵᠡᠭᠦᠯᠦᠨ ᠪᠥᠬᠦ ᠠᠶᠢᠮᠠᠭ ᠤᠨ ᠰᠤᠷᠤᠯᠴᠠᠯᠭ᠎ᠠ ᠬᠥᠮᠦᠵᠢᠯ ᠢ | ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠳᠠᠶᠢᠴᠢᠯᠠᠪᠠ᠃ ᠲᠤᠰ ᠠᠶᠢᠮᠠᠭ ᠤᠨ ᠡᠯ᠎ᠡ ᠬᠤᠰᠢᠭᠤ ᠲᠣᠭᠤᠷᠢᠭ ᠤᠨ ᠨᠠᠮ ︵ᠠᠵᠢᠯ︶ ᠤᠨ ᠬᠤᠷᠢᠶ᠎ᠠ ᠬᠠᠮᠲᠤ ᠪᠠᠷ | ᠨᠢᠭᠡ ᠭᠦᠭ ᠠᠶᠠᠰ ᠢᠶᠠᠷ ᠵᠣᠬᠢᠴᠠᠭᠤᠯᠤᠨ ᠬᠥᠳᠡᠯᠦᠯᠴᠡᠵᠦ᠂ ᠰᠤᠷᠤᠯᠴᠠᠯᠭ᠎ᠠ ᠬᠥᠮᠦᠵᠢᠯ ᠢ ᠵᠡᠷᠭᠡ ᠪᠠᠷ ᠠᠬᠢᠭᠤᠯᠪᠠ᠃ ᠠᠶᠢᠮᠠᠭ ᠤᠨ ᠰᠢᠭᠤᠳ ᠬᠠᠷᠢᠶ᠎ᠠ ᠡᠯ᠎ᠡ ᠨᠢᠭᠡᠴᠢ | ᠂ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ︶ ᠤᠨ ᠬᠤᠷᠠᠯ᠂ ︽ᠭᠤᠷᠪᠠᠨ | ᠬᠤᠷᠠᠯ ᠨᠢᠭᠡ ᠬᠢᠴᠢᠶᠡᠯ︾ ᠵᠡᠷᠭᠡ ᠬᠡᠯᠪᠡᠷᠢ ᠪᠠᠷ ᠳᠠᠮᠵᠢᠨ᠂ ᠬᠤᠯᠪᠣᠭᠳᠠᠯ ᠪᠦᠬᠦᠢ ᠱᠠᠭᠠᠷᠳᠠᠯᠭ᠎ᠠ ᠶᠢ ᠦᠨᠳᠦᠰᠦᠨ ᠱᠠᠲᠤᠨ ᠤ ᠡᠮᠦᠨ᠎ᠡ ᠹᠷᠣᠨᠲ ᠲᠤ | ᠨᠠᠶᠢᠳᠠᠪᠤᠷᠢᠵᠢᠭᠤᠯᠵᠤ᠂ ᠪᠥᠬᠦ ᠠᠶᠢᠮᠠᠭ ᠤᠨ ᠰᠤᠷᠤᠯᠴᠠᠯᠭ᠎ᠠ ᠬᠥᠮᠦᠵᠢᠯ ᠤᠨ ᠰᠠᠶᠢᠨ ᠡᠬᠢᠯᠡᠯᠲᠡ ᠲᠠᠢ ᠪᠣᠯᠬᠤ ᠶᠢ ᠦᠨᠡᠨ ᠬᠦ ᠪᠠᠲᠤᠯᠠᠪᠠ᠃ ᠣᠳᠣᠬᠠᠨ ᠪᠣᠯᠲᠠᠯ᠎ᠠ᠂ | ᠪᠥᠬᠦ ᠠᠶᠢᠮᠠᠭ ᠤᠨ 6 ᠬᠤᠰᠢᠭᠤ ᠲᠣᠭᠤᠷᠢᠭ᠂ 67 ᠠᠶᠢᠮᠠᠭ ᠤᠨ ᠰᠢᠭᠤᠳ ᠬᠠᠷᠢᠶ᠎ᠠ ᠰᠠᠯᠠᠭ᠎ᠠ ᠮᠥᠴᠢᠷ ᠨᠢᠭᠡᠴᠢ᠂ 38 ᠰᠤᠮᠤ ᠪᠠᠯᠭᠠᠰᠤ ︵ᠵᠡᠭᠡᠯᠢ ᠭᠤᠳᠤᠮᠵᠢ︶᠂ | ᠪᠣᠶ ᠪᠦᠬᠦᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠴᠥᠮ ᠰᠤᠷᠤᠯᠴᠠᠯᠭ᠎ᠠ ᠬᠥᠮᠦᠵᠢᠯ ᠤᠨ ᠠᠵᠢᠯ ᠢ ᠪᠠᠶᠢᠷᠢᠯᠠᠭᠤᠯᠪᠠ᠃ 3 ᠰᠠᠷ᠎ᠠ ᠶᠢᠨ 31 ᠤ | ᠡᠳᠦᠷ᠂ ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ ᠤᠯᠠᠭᠠᠨᠪᠤᠬ᠎ᠠ ᠶᠢᠨ ᠵᠢᠱᠢᠶ᠎ᠡ ᠦᠵᠡᠭᠦᠯᠬᠦ ᠲᠣᠭᠤᠷᠢᠭ ᠰᠤᠷᠤᠯᠴᠠᠯᠭ᠎ᠠ ᠬᠥᠮᠦᠵᠢᠯ ᠤᠨ | ᠪᠣᠯᠪᠠᠰᠤᠷᠠᠯ ᠡᠷᠭᠢᠯᠡᠵᠦ᠂ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ ᠢ ᠤᠷᠢᠵᠤ ︽ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠬᠦᠴᠦᠲᠡᠢ ᠪᠠᠲᠤᠯᠠᠭ᠎ᠠ ᠬᠠᠩᠭᠠᠶ᠎ᠠ︾ ᠭᠡᠬᠦ ᠰᠡᠳᠦᠪ ᠢᠶᠠᠷ ᠲᠤᠰᠬᠠᠢ ᠰᠡᠳᠦᠪᠲᠦ ᠬᠠᠪᠰᠤᠷᠤᠨ | ᠵᠢᠯᠣᠭᠤᠳᠤᠯᠭ᠎ᠠ ᠬᠢᠯᠭᠡᠵᠦ᠂ ᠨᠠᠮ ᠤᠨ ᠭᠡᠰᠢᠭᠦᠨ ᠺᠠᠳ᠋ᠷᠴᠤᠳ ᠤᠨ ᠨᠠᠮᠴᠢ ᠴᠢᠨᠠᠷ ᠢᠶᠠᠨ ᠳᠠᠪᠲᠠᠨ ᠪᠣᠯᠪᠠᠰᠤᠷᠠᠭᠤᠯᠵᠤ᠂ ᠦᠵᠡᠯ ᠰᠠᠨᠠᠭᠠᠨ ᠤ ᠤᠬᠠᠮᠰᠠᠷ ᠢᠶᠠᠨ | ᠳᠡᠭᠡᠭᠰᠢᠯᠡᠭᠦᠯᠦᠨ᠂ ᠪᠣᠳᠠᠲᠤ ᠠᠵᠢᠯᠯᠠᠭ᠎ᠠ ᠪᠠᠷ ᠢᠶᠠᠨ ᠰᠠᠶᠢᠨ ᠰᠠᠶᠢᠬᠠᠨ ᠳᠦᠷᠢ ᠲᠥᠷᠬᠦ ᠶᠢ ᠪᠣᠶ ᠪᠣᠯᠭᠠᠵᠤ᠂ ᠦᠨᠡᠨ ᠬᠦ ᠣᠯᠠᠨ ᠲᠦᠮᠡᠨ ᠢ ᠬᠠᠨᠤᠮᠵᠢᠲᠠᠶ ᠪᠠᠶᠢᠯᠭᠠᠬᠤ᠂ | ᠵᠣᠬᠢᠶᠠᠨ ᠪᠠᠶᠢᠭᠤᠯᠤᠯᠲᠠ ᠶᠢ ᠰᠠᠨᠠᠭ᠎ᠠ ᠠᠮᠤᠷ ᠪᠠᠶᠢᠯᠭᠠᠬᠤ᠂ ᠰᠢᠯᠢᠳᠡᠭ ᠰᠤᠷᠲᠠᠯ ᠢᠶᠠᠷ ᠰᠤᠷᠲᠠᠯ ᠴᠢᠬᠡᠴᠢ ᠣᠪᠣᠷ ᠲᠥᠪ ᠠᠵᠢᠯ ᠬᠢᠵᠦ ᠦᠢᠯᠡᠰ ᠪᠣᠰᠬᠠᠬᠤ ᠠᠭᠤᠷ | ᠠᠮᠢᠰᠬᠤᠯ ᠢ ᠪᠣᠶ ᠪᠣᠯᠭᠠᠬᠤ ᠶᠢ ᠵᠣᠷᠢᠪᠠ᠃ | ᠬᠥᠯᠥᠨ ᠪᠤᠶᠢᠷ ᠬᠤᠲᠠ ᠨᠠᠷᠢᠨ ᠨᠢᠮᠪᠠᠢ ᠲᠥᠯᠥᠪᠵᠢᠭᠦᠯᠦᠨ ᠪᠠᠶᠢᠷᠢᠯᠠᠭᠤᠯᠵᠤ᠂ ︽ᠰᠤᠷᠤᠯᠴᠠᠬᠤ︾ ᠶᠢ ᠢᠮᠠᠭᠲᠠ ᠲᠤᠭᠤᠰᠢᠯᠠᠭᠤᠯᠪᠠ᠃ ᠳᠡᠭᠡᠷ᠎ᠡ ᠱᠠᠲᠤ ᠨᠢ | ᠳᠣᠣᠷ᠎ᠠ ᠱᠠᠲᠤ ᠪᠠᠨ ᠳᠠᠶᠢᠴᠢᠯᠠᠬᠤ ᠶᠢ ᠪᠠᠷᠢᠮᠲᠠᠯᠠᠵᠤ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠪᠦᠬᠦ ᠬᠤᠲᠠ ᠶᠢᠨ ᠭᠠᠵᠠᠷ ᠤᠨ ᠳᠡᠰ ᠠᠴᠠ | ᠳᠡᠭᠡᠭᠰᠢᠬᠢ ᠤᠳᠤᠷᠢᠳᠬᠤ ᠪᠠᠭ ᠢ ᠵᠢᠱᠢᠶ᠎ᠡ ᠦᠵᠡᠭᠦᠯᠦᠨ ᠳᠠᠶᠢᠴᠢᠯᠠᠵᠤ᠂ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠬᠤᠷᠠᠯ᠂ ᠣᠨᠣᠯ | ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ᠂ ᠨᠣᠮ ᠤᠩᠰᠢᠬᠤ ᠠᠩᠭᠢ ᠡᠷᠬᠢᠯᠡᠬᠦ᠂ ᠲᠤᠰᠬᠠᠢ ᠰᠡᠳᠦᠪ ᠢᠶᠠᠷ ᠬᠠᠪᠰᠤᠷᠤᠨ ᠵᠢᠯᠤᠭᠤᠳᠬᠤ ᠵᠡᠷᠭᠡ ᠠᠷᠭ᠎ᠠ | ᠬᠡᠯᠪᠡᠷᠢ ᠶᠢ ᠥᠷᠭᠡᠨ ᠢᠶᠠᠷ ᠠᠪᠴᠤ᠂ ︽ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠥᠭᠦᠯᠡᠯᠲᠡ ᠶᠢᠨ ᠲᠡᠭᠦᠪᠦᠷᠢ︾ ᠶᠢ | ᠨᠠᠷᠢᠨ ᠬᠢᠨᠠᠮᠠᠭᠠᠢ ᠰᠤᠳᠤᠯᠤᠨ ᠤᠩᠰᠢᠵᠤ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢᠨ ᠤᠭ | ᠵᠣᠬᠢᠶᠠᠯ ᠢ ᠰᠤᠷᠤᠯᠴᠠᠪᠠ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠠᠵᠢᠯ ᠤᠨ ᠪᠣᠳᠠᠲᠤ ᠪᠠᠶᠢᠳᠠᠯ ᠪᠣᠯᠣᠨ ᠡᠭᠦᠷᠭᠡ | ᠴᠢᠳᠠᠪᠬᠢ ᠲᠤᠰᠢᠶᠠᠯ ᠬᠠᠷᠢᠭᠤᠴᠠᠯᠭ᠎ᠠ ᠲᠠᠢ ᠪᠠᠨ ᠤᠶᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ | ᠴᠢᠩᠭᠠᠳᠬᠠᠬᠤ ᠲᠤᠬᠠᠢ ᠴᠢᠬᠤᠯᠠ ᠥᠭᠦᠯᠡᠯᠲᠡ᠂ ᠢᠯᠠᠩᠭᠤᠶ᠎ᠠ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ︽ᠰᠤᠷᠤᠯᠴᠠᠯᠭ᠎ᠠ ᠪᠠᠷ ᠰᠤᠷᠲᠠᠯ ᠢ ᠲᠥᠪ | ᠪᠣᠯᠭᠠᠬᠤ︾ ᠲᠤᠬᠠᠢ ᠴᠢᠬᠤᠯᠠ ᠱᠠᠭᠠᠷᠳᠠᠯᠭ᠎ᠠ ᠶᠢᠨ ᠲᠣᠭᠤᠷᠢᠨ ᠳᠤ ᠰᠤᠳᠤᠯᠤᠨ ᠶᠠᠷᠢᠯᠴᠠᠵᠤ᠂ ᠰᠤᠷᠤᠯᠴᠠᠯᠭ᠎ᠠ ᠶᠢᠨ ᠳᠤᠮᠳᠠ ᠠᠴᠠ ᠪᠣᠳᠠᠲᠠᠢ ᠠᠰᠠᠭᠤᠳᠠᠯ ᠢ | ᠰᠢᠢᠳᠪᠦᠷᠢᠯᠡᠬᠦ ᠠᠷᠭ᠎ᠠ ᠶᠢ ᠬᠡᠷᠡᠭᠯᠡᠪᠡ᠃ ᠬᠤᠲᠠ ᠶᠢᠨ ᠰᠢᠭᠤᠳ ᠬᠠᠷᠢᠶ᠎ᠠ ᠡᠯ᠎ᠡ ᠨᠠᠮ ︵ᠠᠵᠢᠯ︶ ᠤᠨ ᠬᠤᠷᠢᠶ᠎ᠠ ᠶᠢᠨ ᠬᠢᠨ ᠪᠠᠶᠢᠭᠤᠯᠭ᠎ᠠ᠂ ᠰᠤᠷᠭᠠᠨ ᠬᠥᠮᠦᠵᠢᠯ᠂ | ᠡᠷᠡᠭᠦᠯ ᠬᠠᠮᠠᠭᠠᠯᠠᠯ ᠡᠷᠡᠭᠦᠯ ᠮᠡᠨᠳᠦ᠂ ᠣᠢ ᠰᠢᠭᠤᠢ ᠡᠪᠡᠰᠦ ᠪᠡᠯᠴᠢᠭᠡᠷ᠂ ︽ᠬᠤᠶᠠᠷ ᠰᠢᠨ᠎ᠡ︾ ᠵᠣᠬᠢᠶᠠᠨ ᠪᠠᠶᠢᠭᠤᠯᠤᠯᠲᠠ ᠵᠡᠷᠭᠡ ᠠᠳᠠᠯᠢ ᠪᠤᠰᠤ ᠬᠦᠷᠢᠶᠡᠨ ᠤ | ᠣᠨᠴᠠᠯᠢᠭ ᠪᠠ ᠠᠵᠢᠯ ᠤᠨ ᠪᠣᠳᠠᠲᠤ ᠪᠠᠶᠢᠳᠠᠯ ᠳᠤ ᠴᠢᠭᠯᠡᠭᠦᠯᠦᠨ᠂ ᠭᠤᠣᠯᠳᠠᠯᠭ᠎ᠠ ᠲᠠᠢ ᠰᠤᠷᠤᠯᠴᠠᠯᠭ᠎ᠠ ᠶᠢ ᠬᠠᠨᠳᠤᠯᠭᠠᠲᠤ ᠴᠢᠨᠠᠷᠲᠠᠢ ᠪᠠᠷ ᠴᠢᠩᠭᠠᠳᠬᠠᠵᠤ᠂ ᠰᠢᠨ᠎ᠡ ᠪᠠᠷ | ᠳᠡᠪᠰᠢᠭᠦᠯᠦᠭᠰᠡᠨ ᠺᠠᠳ᠋ᠷ᠂ ᠵᠠᠯᠠᠭᠤ ᠺᠠᠳ᠋ᠷ᠂ ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ ᠺᠠᠳ᠋ᠷ ᠤᠨ ᠰᠤᠷᠤᠯᠴᠠᠯᠭ᠎ᠠ ᠬᠥᠮᠦᠵᠢᠯ ᠢ ᠲᠣᠪᠤᠶᠢᠮ᠎ᠠ ᠰᠠᠶᠢᠲᠤᠷ ᠠᠳᠬᠤᠪᠠ᠃ | ᠪᠣᠳᠠᠲᠠᠢ ᠲᠠᠢ ᠤᠶᠠᠯᠳᠤᠭᠤᠯᠬᠤ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠡᠭ ᠣᠯᠠᠨ᠂ ᠱᠤᠭᠤᠮ ᠣᠷᠳᠣ᠂ ᠬᠡᠪᠴᠢᠶ᠎ᠡ | ᠥᠷᠭᠡᠨ᠂ ᠲᠥᠷᠥᠯ ᠬᠡᠯᠪᠡᠷᠢ ᠣᠯᠠᠨ ᠪᠠᠶᠢᠬᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ︽ᠤᠯᠠᠭᠠᠨ ᠪᠠᠬᠢᠯᠡᠯᠲᠡ ᠶᠢᠨ ᠡᠷᠦᠬᠡ︾᠂ ︽ᠨᠠᠮ ᠤᠨ ᠭᠡᠰᠢᠭᠦᠨ ᠤ | ᠭᠤᠣᠯᠳᠠᠯᠭᠠᠲᠤ ᠡᠷᠦᠬᠡ︾᠂ ︽ᠲᠠᠯ᠎ᠠ ᠨᠤᠲᠤᠭ ᠤᠨ ᠬᠤᠰᠢᠭᠤᠴᠢ ᠯᠧᠺᠲ᠋ᠣᠷ ᠤᠨ ᠪᠦᠯᠬᠦᠮ︾ ᠤᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ | ᠰᠤᠷᠤᠯᠴᠠᠯᠭ᠎ᠠ ᠶᠢ ᠭᠡᠷ ᠲᠤᠨᠢ ᠬᠦᠷᠭᠡᠬᠦ᠂ ᠬᠠᠪᠰᠤᠷᠤᠯᠴᠠᠭ᠎ᠠ ᠪᠠᠶᠢᠭᠤᠯᠤᠨ ᠰᠤᠷᠤᠯᠴᠠᠬᠤ ᠵᠡᠷᠭᠡ ᠠᠮᠢᠳᠤᠯᠢᠭ ᠪᠦᠲᠦᠮᠵᠢᠲᠡᠶ ᠠᠷᠭ᠎ᠠ ᠬᠡᠯᠪᠡᠷᠢ ᠪᠠᠷ ᠳᠠᠮᠵᠢᠨ ᠥᠷᠭᠡᠨ | ᠣᠯᠠᠨ ᠨᠠᠮ ᠤᠨ ᠭᠡᠰᠢᠭᠦᠨ ᠢ ᠵᠣᠬᠢᠶᠠᠨ ᠪᠠᠶᠢᠭᠤᠯᠤᠨ ᠰᠤᠷᠤᠯᠴᠠᠯᠭ᠎ᠠ ᠬᠥᠮᠦᠵᠢᠯ ᠤᠨ ᠪᠥᠬᠦ ᠶᠠᠪᠤᠴᠠ ᠳᠤ ᠣᠷᠣᠯᠴᠠᠭᠤᠯᠵᠤ᠂ ᠰᠤᠷᠤᠯᠴᠠᠯᠭ᠎ᠠ ︽ᠲᠠᠰᠤᠯᠳᠠᠬᠤ ᠦᠭᠡᠢ | ︾᠂ ᠦᠵᠡᠯ ᠰᠠᠨᠠᠭ᠎ᠠ ︽ᠡᠩᠨᠡᠭᠡ ᠠᠴᠠ ᠬᠤᠴᠣᠷᠬᠤ ᠦᠭᠡᠢ︾ ᠪᠠᠶᠢᠬᠤ ᠶᠢ ᠦᠨᠡᠨ ᠬᠦ ᠪᠠᠲᠤᠯᠠᠵᠤ ᠪᠤᠢ᠃ | ᠦᠬᠠᠢ ᠬᠤᠲᠠ 3 ᠰᠠᠷ᠎ᠠ ᠶᠢᠨ 20 ᠤ ᠡᠳᠦᠷ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠵᠢᠴᠢ ᠬᠤᠲᠠ ᠶᠢᠨ ᠨᠠᠮ ᠤᠨ | ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ 2025 ᠣᠨ ᠤ 2 ᠳ᠋ᠤᠭᠠᠷ ᠤᠳᠠᠭ᠎ᠠ ᠶᠢᠨ ᠬᠤᠷᠠᠯ ᠢ ᠬᠤᠷᠠᠯᠳᠤᠭᠤᠯᠵᠤ | ᠂ ︽ᠪᠥᠬᠦ ᠬᠤᠲᠠ ᠳᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠥᠷᠨᠢᠭᠦᠯᠬᠦ ᠲᠤᠬᠠᠢ | ᠠᠵᠢᠯ ᠤᠨ ᠲᠥᠰᠥᠯ︾ ᠢ ᠬᠢᠨᠠᠨ ᠵᠥᠪᠯᠡᠵᠦ ᠪᠠᠲᠤᠯᠠᠪᠠ᠃ ᠪᠦᠬᠦ ᠬᠤᠲᠠ ᠶᠢᠨ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ | ᠰᠤᠷᠤᠯᠴᠠᠯᠭ᠎ᠠ ᠰᠤᠳᠤᠯᠤᠨ ᠶᠠᠷᠢᠯᠴᠠᠯᠭ᠎ᠠ ᠶᠢ ᠢᠮᠠᠭᠲᠠ ᠲᠤᠭᠤᠰᠢᠯᠠᠭᠤᠯᠬᠤ ᠶᠢ ᠪᠠᠷᠢᠮᠲᠠᠯᠠᠵᠤ᠂ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠬᠤ | ᠳᠦᠷᠢᠮ ᠢ ᠭᠦᠨᠵᠡᠭᠡᠢ ᠨᠠᠶᠢᠳᠠᠪᠤᠷᠢᠵᠢᠭᠤᠯᠵᠤ᠂ ᠲᠤᠰᠬᠠᠢ ᠰᠡᠳᠦᠪᠲᠦ ᠨᠣᠮ ᠤᠩᠰᠢᠬᠤ ᠠᠩᠭᠢ ᠶᠢ ᠰᠠᠶᠢᠲᠤᠷ ᠡᠷᠬᠢᠯᠡᠵᠦ᠂ ᠦᠨᠳᠦᠰᠦᠨ ᠪᠣᠯᠪᠠᠰᠤᠷᠠᠯ ᠢ ᠰᠠᠶᠢᠲᠤᠷ | ᠥᠷᠨᠢᠭᠦᠯᠵᠦ᠂ ᠰᠤᠷᠲᠠᠯ ᠤᠨ ᠪᠠᠶᠢᠭᠤᠯᠤᠯᠲᠠ ᠶᠢᠨ ᠦᠵᠡᠯ ᠰᠠᠨᠠᠭᠠᠨ ᠤ ᠰᠠᠭᠤᠷᠢ ᠶᠢ ᠦᠨᠡᠨ ᠬᠦ ᠪᠠᠬᠢᠵᠢᠭᠦᠯᠪᠡ᠃ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠬᠢᠨ ᠨᠠᠮ ᠤᠨ ᠡᠭᠦᠷ ᠢᠶᠠᠷ ᠨᠢᠭᠡᠴᠢ ᠪᠣᠯᠭᠠᠨ᠂ ︽ᠭᠤᠷᠪᠠᠨ ᠬᠤᠷᠠᠯ ᠨᠢᠭᠡ ᠬᠢᠴᠢᠶᠡᠯ︾ ᠵᠡᠷᠭᠡ ᠳᠦᠷᠢᠮ ᠢ ᠭᠦᠢᠴᠡᠳ ᠬᠡᠷᠡᠭᠯᠡᠵᠦ᠂ ᠪᠦᠬᠦ | ᠨᠠᠮ ᠤᠨ ᠭᠡᠰᠢᠭᠦᠨ ᠢ ᠵᠣᠬᠢᠶᠠᠨ ᠪᠠᠶᠢᠭᠤᠯᠵᠤ ᠲᠥᠪᠯᠡᠷᠡᠭᠦᠯᠦᠨ ᠰᠤᠷᠤᠯᠴᠠᠬᠤ᠂ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ᠂ ᠨᠠᠮ ᠤᠨ ᠡᠭᠦᠷ ᠤᠨ ᠱᠦᠵᠢ | ᠨᠠᠮ ᠤᠨ ᠬᠢᠴᠢᠶᠡᠯ ᠣᠷᠣᠬᠤ ᠠᠵᠢᠯᠯᠠᠭ᠎ᠠ ᠥᠷᠨᠢᠭᠦᠯᠪᠡ᠃ ᠠᠰᠠᠭᠤᠳᠠᠯ ᠢ ᠪᠠᠶᠢᠴᠠᠭᠠᠨ ᠳᠡᠯᠭᠡᠬᠦ ᠶᠢ ᠢᠮᠠᠭᠲᠠ ᠲᠤᠭᠤᠰᠢᠯᠠᠭᠤᠯᠵᠤ᠂ ᠳᠡᠭᠡᠷ᠎ᠡ ᠱᠠᠲᠤ ᠨᠢ ᠳᠣᠣᠷ᠎ᠠ | ᠱᠠᠲᠤ ᠪᠠᠨ ᠳᠠᠶᠢᠴᠢᠯᠠᠬᠤ ᠶᠢ ᠪᠠᠷᠢᠮᠲᠠᠯᠠᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ᠂ ᠬᠢᠨᠠᠨ | ᠪᠣᠳᠣᠯᠲᠠ ᠶᠢᠨ ᠬᠢᠨᠠᠯᠲᠠ ᠲᠠᠯᠪᠢᠬᠤ ᠵᠡᠷᠭᠡ 7 ᠵᠦᠢᠯ ᠤᠨ ᠠᠷᠭ᠎ᠠ ᠵᠠᠮ ᠢ ᠭᠦᠢᠴᠡᠳ ᠬᠡᠷᠡᠭᠯᠡᠵᠦ᠂ ᠤᠯᠠᠨ ᠲᠦᠮᠡᠨ ᠤ ᠰᠠᠨᠠᠯ ᠰᠠᠨᠠᠭᠤᠯᠭ᠎ᠠ ᠶᠢ ᠬᠤᠷᠢᠶᠠᠬᠤ ᠪᠠ | ᠡᠰᠡᠷᠭᠦ ᠲᠠᠯ᠎ᠠ ᠶᠢᠨ ᠨᠡᠶᠢᠲᠡᠯᠢᠭ ᠬᠡᠷᠡᠭ ᠤᠨ ᠵᠢᠱᠶ᠋᠊ ᠡᠶ᠎ᠡ ᠶᠢ ᠵᠠᠳᠠᠯᠬᠤ ᠬᠤᠶᠠᠷ ᠵᠦᠢᠯ ᠲᠠᠢ ᠤᠶᠠᠯᠳᠤᠭᠤᠯᠤᠨ᠂ ᠨᠠᠮ ᠤᠨ ᠭᠡᠰᠢᠭᠦᠨ ᠺᠠᠳ᠋ᠷᠴᠤᠳ ᠤᠨ ᠲᠥᠪ ᠤᠨ | ᠨᠠᠢᠮᠠᠨ ᠲᠣᠭᠲᠠᠭᠠᠯ ᠵᠢᠴᠢ ᠲᠡᠭᠦᠨ ᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ | ᠪᠦᠬᠦ ᠲᠠᠯ᠎ᠠ ᠪᠠᠷ ᠪᠠᠶᠢᠴᠠᠭᠠᠨ ᠡᠷᠢᠪᠡ᠃ ᠠᠰᠠᠭᠤᠳᠠᠯ ᠢ ᠴᠡᠭᠴᠡᠯᠡᠨ ᠵᠠᠰᠠᠬᠤ ᠶᠢ ᠢᠮᠠᠭᠲᠠ ᠲᠤᠭᠤᠰᠢᠯᠠᠭᠤᠯᠬᠤ ᠶᠢ ᠪᠠᠷᠢᠮᠲᠠᠯᠠᠵᠤ᠂ ᠲᠣᠪᠤᠶᠢᠮ᠎ᠠ ᠠᠰᠠᠭᠤᠳᠠᠯ ᠳᠤ | ᠠᠩᠬᠠᠷᠤᠯ ᠢᠶᠠᠨ ᠲᠥᠪᠯᠡᠷᠡᠭᠦᠯᠦᠨ ᠪᠠᠶᠢᠴᠠᠭᠠᠬᠤ ᠶᠢᠨ ᠳᠠᠭᠠᠤ ᠰᠠᠶᠢᠵᠢᠷᠠᠭᠤᠯᠵᠤ᠂ ᠲᠥᠪ ᠠᠴᠠ ᠵᠢᠭᠰᠠᠭᠠᠭᠰᠠᠨ 11 ᠲᠠᠯ᠎ᠠ ᠶᠢᠨ ᠴᠡᠭᠴᠡᠯᠡᠨ ᠵᠠᠰᠠᠬᠤ ᠠᠭᠤᠯᠭ᠎ᠠ ᠲᠠᠢ | ᠤᠶᠠᠯᠳᠤᠭᠤᠯᠤᠨ᠂ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠲᠦᠷᠦᠯ ᠬᠤᠪᠢᠶᠠᠨ ᠥᠷᠨᠢᠭᠦᠯᠪᠡ᠃ ᠪᠦᠬᠦ ᠬᠤᠳᠠ ᠶᠢᠨ ᠡᠯ᠎ᠡ ᠱᠠᠲᠤᠨ ᠤ ᠨᠠᠮ ᠤᠨ ᠬᠤᠷᠢᠶ᠎ᠠ ︵ | ᠨᠠᠮ ᠤᠨ ᠤᠳᠤᠷᠢᠳᠬᠤ ᠳᠤᠭᠤᠶᠢᠯᠠᠩ︶ ᠡᠭᠦᠳᠡ ᠪᠠᠨ ᠨᠡᠭᠡᠭᠡᠵᠦ ᠬᠥᠮᠦᠵᠢᠯ ᠬᠢᠬᠦ ᠶᠢ ᠢᠮᠠᠭᠲᠠ ᠲᠤᠭᠤᠰᠢᠯᠠᠭᠤᠯᠵᠤ᠂ ᠤᠯᠠᠨ ᠲᠦᠮᠡᠨ ᠤ ᠰᠠᠨᠠᠯ ᠢ | ᠰᠠᠨᠠᠭᠠᠴᠢᠯᠠᠭ᠎ᠠ ᠠᠴᠠ ᠪᠠᠨ ᠰᠣᠨᠣᠰᠴᠤ᠂ ᠤᠯᠠᠨ ᠲᠦᠮᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ | ᠬᠦᠴᠦᠯᠡᠨ ᠰᠢᠢᠳᠪᠦᠷᠢᠯᠡᠵᠦ᠂ ᠠᠷᠠᠳ ᠤᠯᠠᠨ ᠳᠤ ᠰᠤᠷᠤᠯᠴᠠᠯᠭ᠎ᠠ ᠬᠥᠮᠦᠵᠢᠯ ᠤᠨ ᠠᠪᠴᠢᠷᠠᠭᠰᠠᠨ ᠰᠢᠨ᠎ᠡ ᠬᠤᠪᠢᠷᠠᠯᠲᠠ ᠪᠠᠶᠢᠳᠠᠯ ᠢ ᠦᠨᠡᠨ ᠬᠦ ᠮᠡᠳᠡᠷᠡᠭᠦᠯᠪᠡ᠃ | ᠦᠷ᠎ᠡ ᠪᠦᠲᠦᠭᠡᠯ ᠢ ᠪᠠᠬᠢᠵᠢᠭᠦᠯᠬᠦ ᠶᠢ ᠢᠮᠠᠭᠲᠠ ᠲᠤᠭᠤᠰᠢᠯᠠᠭᠤᠯᠬᠤ ᠶᠢ ᠪᠠᠷᠢᠮᠲᠠᠯᠠᠵᠤ᠂ ᠳᠦᠷᠢᠮ ᠲᠣᠭᠲᠠᠭᠠᠯ ᠲᠣᠭᠲᠠᠭᠠᠬᠤ ᠶᠢ ᠪᠣᠳᠠᠲᠠᠢ ᠠᠳᠬᠤᠵᠤ᠂ ᠦᠷ᠎ᠡ | ᠪᠦᠲᠦᠮᠵᠢ ᠶᠢ ᠮᠥᠷᠳᠡᠨ ᠠᠰᠠᠭᠤᠬᠤ ᠶᠢ ᠴᠢᠩᠭᠠᠳᠬᠠᠵᠤ᠂ ᠰᠤᠷᠲᠠᠯ ᠤᠨ ᠪᠠᠶᠢᠭᠤᠯᠤᠯᠲᠠ ᠶᠢᠨ ᠪᠠᠶᠢᠩᠭᠤ ᠶᠢᠨ ᠪᠥᠭᠡᠳ ᠤᠷᠲᠤ ᠬᠤᠭᠤᠴᠠᠭᠠᠨ ᠤ ᠪᠦᠲᠦᠮᠵᠢᠲᠡᠢ | ᠪᠠᠶᠢᠬᠤ ᠶᠢ ᠠᠬᠢᠭᠤᠯᠪᠠ᠃ | |