| ᠨᠠᠶᠢᠷᠠᠭᠤᠯᠤᠨ ᠵᠣᠬᠢᠶᠠᠭᠰᠠᠨ ᠵᠣᠷᠢᠯᠭ᠎ᠠ | ᠢᠳᠡᠭᠡᠨ ᠤ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠢᠳᠡᠭᠡᠨ ᠤ | ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠢᠳᠡᠭᠡᠨ ᠤ ᠠᠮᠤᠷ ᠲᠦᠪᠰᠢᠨ ᠤ ᠠᠳᠡᠯ ᠢ | ᠠᠷᠭᠠᠴᠠᠬᠤ ᠳᠤ ᠢᠳᠡᠪᠬᠢᠲᠡᠢ ᠪᠥᠭᠡᠳ ᠪᠦᠲᠦᠮᠵᠢᠲᠡᠶ᠂ ᠰᠢᠢᠳᠪᠦᠷᠢᠯᠡᠬᠦ ᠳᠡᠭᠡᠨ ᠵᠢᠷᠤᠮᠵᠢᠯ ᠲᠠᠢ ᠪᠥᠭᠡᠳ ᠥᠨᠳᠥᠷ ᠦᠷ᠎ᠡ ᠪᠦᠲᠦᠮᠵᠢᠲᠡᠶ ᠪᠠᠶᠢᠬᠤ ᠶᠢ ᠦᠨᠡᠨᠬᠦ | ᠪᠠᠲᠤᠯᠠᠵᠤ᠂ ᠢᠳᠡᠭᠡᠨ ᠤ ᠠᠮᠤᠷ ᠲᠦᠪᠰᠢᠨ ᠤ ᠠᠳᠡᠯ ᠤᠨ ᠬᠤᠬᠢᠷᠠᠯ ᠪᠣᠯᠣᠨ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠤᠷᠠᠭᠤᠯᠤᠨ᠂ ᠨᠡᠶᠢᠲᠡ ᠣᠯᠠᠨ ᠤ | ᠪᠡᠶ᠎ᠡ ᠮᠠᠬᠠᠪᠤᠳ ᠤᠨ ᠡᠷᠡᠭᠦᠯ ᠮᠡᠨᠳᠦ ᠬᠢᠭᠡᠳ ᠠᠮᠢ ᠨᠠᠰᠤᠨ ᠤ ᠠᠮᠤᠷ ᠲᠦᠪᠰᠢᠨ ᠢ ᠦᠨᠡᠨᠬᠦ ᠪᠠᠲᠤᠯᠠᠵᠤ᠂ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ | ᠪᠠᠶᠢᠬᠤ ᠶᠢ ᠬᠠᠮᠠᠭᠠᠯᠠᠨ᠂ ᠠᠵᠤ ᠠᠬᠤᠢ ᠶᠢᠨ ᠲᠣᠭᠲᠠᠭᠤᠨ ᠬᠥᠭᠵᠢᠯᠲᠡ ᠶᠢ ᠠᠬᠢᠭᠤᠯᠤᠨ᠎ᠠ᠃ ᠨᠠᠶᠢᠷᠠᠭᠤᠯᠤᠨ ᠵᠣᠬᠢᠶᠠᠭᠰᠠᠨ ᠦᠨᠳᠦᠰᠦᠯᠡᠯ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠬᠤ ᠬᠠᠤᠯᠢ︾ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ | ᠴᠢᠨᠠᠷ ᠤᠨ ᠠᠮᠤᠷ ᠲᠦᠪᠰᠢᠨ ᠤ ᠬᠠᠤᠯᠢ︾ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ ᠶᠢ ᠬᠡᠷᠡᠭᠵᠢᠭᠦᠯᠬᠦ | ᠳᠦᠷᠢᠮ︾ ︽ᠣᠷᠣᠨ ᠨᠤᠲᠤᠭ ᠤᠨ ᠨᠠᠮ ᠵᠠᠰᠠᠭ ᠤᠨ ᠤᠳᠤᠷᠢᠳᠬᠤ ᠺᠠᠳ᠋ᠷ ᠤᠨ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ︾ ︽ᠤᠯᠤᠰ ᠤᠨ | ᠢᠳᠡᠭᠡᠨ ᠤ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠲᠥᠰᠥᠯ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠭᠡᠨᠡᠳᠲᠡ ᠶᠢᠨ ᠤᠯᠠᠨ ᠨᠡᠶᠢᠲᠡ ᠶᠢᠨ ᠬᠡᠷᠡᠭ ᠢ ᠶᠡᠷᠦᠩᠬᠡᠢ ᠳᠤᠨᠢ ᠠᠷᠭᠠᠴᠠᠬᠤ ᠲᠥᠰᠥᠯ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠤ | ᠠᠮᠤᠷ ᠲᠦᠪᠰᠢᠨ ᠤ ᠬᠦᠨᠳᠦ ᠶᠡᠭᠡ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠲᠥᠰᠥᠯ︾ ︽ᠬᠥᠯᠥᠨ ᠪᠤᠶᠢᠷ ᠬᠤᠲᠠ ᠶᠢᠨ ᠭᠡᠨᠡᠳᠲᠡ ᠶᠢᠨ ᠬᠡᠷᠡᠭ ᠢ ᠶᠡᠷᠦᠩᠬᠡᠢ | ᠳᠤᠨᠢ ᠠᠷᠭᠠᠴᠠᠬᠤ ᠲᠥᠰᠥᠯ ︵ᠲᠤᠷᠰᠢᠨ ᠬᠡᠷᠡᠭᠵᠢᠭᠦᠯᠬᠦ︶︾ ᠵᠡᠷᠭᠡ ᠬᠠᠤᠯᠢ ᠴᠠᠭᠠᠵᠠ ᠬᠠᠤᠯᠢ ᠳᠦᠷᠢᠮ ᠵᠢᠴᠢ ᠪᠢᠴᠢᠭ ᠮᠠᠲ᠋ᠧᠷᠢᠶᠠᠯ ᠢ ᠦᠨᠳᠦᠰᠦᠯᠡᠨ᠂ ᠲᠣᠰ | ᠲᠥᠰᠥᠯ ᠢ ᠨᠠᠶᠢᠷᠠᠭᠤᠯᠤᠨ ᠵᠣᠬᠢᠶᠠᠪᠠ᠃ | ᠰᠢᠢᠳᠪᠦᠷᠢᠯᠡᠬᠦ ᠵᠠᠷᠴᠢᠮ | ᠬᠥᠮᠥᠨ ᠢᠶᠠᠷ ᠦᠨᠳᠦᠰᠦ ᠪᠣᠯᠭᠠᠵᠤ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠨ᠎ᠠ᠃ ᠨᠢᠭᠡᠳᠦᠯᠲᠡᠢ ᠤᠳᠤᠷᠢᠳᠬᠤ᠂ ᠱᠠᠲᠤ ᠬᠤᠪᠢᠶᠠᠨ ᠬᠠᠷᠢᠭᠤᠴᠠᠬᠤ ᠶᠢ | ᠪᠠᠷᠢᠮᠲᠠᠯᠠᠨ᠎ᠠ᠃ | ᠰᠢᠨᠵᠢᠯᠡᠬᠦ ᠤᠬᠠᠭᠠᠨᠴᠢ ᠪᠠᠷ ᠦᠨᠡᠯᠡᠨ ᠵᠢᠱᠢᠬᠦ᠂ ᠪᠦᠲᠦᠮᠵᠢᠲᠡᠶ ᠠᠷᠭᠠᠴᠠᠬᠤ ᠶᠢ ᠪᠠᠷᠢᠮᠲᠠᠯᠠᠨ᠎ᠠ᠃ ᠠᠮᠤᠷ ᠲᠦᠪᠰᠢᠨ ᠪᠠᠶᠢᠬᠤ ᠦᠶ᠎ᠡ ᠳᠡᠭᠡᠨ ᠠᠶᠤᠯ | ᠲᠦᠭᠰᠢᠭᠦᠷᠢ ᠶᠢ ᠪᠣᠳᠣᠯᠬᠢᠯᠠᠵᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ ᠶᠢ ᠪᠠᠷᠢᠮᠲᠠᠯᠠᠨ᠎ᠠ᠃ | ᠭᠤᠣᠯ ᠠᠭᠤᠯᠭ᠎ᠠ | ︽ᠪᠠᠴᠢᠮ ᠪᠠᠶᠢᠳᠠᠯ ᠢ ᠠᠷᠭᠠᠴᠠᠬᠤ ᠲᠥᠰᠥᠯ︾ ᠨᠢ ᠨᠡᠶᠢᠲᠡ 8 ᠬᠡᠰᠡᠭ ᠲᠠᠢ᠂ ᠡᠭᠦᠨ ᠳᠤ ᠶᠡᠷᠦᠩᠬᠡᠢ ᠳᠦᠷᠢᠮ᠂ ᠵᠣᠬᠢᠶᠠᠨ ᠪᠠᠶᠢᠭᠤᠯᠤᠯᠲᠠ ᠶᠢᠨ | ᠪᠠᠶᠢᠭᠤᠯᠤᠮᠵᠢ ᠵᠢᠴᠢ ᠡᠭᠦᠷᠭᠡ ᠬᠠᠷᠢᠭᠤᠴᠠᠯᠭ᠎ᠠ᠂ ᠬᠢᠨᠠᠨ ᠬᠡᠮᠵᠢᠵᠦ ᠰᠡᠷᠡᠮᠵᠢᠯᠡᠭᠦᠯᠬᠦ᠂ ᠮᠡᠳᠡᠭᠦᠯᠬᠦ ᠬᠢᠭᠡᠳ ᠦᠨᠡᠯᠡᠨ ᠵᠢᠱᠢᠬᠦ᠂ ᠪᠠᠴᠢᠮ ᠪᠠᠶᠢᠳᠠᠯ ᠢ ᠠᠷᠭᠠᠴᠠᠬᠤ | ᠬᠦᠳᠡᠯᠪᠦᠷᠢ᠂ ᠬᠤᠶᠢᠨᠠᠬᠢ ᠰᠢᠢᠳᠪᠦᠷᠢᠯᠡᠯᠲᠡ᠂ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ᠂ ᠳᠠᠭᠠᠯᠳᠤᠭᠤᠯᠤᠭᠰᠠᠨ ᠳᠦᠷᠢᠮ᠂ ᠳᠠᠭᠠᠯᠳᠤᠭᠤᠯᠤᠯ ᠪᠠᠭᠲᠠᠨ᠎ᠠ᠃ | ᠪᠣᠳᠠᠲᠠᠢ ᠪᠠᠷ ᠳᠣᠣᠷᠠᠬᠢ ᠮᠡᠲᠦ᠄ ᠶᠡᠷᠦᠩᠬᠡᠢ ᠳᠦᠷᠢᠮ ᠨᠠᠶᠢᠷᠠᠭᠤᠯᠤᠨ ᠵᠣᠬᠢᠶᠠᠬᠤ ᠵᠣᠷᠢᠯᠭ᠎ᠠ᠂ ᠨᠠᠶᠢᠷᠠᠭᠤᠯᠤᠨ ᠵᠣᠬᠢᠶᠠᠬᠤ ᠦᠨᠳᠦᠰᠦᠯᠡᠯ᠂ ᠠᠳᠡᠯ ᠤᠨ ᠱᠠᠲᠤ | ᠬᠤᠪᠢᠶᠠᠷᠢ᠂ ᠬᠡᠷᠡᠭᠯᠡᠬᠦ ᠬᠡᠪᠴᠢᠶ᠎ᠡ᠂ ᠰᠢᠢᠳᠪᠦᠷᠢᠯᠡᠬᠦ ᠵᠠᠷᠴᠢᠮ ᠢ ᠲᠣᠳᠣᠷᠬᠠᠶᠢᠯᠠᠨ᠎ᠠ᠃ | ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠬᠢᠭᠡᠳ ᠡᠭᠦᠷᠭᠡ ᠬᠠᠷᠢᠭᠤᠴᠠᠯᠭ᠎ᠠ | ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠭᠠᠵᠠᠷ ᠤᠨ ᠪᠠᠶᠢᠷᠢᠯᠠᠭᠤᠯᠤᠯᠲᠠ᠂ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠭᠠᠵᠠᠷ ᠤᠨ ᠡᠭᠦᠷᠭᠡ | ᠬᠠᠷᠢᠭᠤᠴᠠᠯᠭ᠎ᠠ᠂ ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠶᠢ ᠡᠬᠢᠯᠡᠭᠦᠯᠬᠦ᠂ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠭᠠᠵᠠᠷ ᠤᠨ ᠠᠯᠪᠠᠨ ᠭᠡᠷ ᠤᠨ | ᠡᠭᠦᠷᠭᠡ ᠬᠠᠷᠢᠭᠤᠴᠠᠯᠭ᠎ᠠ᠂ ᠪᠦᠷᠢᠯᠳᠦᠭᠦᠨ ᠨᠢᠭᠡᠴᠢ ᠶᠢᠨ ᠡᠭᠦᠷᠭᠡ ᠬᠠᠷᠢᠭᠤᠴᠠᠯᠭ᠎ᠠ᠂ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠭᠠᠵᠠᠷ ᠤᠨ ᠡᠯ᠎ᠡ ᠠᠵᠢᠯᠯᠠᠬᠤ | ᠳᠤᠭᠤᠶᠢᠯᠠᠩ ᠤᠨ ᠪᠠᠶᠢᠷᠢᠯᠠᠭᠤᠯᠤᠯᠲᠠ ᠵᠢᠴᠢ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠎ᠠ᠃ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠮᠡᠳᠡᠭᠦᠯᠬᠦ ᠪᠠ | ᠦᠨᠡᠯᠡᠨ ᠵᠢᠱᠢᠬᠦ ᠡᠭᠦᠨ ᠳᠤ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠠᠳᠡᠯ ᠢ ᠮᠡᠳᠡᠭᠦᠯᠬᠦ ︵ᠠᠳᠡᠯ ᠤᠨ ᠮᠡᠳᠡᠭᠡ ᠵᠠᠩᠭᠢ ᠶᠢᠨ ᠢᠷᠡᠯᠲᠡ᠂ ᠮᠡᠳᠡᠭᠦᠯᠬᠦ | ᠪᠡᠶᠡᠴᠢ ᠴᠣᠭᠴᠠ ᠪᠠ ᠴᠠᠭ ᠤᠨ ᠬᠢᠵᠠᠭᠠᠷ᠂ ᠮᠡᠳᠡᠭᠦᠯᠬᠦ ᠠᠭᠤᠯᠭ᠎ᠠ︶ ᠠᠳᠡᠯ ᠢ ᠦᠨᠡᠯᠡᠨ ᠵᠢᠱᠢᠬᠦ ᠪᠠᠭᠲᠠᠨ᠎ᠠ᠃ ᠪᠠᠴᠢᠮ ᠪᠠᠶᠢᠳᠠᠯ ᠢ ᠠᠷᠭᠠᠴᠠᠬᠤ ᠬᠦᠳᠡᠯᠪᠦᠷᠢ | ᠡᠮᠦᠨᠡᠬᠢ ᠬᠤᠭᠤᠴᠠᠭᠠᠨ ᠳᠤ ᠰᠢᠢᠳᠪᠦᠷᠢᠯᠡᠬᠦ᠂ ᠪᠠᠴᠢᠮ ᠪᠠᠶᠢᠳᠠᠯ ᠢ ᠠᠷᠭᠠᠴᠠᠬᠤ᠂ ᠪᠠᠶᠢᠴᠠᠭᠠᠨ ᠬᠡᠮᠵᠢᠵᠦ ᠵᠠᠳᠠᠯᠤᠯᠲᠠ ᠬᠢᠵᠦ ᠦᠨᠡᠯᠡᠨ ᠵᠢᠱᠢᠬᠦ᠂ ᠲᠠᠰ ᠢ | ᠲᠣᠬᠢᠷᠠᠭᠤᠯᠬᠤ ᠵᠢᠴᠢ ᠵᠣᠭᠰᠤᠭᠠᠬᠤ᠂ ᠮᠡᠳᠡᠭᠡ ᠵᠠᠩᠭᠢ ᠨᠡᠶᠢᠲᠡᠯᠡᠬᠦ ᠠᠵᠢᠯ ᠤᠨ ᠴᠤᠪᠤᠷᠠᠯ ᠢ ᠲᠣᠳᠣᠷᠬᠠᠶᠢᠯᠠᠨ᠎ᠠ᠃ | ᠬᠤᠶᠢᠨᠠᠬᠢ ᠰᠢᠢᠳᠪᠦᠷᠢᠯᠡᠯᠲᠡ | ᠡᠭᠦᠨ ᠳᠤ ᠬᠤᠶᠢᠨᠠᠬᠢ ᠶᠠᠪᠤᠳᠠᠯ ᠢ ᠰᠢᠢᠳᠪᠦᠷᠢᠯᠡᠬᠦ᠂ ᠱᠠᠩᠨᠠᠵᠤ ᠲᠣᠷᠭᠠᠬᠤ ︵ᠱᠠᠩᠨᠠᠬᠤ᠂ ᠬᠠᠷᠢᠭᠤᠴᠠᠯᠭ᠎ᠠ ᠨᠡᠬᠡᠮᠵᠢᠯᠡᠬᠦ︶ ᠪᠠ ᠳ᠋ᠦᠩᠨᠡᠵᠦ ᠦᠨᠡᠯᠡᠨ ᠵᠢᠱᠢᠬᠦ | ᠪᠠᠭᠲᠠᠨ᠎ᠠ᠃ | ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ | ᠠᠵᠢᠯᠲᠠᠨ ᠤ ᠪᠠᠲᠤᠯᠠᠭ᠎ᠠ᠂ ᠮᠡᠷᠭᠡᠵᠢᠯ ᠤᠨ ᠪᠠᠲᠤᠯᠠᠭ᠎ᠠ᠂ ᠮᠡᠳᠡᠭᠡ ᠵᠠᠩᠭᠢ ᠶᠢᠨ ᠪᠠᠲᠤᠯᠠᠭ᠎ᠠ᠂ ᠡᠮᠴᠢᠯᠡᠭᠡᠨ ᠤ ᠪᠠᠲᠤᠯᠠᠭ᠎ᠠ᠂ ᠡᠳ᠋ ᠪᠣᠳᠠᠰ ᠬᠢᠭᠡᠳ | ᠵᠠᠷᠤᠳᠠᠯ ᠤᠨ ᠪᠠᠲᠤᠯᠠᠭ᠎ᠠ᠂ ᠨᠡᠶᠢᠭᠡᠮ ᠤᠨ ᠳᠠᠶᠢᠴᠢᠯᠠᠯᠲᠠ ᠶᠢᠨ ᠪᠠᠲᠤᠯᠠᠭ᠎ᠠ᠂ ᠤᠬᠠᠭᠤᠯᠭ᠎ᠠ ᠬᠥᠮᠦᠵᠢᠯ ᠤᠨ ᠪᠣᠯᠪᠠᠰᠤᠷᠠᠭᠤᠯᠤᠯ ᠤᠨ ᠪᠠᠲᠤᠯᠠᠭ᠎ᠠ᠂ ᠲᠠᠯᠠᠪᠤᠷ ᠭᠠᠵᠠᠷ ᠤᠨ | ᠡᠵᠡᠮᠳᠡᠯ ᠵᠢᠴᠢ ᠠᠮᠤᠷ ᠢ ᠬᠠᠮᠠᠭᠠᠯᠠᠬᠤ ᠪᠠᠲᠤᠯᠠᠭ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠲᠤᠯᠠᠭ᠎ᠠ ᠶᠢ ᠲᠣᠳᠣᠷᠬᠠᠶᠢᠯᠠᠨ᠎ᠠ᠃ | ᠳᠠᠭᠠᠯᠳᠤᠭᠤᠯᠤᠭᠰᠠᠨ ᠳᠦᠷᠢᠮ | ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠬᠠᠮᠢᠶᠠᠷᠤᠯᠲᠠ᠂ ᠰᠣᠷᠢᠯᠲᠠ᠂ ᠲᠣᠭᠲᠠᠭᠠᠬᠤ ᠪᠠ ᠲᠠᠶᠢᠯᠪᠤᠷᠢᠯᠠᠬᠤ ᠵᠢᠴᠢ ᠬᠡᠷᠡᠭᠵᠢᠭᠦᠯᠬᠦ ᠴᠠᠭ ᠢ | ᠲᠣᠳᠣᠷᠬᠠᠶᠢᠯᠠᠨ᠎ᠠ᠃ | ᠳᠠᠭᠠᠯᠳᠤᠭᠤᠯᠤᠯ | ᠡᠭᠦᠨ ᠳᠤ ᠢᠳᠡᠭᠡᠨ ᠤ ᠠᠮᠤᠷ ᠲᠦᠪᠰᠢᠨ ᠤ ᠠᠳᠡᠯ ᠤᠨ ᠲᠠᠰ ᠬᠤᠪᠢᠶᠠᠬᠤ ᠪᠠᠷᠢᠮᠵᠢᠶ᠎ᠠ ᠪᠣᠯᠣᠨ ᠲᠥᠰᠥᠯ ᠲᠣᠭᠲᠠᠭᠠᠯ᠂ ᠪᠠᠴᠢᠮ ᠪᠠᠶᠢᠳᠠᠯ ᠢ ᠠᠷᠭᠠᠴᠠᠬᠤ | ᠵᠢᠯᠤᠭᠤᠳᠬᠤ ᠭᠠᠵᠠᠷ ᠤᠨ ᠪᠦᠷᠢᠯᠳᠦᠭᠦᠨ ᠨᠢᠭᠡᠴᠢ ᠶᠢᠨ ᠡᠭᠦᠷᠭᠡ ᠬᠠᠷᠢᠭᠤᠴᠠᠯᠭ᠎ᠠ ᠪᠠᠭᠲᠠᠨ᠎ᠠ᠃ | | |