| ︽ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ︾ ᠶᠢᠨ ᠸᠢᠴᠠᠲ ᠤᠨ ᠨᠡᠶᠢᠲᠡ ᠶᠢᠨ ᠳ᠋ᠤᠭᠠᠷ ᠤᠨ 8 ᠤ ᠡᠳᠦᠷ ᠤᠨ ᠮᠡᠳᠡᠭᠡ ᠶᠢ ᠦᠨᠳᠦᠰᠦᠯᠡᠪᠡᠯ | ᠂ ᠡᠮᠡᠭᠲᠡᠶ ᠠᠵᠢᠯᠲᠠᠨ ᠠᠵᠢᠯᠴᠢᠨ ᠤ ᠬᠥᠩᠭᠡᠵᠢᠬᠦ ᠴᠢᠯᠥᠭᠡᠨ ᠤ ᠬᠤᠭᠤᠴᠠᠭᠠᠨ ᠤ ᠡᠷᠬᠡ ᠠᠰᠢᠭ ᠢ ᠬᠡᠷᠬᠢᠨ ᠨᠠᠩ ᠰᠠᠶᠢᠲᠤᠷ ᠪᠠᠲᠤᠯᠠᠵᠤ᠂ ᠦᠷᠡᠵᠢᠯ ᠤᠨ ᠨᠥᠬᠦᠪᠥᠷᠢ | ᠮᠦᠡᠭᠭᠦ ᠶᠢ ᠬᠤᠪᠢ ᠬᠥᠮᠦᠨ ᠳᠤᠨᠢ ᠰᠢᠭᠤᠳ ᠲᠠᠷᠬᠠᠭᠠᠨ ᠥᠭᠬᠦ ᠪᠣᠯ ᠶᠠᠷᠢᠶᠠᠨ ᠦᠭᠡᠢ ᠬᠠᠮᠤᠭ ᠤᠨ ᠪᠦᠲᠦᠮᠵᠢᠲᠡᠶ᠂ ᠬᠠᠮᠤᠭ ᠤᠨ ᠬᠦᠴᠦᠲᠡᠶ ᠠᠷᠭ᠎ᠠ ᠬᠡᠮᠵᠢᠶ᠎ᠡ ᠶᠢᠨ | ᠨᠢᠭᠡ ᠪᠤᠯᠤᠨ᠎ᠠ᠂ ᠪᠥᠬᠦ ᠤᠯᠤᠰ ᠤᠨ 7 ᠮᠤᠵᠢ ︵ᠬᠤᠲᠠ︶ ᠶᠢᠨ ᠬᠢᠨ ᠦᠷᠡᠵᠢᠯ ᠤᠨ ᠨᠥᠬᠦᠪᠥᠷᠢ ᠮᠦᠡᠭᠭᠦ ᠶᠢ ᠬᠤᠪᠢ ᠬᠥᠮᠦᠨ ᠳᠤᠨᠢ ᠲᠠᠷᠬᠠᠭᠠᠨ ᠥᠭᠬᠦ ᠶᠢ | ᠪᠦᠬᠦᠨ ᠢ ᠪᠡᠶᠡᠯᠡᠭᠦᠯᠪᠡ᠃ 2025 ᠣᠨ ᠤ 2 ᠰᠠᠷ᠎ᠠ ᠶᠢᠨ ᠡᠴᠦᠰ ᠪᠣᠯᠲᠠᠯ᠎ᠠ᠂ ᠴᠦᠩᠴᠢᠩ᠂ ᠬᠥᠬᠡᠨᠠᠭᠤᠷ᠂ ᠾᠧᠨᠠᠨ ᠤ ᠵᠧᠩᠵᠸᠦ᠂ ᠬᠤᠨᠠᠨ ᠤ ᠵᠦᠵᠸᠤ ᠶᠢᠨ | ᠳᠥᠷᠪᠡᠨ ᠭᠠᠵᠠᠷ ᠤᠨ ᠬᠢᠨ ᠪᠠᠶᠢᠭᠤᠯᠭ᠎ᠠ ᠳᠤᠨᠢ ᠲᠠᠷᠬᠠᠭᠠᠨ ᠦᠭᠴᠦ ᠪᠠᠶᠢᠬᠰᠠᠨ ᠢ ᠳᠠᠭᠠᠳᠬᠠᠯ ᠳᠤ ᠣᠷᠣᠯᠴᠠᠭᠰᠠᠨ ᠡᠮᠡᠭᠲᠡᠶ ᠠᠵᠢᠯᠲᠠᠨ ᠠᠵᠢᠯᠴᠢᠳ ᠲᠤ ᠰᠢᠭᠤᠳ | ᠲᠠᠷᠬᠠᠭᠠᠨ ᠦᠭᠭᠦ ᠪᠣᠯᠭᠠᠨ ᠬᠤᠪᠢᠷᠠᠭᠤᠯᠵᠤ᠂ ᠦᠷᠡᠵᠢᠯ ᠤᠨ ᠨᠥᠬᠦᠪᠥᠷᠢ ᠮᠦᠡᠭᠭᠦ ᠶᠢ ᠬᠤᠪᠢ ᠬᠥᠮᠦᠨ ᠳᠤᠨᠢ ᠦᠭᠭᠦ ᠶᠠᠪᠤᠴᠠ ᠶᠢ ᠰᠢᠯᠢᠳᠡᠭᠵᠢᠭᠦᠯᠪᠡ᠃ | ᠪᠦᠷᠢᠳᠬᠡᠯ ᠢ ᠦᠨᠳᠦᠰᠦᠯᠡᠪᠡᠯ᠂ ᠪᠦᠬᠦ ᠤᠯᠤᠰ ᠤᠨ 31 ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠪᠣᠯᠤᠨ ᠰᠢᠨᠵᠢᠶᠠᠩ ᠤᠨ | ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠳᠣᠲᠣᠷ᠎ᠠ᠂ 7 ᠮᠤᠵᠢ ︵ᠬᠤᠲᠠ︶ ᠶᠢᠨ ᠬᠢᠨ ᠦᠷᠡᠵᠢᠯ ᠤᠨ ᠨᠥᠬᠦᠪᠥᠷᠢ ᠮᠦᠡᠭᠭᠦ ᠶᠢ ᠬᠤᠪᠢ | ᠬᠥᠮᠦᠨ ᠳᠤᠨᠢ ᠲᠠᠷᠬᠠᠭᠠᠨ ᠦᠭᠭᠦ ᠶᠢ ᠪᠦᠬᠦᠨ ᠢ ᠪᠡᠶᠡᠯᠡᠬᠦᠯᠪᠡ᠂ ᠡᠨᠡ 7 ᠭᠠᠵᠠᠷ ᠪᠤᠯ ᠲᠤᠰ ᠲᠤᠰ ᠱᠠᠩᠬᠠᠶ᠂ ᠹᠦᠵᠢᠶᠠᠨ᠂ ᠱᠠᠨᠳᠦ᠋ᠩ᠂ ᠴᠦᠩᠴᠢᠩ᠂ ᠭᠠᠨᠰᠦ᠂ | ᠨᠢᠩᠰᠢᠶᠠ᠂ ᠪᠢᠩᠲ᠋ᠤᠸᠠᠨ ᠪᠣᠯᠤᠨ᠎ᠠ᠃ 16 ᠮᠤᠵᠢ ︵ᠬᠤᠲᠠ︶ ᠶᠢᠨ ᠦᠷᠡᠵᠢᠯ ᠤᠨ ᠨᠥᠬᠦᠪᠥᠷᠢ ᠮᠦᠡᠭᠭᠦ ᠶᠢ ᠬᠤᠪᠢ ᠬᠥᠮᠦᠨ ᠳᠤᠨᠢ ᠲᠠᠷᠬᠠᠭᠠᠨ ᠦᠭᠭᠦ ᠶᠢ ᠨᠢᠭᠡ | ᠬᠡᠰᠡᠭ ᠢ ᠨᠢ ᠪᠡᠶᠡᠯᠡᠬᠦᠯᠪᠡ᠂ ᠡᠨᠡ 16 ᠭᠠᠵᠠᠷ ᠪᠤᠯ ᠲᠣᠰ ᠲᠣᠰ ᠪᠡᠭᠡᠵᠢᠩ᠂ ᠲᠢᠶᠠᠨᠵᠢᠨ᠂ ᠾᠧᠪᠸᠢ᠂ ᠥᠪᠥᠷ ᠮᠣᠩᠭᠤᠯ᠂ ᠯᠢᠶᠣᠤᠨᠢᠩ᠂ ᠬᠠᠷᠠᠮᠥ᠋ᠷᠡᠨ᠂ | ᠵᠧᠵᠢᠶᠠᠩ᠂ ᠠᠨᠾᠦ᠋ᠢ᠂ ᠾᠧᠨᠠᠨ᠂ ᠬᠤᠨᠠᠨ᠂ ᠭᠦᠶ᠋ᠵᠧᠤ᠂ ᠶᠦᠨᠨᠠᠨ᠂ ᠲᠥᠪᠡᠳ᠂ ᠱᠠᠨᠰᠢ᠂ ᠬᠥᠬᠡᠨᠠᠭᠤᠷ᠂ ᠰᠢᠨᠵᠢᠶᠠᠩ ᠪᠣᠯᠤᠨ᠎ᠠ︔ 9 ᠮᠤᠵᠢ ︵ᠬᠤᠲᠠ︶ ᠨᠢ | ᠮᠥᠨ ᠬᠦ ᠪᠠᠶᠢᠭᠤᠯᠭ᠎ᠠ ᠳᠤᠨᠢ ᠦᠭᠭᠦ ᠶᠢ ᠱᠠᠭᠠᠷᠳᠠᠵᠤ ᠪᠠᠶᠢᠨ᠎ᠠ᠂ ᠡᠨᠡ 9 ᠭᠠᠵᠠᠷ ᠪᠤᠯ ᠱᠠᠨ ᠰᠢ᠂ ᠭᠢᠷᠢᠨ᠂ ᠵᠢᠶᠠᠩᠰᠦ᠂ ᠵᠢᠶᠠᠩᠰᠢ᠂ ᠬᠤᠪᠸᠢ᠂ ᠭᠤᠸᠠᠩᠳᠦ᠋ᠩ᠂ | ᠭᠤᠸᠠᠩᠰᠢ᠂ ᠬᠠᠶᠢᠨᠠᠨ᠂ ᠰᠧᠴᠤᠸᠠᠨ ᠪᠤᠯᠤᠨ᠎ᠠ᠃ | |