| ᠪᠥᠬᠦ ᠬᠤᠰᠢᠭᠤᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠯ᠎ᠡ ᠵᠦᠢᠯ ᠤᠨ ᠬᠠᠳᠠᠭᠠᠯᠠᠮᠵᠢ ᠶᠢᠨ ᠦᠯᠡᠳᠡᠪᠦᠷᠢ 37.12 ᠳ᠋ᠦᠩᠰᠢᠭᠤᠷ ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 12.4% ᠨᠡᠮᠡᠭᠳᠡᠪᠡ᠃ ᠡᠭᠦᠨ ᠳᠤ᠄ ᠰᠠᠭᠤᠭᠠᠯᠢ ᠡᠷᠦᠬᠡ ᠶᠢᠨ ᠬᠠᠳᠠᠭᠠᠯᠠᠮᠵᠢ 33.87 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11.6% ᠪᠠᠷ ᠨᠡᠮᠡᠭᠳᠡᠪᠡ︔ ᠮᠥᠩᠭᠦᠨ ᠭᠦᠢᠯᠭᠡᠭᠡᠨ ᠤ ᠪᠤᠰᠤ ᠠᠵᠤ ᠠᠬᠤᠶᠢᠯᠠᠯ ᠤᠨ | ᠬᠠᠳᠠᠭᠠᠯᠠᠮᠵᠢ 1.17 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 20.1% ᠪᠠᠷ ᠨᠡᠮᠡᠭᠳᠡᠪᠡ︔ ᠳᠡᠯᠭᠡᠷᠡᠩᠭᠦᠶ ᠤᠳᠬ᠎ᠠ ᠶᠢᠨ | ᠵᠠᠰᠠᠭ ᠤᠨ ᠣᠷᠳᠣᠨ ᠤ ᠬᠠᠳᠠᠭᠠᠯᠠᠮᠵᠢ 2.05 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 23.3% ᠪᠠᠷ ᠨᠡᠮᠡᠭᠳᠡᠪᠡ᠃ ᠪᠥᠬᠦ | ᠬᠤᠰᠢᠭᠤᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠯ᠎ᠡ ᠵᠦᠢᠯ ᠤᠨ ᠵᠢᠭᠡᠯᠡᠯᠭᠡ ᠶᠢᠨ ᠦᠯᠡᠳᠡᠪᠦᠷᠢ 28.49 ᠳ᠋ᠦᠩᠰᠢᠭᠤᠷ ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 17.5% ᠪᠠᠷ ᠨᠡᠮᠡᠭᠳᠡᠪᠡ᠃ ᠡᠭᠦᠨ ᠳᠤ᠄ ᠰᠠᠭᠤᠭᠠᠯᠢ ᠡᠷᠦᠬᠡ ᠶᠢᠨ ᠵᠢᠭᠡᠯᠡᠯᠭᠡ 22.13 ᠳ᠋ᠦᠩᠰᠢᠭᠤᠷ ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 26.3% ᠪᠠᠷ ᠨᠡᠮᠡᠭᠳᠡᠪᠡ︔ ᠮᠥᠩᠭᠦᠨ ᠭᠦᠢᠯᠭᠡᠭᠡᠨ ᠤ ᠪᠤᠰᠤ ᠠᠵᠤ ᠠᠬᠤᠶᠢᠯᠠᠯ ᠵᠢᠴᠢ ᠪᠠᠶᠢᠭᠤᠯᠭ᠎ᠠ ᠪᠦᠯᠬᠦᠮ ᠤᠨ | ᠵᠢᠭᠡᠯᠡᠯᠭᠡ 6.35 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.5% ᠪᠠᠷ ᠪᠠᠭᠤᠷᠠᠪᠠ᠃ | ᠶᠡᠷᠦᠩᠬᠡᠶ ᠳᠤᠨᠢ ᠠᠪᠴᠤ ᠦᠵᠡᠪᠡᠯ᠂ ᠨᠢᠭᠡᠳᠦᠭᠡᠷ ᠤᠯᠠᠷᠢᠯ ᠳᠤ ᠪᠥᠬᠦ ᠬᠤᠰᠢᠭᠤᠨ ᠤ ᠠᠵᠤ ᠠᠬᠤᠶ ᠶᠢᠨ ᠡᠷᠬᠢᠯᠲᠡ ᠦᠨᠳᠦᠰᠦᠨ ᠳᠡᠭᠡᠨ ᠲᠣᠭᠲᠠᠭᠤᠨ ᠪᠣᠯᠵᠣ᠂ | ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠲᠦᠷᠭᠡᠨ ᠠᠭᠢᠵᠤ᠂ ᠭᠤᠤᠯ ᠪᠣᠯᠬᠤ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠭᠠᠷᠤᠯᠲᠠ | ᠲᠣᠭᠲᠠᠭᠤᠨ ᠢᠶᠠᠷ ᠨᠡᠮᠡᠭᠳᠡᠵᠦ᠂ ᠬᠡᠷᠡᠭᠯᠡᠭᠡᠨ ᠤ ᠵᠠᠬ᠎ᠠ ᠳᠡᠯᠭᠡᠭᠦᠷ ᠲᠦᠷᠭᠡᠨ ᠰᠡᠷᠭᠦᠪᠡ᠃ ᠲᠠᠷᠠᠭᠠᠴᠢ ᠶᠢᠨ ᠠᠯᠬᠤᠮ ᠳᠤ᠂ ᠬᠠᠭᠤᠴᠢᠨ ᠪᠠᠷᠭᠤ ᠬᠤᠰᠢᠭᠤ ᠴᠢᠨᠠᠷ | ᠰᠠᠶᠢᠲᠠᠶ ᠬᠥᠭᠵᠢᠯᠲᠡ ᠪᠠ ᠥᠨᠳᠥᠷ ᠬᠢᠷᠢ ᠲᠦᠪᠰᠢᠨ ᠪᠥᠬᠦᠶ ᠬᠠᠮᠠᠭᠠᠯᠠᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠬᠤ᠂ | ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ᠂ ᠠᠵᠢᠯᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠨ᠂ ᠳᠤᠲᠠᠭᠤᠳᠠᠯ ᠢ ᠨᠥᠬᠦᠪᠥᠷᠢᠯᠡᠬᠦ᠂ ᠳᠠᠯᠳᠠ | ᠬᠦᠴᠦᠨ ᠢ ᠠᠭᠤᠳᠠᠯᠬᠤ᠂ ᠳᠠᠪᠠᠭᠤᠯᠢᠭ ᠢ ᠨᠡᠮᠡᠭᠳᠡᠭᠦᠯᠬᠦ ᠪᠠᠷ ᠬᠦᠴᠦᠯᠡᠵᠦ᠂ ᠪᠥᠬᠦ ᠬᠤᠰᠢᠭᠤᠨ ᠤ ᠠᠵᠤ ᠠᠬᠤᠶ ᠶᠢᠨ ᠴᠢᠨᠠᠷ ᠢ ᠪᠦᠲᠦᠮᠵᠢᠲᠡᠶ ᠳᠡᠭᠡᠭᠰᠢᠯᠡᠭᠦᠯᠬᠦ ᠪᠠ | ᠲᠤᠭ᠎ᠠ ᠬᠡᠮᠵᠢᠶ᠎ᠡ ᠶᠢᠨ ᠵᠦᠶ ᠵᠣᠬᠢᠰᠲᠠᠶ ᠨᠡᠮᠡᠭᠳᠡᠯ ᠢ ᠪᠥᠬᠦ ᠬᠦᠴᠦᠨ ᠢᠶᠠᠷ ᠢᠶᠠᠨ ᠪᠡᠶᠡᠯᠡᠭᠦᠯᠦᠨ᠎ᠡ᠃ |