ᠵᠡᠭᠦᠨ ᠦᠵᠦᠭᠦᠷ ᠰᠤᠮᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠴᠢᠬᠤᠯᠠᠴᠢᠯᠠᠵᠦ ᠡᠶ᠎ᠡ ᠨᠠᠶᠢᠷᠠᠮᠳᠠᠭᠤ ᠭᠡᠷ ᠣᠷᠣᠨ ᠢ ᠴᠣᠭᠴᠠᠯᠠᠨ  ᠪᠠᠶᠢᠭᠤᠯᠵᠦ ᠪᠤᠢ
ᠨᠡᠶᠢᠲᠡᠯᠡᠭᠰᠡᠨ ᠴᠠᠭ᠄
2025/5/22
       ᠣᠶᠢᠷ᠎ᠠ ᠶᠢᠨ ᠵᠢᠯ ᠳᠤ᠂ ᠵᠡᠭᠦᠨ ᠦᠵᠦᠭᠦᠷ  ᠰᠤᠮᠤ ᠠᠶᠢᠯ ᠲᠣᠰᠬᠤᠨ ᠢ ᠴᠡᠭᠴᠡᠯᠡᠨ ᠵᠠᠰᠠᠬᠤ᠂ ᠲᠣᠰᠬᠤᠨ ᠤ ᠳᠦᠷᠰᠦ ᠪᠠᠶᠢᠳᠠᠯ ᠢ ᠳᠡᠭᠡᠭᠰᠢᠯᠡᠭᠦᠯᠬᠦ ᠶᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠠᠨ ᠪᠣᠯᠭᠠᠵᠤ᠂ ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤᠳᠬᠠᠵᠤ᠂ ᠰᠠᠭᠤᠷᠢᠰᠢᠯ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠡᠶ᠎ᠡ ᠨᠠᠶᠢᠷᠠᠮᠳᠠᠭᠤ ᠵᠣᠯ ᠵᠢᠷᠭᠠᠯᠲᠤ ᠭᠡᠷ ᠣᠷᠣᠨ ᠢ ᠭᠠᠷ ᠬᠤᠯᠪᠣᠨ ᠬᠠᠮᠲᠤᠪᠠᠷ ᠪᠦᠲᠦᠭᠡᠨ ᠪᠠᠶᠢᠭᠤᠯᠵᠠᠢ᠃       ᠰᠠᠭᠤᠷᠢᠰᠢᠯ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠳᠤᠮᠳᠠ᠂ ᠵᠡᠭᠦᠨ ᠦᠵᠦᠭᠦᠷ ᠰᠤᠮᠤ ︽ᠬᠡᠰᠡᠭ ᠬᠤᠪᠢᠶᠠᠨ ᠳᠠᠭᠠᠭᠠᠴᠢᠯᠠᠨ ᠬᠤᠯᠪᠣᠭᠠᠯᠠᠬᠤ + ᠣᠯᠠᠨ ᠡᠰᠢᠲᠦ ᠬᠠᠮᠲᠤ ᠪᠠᠷ ᠵᠠᠰᠠᠬᠤ︾ ᠠᠵᠢᠯ ᠤᠨ ᠲᠣᠭᠲᠠᠴᠠ ᠶᠢ ᠪᠠᠶᠢᠭᠤᠯᠵᠤ᠂ ᠰᠤᠮᠤᠨ ᠤ ᠪᠠᠶᠢᠭ᠎ᠠ ᠭᠠᠵᠠᠷ ᠤᠨ ᠪᠥᠬᠦ ᠣᠷᠣᠨ ᠪᠦᠰᠡ ᠶᠢ 12 ᠬᠠᠷᠢᠭᠤᠴᠠᠯᠭ᠎ᠠ ᠶᠢᠨ ᠲᠣᠭᠤᠷᠢᠭ ᠪᠣᠯᠭᠠᠨ ᠬᠤᠪᠢᠶᠠᠵᠤ᠂ ᠪᠥᠬᠦ ᠺᠠᠳ᠋ᠷ ᠠᠵᠢᠯᠲᠠᠨ ᠢ ᠵᠣᠬᠢᠶᠠᠨ ᠪᠠᠶᠢᠭᠤᠯᠤᠨ ︽ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ︾ ︽ᠬᠤᠭ ᠨᠣᠪᠰᠢ ᠶᠢ ᠴᠡᠪᠡᠷᠯᠡᠵᠦ᠂ ᠪᠣᠯᠪᠠᠰᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ︾ ᠵᠡᠷᠭᠡ  ᠰᠠᠭᠤᠷᠢᠰᠢᠯ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ ᠳᠤᠷ᠎ᠠ ᠪᠠᠷ ᠢᠶᠠᠨ ᠣᠪᠣᠭᠠᠯᠠᠵᠤ ᠳᠤᠷ᠎ᠠ ᠪᠠᠷ ᠢᠶᠠᠨ ᠲᠠᠯᠪᠢᠭᠰᠠᠨ ᠬᠤᠭ ᠨᠣᠪᠰᠢ ᠶᠢ ᠲᠥᠪᠯᠡᠷᠡᠭᠦᠯᠦᠨ ᠴᠡᠪᠡᠷᠯᠡᠵᠦ᠂ ᠰᠤᠮᠤᠨ ᠤ ᠰᠠᠭᠤᠷᠢᠰᠢᠯ ᠤᠨ ᠣᠷᠴᠢᠨ ᠲᠣᠭᠤᠷᠢᠨ ᠢ ᠰᠠᠶᠢᠵᠢᠷᠠᠭᠤᠯᠤᠨ ᠲᠡᠭᠦᠯᠳᠡᠷᠵᠢᠭᠦᠯᠵᠦ᠂ ᠴᠡᠪᠡᠷ ᠲᠣᠬᠢᠯᠢᠭ ᠠᠮᠢᠳᠤᠷᠠᠯ ᠤᠨ ᠣᠷᠴᠢᠨ ᠲᠣᠭᠤᠷᠢᠨ ᠢ ᠪᠣᠶ  ᠪᠤᠯᠭᠠᠪᠠ᠃ ᠡᠭᠦᠨ ᠤ ᠬᠠᠮᠲᠤ᠂ ︽ᠬᠠᠮᠤᠭ ᠤᠨ ᠭᠤᠶᠣ ᠭᠡᠷ ᠪᠦᠯᠢ︾ ᠶᠢ ᠰᠢᠯᠭᠠᠷᠠᠭᠤᠯᠬᠤ ᠠᠵᠢᠯ ᠢ ᠦᠷᠭᠦᠯᠵᠢᠯᠡᠨ ᠠᠬᠢᠭᠤᠯᠵᠤ᠂ ᠰᠠᠭᠤᠭᠠᠯᠢ ᠮᠠᠯᠴᠢᠳ ᠤᠨ ᠦᠵᠡᠰᠬᠦᠯᠡᠩᠲᠦ ᠰᠠᠶᠢᠬᠠᠨ ᠭᠡᠷ ᠣᠷᠣᠨ ᠢᠶᠠᠨ ᠪᠦᠲᠦᠭᠡᠨ ᠪᠠᠶᠢᠭᠤᠯᠬᠤ ᠳᠤ ᠣᠷᠣᠯᠴᠠᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠤᠯᠠᠮ ᠨᠢᠭᠡ ᠠᠯᠬᠤᠮ ᠤᠷᠮᠠᠰᠢᠭᠤᠯᠤᠨ ᠵᠤᠷᠢᠭᠵᠢᠭᠤᠯᠤᠭᠰᠠᠨ ᠪᠠᠶᠢᠨ᠎ᠠ  ᠃        ᠲᠠᠷᠠᠭᠠᠴᠢ ᠶᠢᠨ ᠠᠯᠬᠤᠮ ᠳᠤ᠂ ᠵᠡᠭᠦᠨ ᠦᠵᠦᠭᠦᠷ ᠰᠤᠮᠤ ᠨᠢ ᠰᠠᠭᠤᠷᠢᠰᠢᠯ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠣᠷᠴᠢᠨ ᠲᠣᠭᠤᠷᠢᠨ ᠭᠤᠶᠢᠳᠠ ᠰᠠᠶᠢᠬᠠᠨ᠂ ᠠᠮᠢ ᠠᠬᠤᠢ ᠰᠠᠶᠢᠨ ᠰᠠᠶᠢᠬᠠᠨ᠂ ᠡᠶ᠎ᠡ ᠵᠣᠬᠢᠴᠠᠯ ᠲᠠᠢ ᠡᠷᠡᠭᠦᠯ ᠰᠠᠷᠠᠭᠤᠯ ᠠᠮᠢᠳᠤᠷᠠᠯ ᠤᠨ ᠣᠷᠴᠢᠨ ᠲᠣᠭᠤᠷᠢᠨ ᠢ ᠴᠢᠷᠮᠠᠶᠢᠨ ᠪᠣᠶ ᠪᠣᠯᠭᠠᠵᠤ᠂ ᠰᠠᠭᠤᠷᠢᠰᠢᠯ ᠤᠨ ᠣᠷᠴᠢᠨ ᠲᠣᠭᠤᠷᠢᠨ ᠢ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠦᠨᠡᠨᠬᠦ ᠪᠠᠬᠢᠵᠢᠭᠦᠯᠦᠨ ᠳᠡᠭᠡᠭᠰᠢᠯᠡᠭᠦᠯᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠢ ᠨᠡᠮᠡᠭᠳᠡᠭᠦᠯᠦᠨ᠎ᠡ᠃
ᠢᠷᠡᠯᠲᠡ᠄ ᠬᠠᠭᠤᠴᠢᠨ ᠪᠠᠷᠭᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ