ᠮᠠᠨ ᠤ ᠬᠤᠰᠢᠭᠤ ᠳᠥᠷᠪᠡᠳᠦᠭᠡᠷ ᠬᠤᠭᠤᠴᠠᠭᠠᠨ ᠤ ᠬᠥᠯᠥᠨ ᠪᠤᠶᠢᠷ ᠤᠨ ᠨᠤᠮ ᠲᠠᠶᠢᠯᠪᠤᠷᠯᠠᠭᠴᠢ ᠶᠢᠨ ᠮᠠᠨ ᠤ ᠬᠤᠰᠢᠭᠤᠨ ᠤ  ᠤᠷᠤᠯᠳᠤᠭᠠᠨ ᠢ  ᠠᠮᠵᠢᠯᠲᠠ ᠲᠠᠢ ᠡᠷᠬᠢᠯᠡᠨ  ᠶᠠᠪᠤᠭᠲᠠᠭᠤᠯᠤᠭᠰᠠᠨ
ᠨᠡᠶᠢᠲᠡᠯᠡᠭᠰᠡᠨ ᠴᠠᠭ᠄
2025/5/23
         ᠤᠶᠢᠷ᠎ᠠ  ᠶᠢᠨ ᠡᠳᠤᠷ᠂  ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠰᠢᠭᠤᠨ ᠤ ᠡᠪᠯᠡᠯ ᠤᠨ ᠬᠤᠷᠢᠶ᠎ᠠ᠂ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠬᠤᠰᠢᠭᠤᠨ ᠤ ᠨᠣᠮ ᠤᠨ ᠰᠠᠩ ᠬᠠᠮᠲᠤᠷᠠᠨ ︽ᠤᠮᠠᠷᠠᠲᠤ ᠬᠢᠯᠢ · ᠪᠢᠴᠢᠭ ᠤᠨ ᠰᠤᠷᠪᠤᠯᠵᠢᠲᠤ ᠲᠠᠯ᠎ᠠ ᠨᠤᠲᠤᠭ   ᠲᠠᠢ ᠵᠣᠯᠭᠠᠬᠤ︾ ᠳᠤᠮᠳᠠᠳᠤ ᠶᠢᠨ  ᠦᠨᠳᠦᠰᠦᠲᠡᠨ  ᠨᠢᠭᠡ ᠭᠡᠷ ᠤᠨ ᠬᠥᠮᠥᠨ ᠮᠡᠲᠦ ᠳᠣᠲᠣᠨᠣ᠂ ᠳᠤᠮᠳᠠᠳᠤ ᠶᠢᠨ ᠵᠡᠭᠦᠳᠦ ᠪᠡᠨ‌‍ᠰᠡᠳᠬᠢᠯ ᠨᠢᠭᠡᠳᠦᠨ ᠬᠠᠮᠲᠤ ᠪᠠᠷ ᠲᠡᠷᠬᠡᠯᠰᠢᠬᠦᠯᠬᠦ ᠳᠥᠷᠪᠡᠳᠦᠭᠡᠷ ᠬᠤᠭᠤᠴᠠᠭᠠᠨ ᠤ ᠬᠥᠯᠥᠨ ᠪᠤᠶᠢᠷ ᠤᠨ ᠨᠣᠮ  ᠨᠤᠮ ᠲᠠᠶᠢᠯᠪᠤᠷᠯᠠᠭᠴᠢ ᠶᠢᠨ  ᠮᠠᠨ ᠤ ᠬᠤᠰᠢᠭᠤᠨ ᠤ ᠤᠷᠤᠯᠳᠤᠭᠠᠨ ᠢ ᠠᠮᠵᠢᠯᠲᠠ ᠲᠠᠢ ᠡᠷᠬᠢᠯᠡᠨ ᠶᠠᠪᠤᠭᠲᠠᠭᠤᠯᠪᠠ᠃       ᠤᠷᠤᠯᠳᠤᠭᠠᠨ ᠨᠢ ᠵᠠᠯᠠᠭᠤᠴᠤᠳ ᠪᠠᠭᠠᠴᠤᠳ ᠤᠨ ᠳᠤᠭᠤᠶᠢᠯᠠᠩ ᠪᠠ ᠨᠠᠰᠤᠨ ᠳᠤ ᠭᠦᠷᠦᠭᠰᠡᠳ ᠤᠨ ᠳᠤᠭᠤᠶᠢᠯᠠᠩ  ᠬᠤᠪᠢᠶᠠᠵᠤ  ᠶᠠᠪᠤᠭᠲᠠᠪᠠ᠃ ᠤᠷᠤᠯᠳᠤᠭᠠᠨ ᠳᠤ ᠣᠷᠣᠯᠴᠠᠭᠰᠠᠳ ᠰᠢᠨ᠎ᠡ ᠴᠠᠭ ᠦᠶ᠎ᠡ ᠶᠢᠨ ᠭᠤᠣᠯ ᠬᠦᠭ ᠠᠶᠠᠰ ᠢ ᠴᠢᠩᠭ᠎ᠠ ᠡᠵᠡᠮᠳᠡᠵᠦ᠂ ᠳᠤᠮᠳᠠᠳᠤ ᠭᠠᠳᠠᠭᠠᠳᠤ ᠶᠢᠨ ᠨᠡᠷᠡᠳᠦ ᠪᠦᠲᠦᠭᠡᠯ ᠳᠤ ᠭᠦᠨᠵᠡᠭᠡᠢ ᠲᠠᠶᠢᠯᠤᠮᠵᠢ ᠬᠢᠬᠦ ᠪᠠᠷ ᠳᠠᠮᠵᠢᠭᠤᠯᠵᠤ᠂ ᠠᠮᠢᠳᠤᠯᠢᠭ ᠦᠭᠡ ᠬᠡᠯᠡ ᠪᠠᠷ ᠤᠨᠤᠯ ᠤᠨ ᠤᠬᠢ ᠰᠣᠳᠣ ᠶᠢ ᠲᠠᠶᠢᠯᠪᠤᠷᠢᠯᠠᠵᠤ᠂ ᠴᠢᠩ ᠦᠨᠡᠨᠴᠢ ᠰᠡᠳᠬᠢᠯᠭᠡ ᠪᠠᠷ ᠤᠩᠰᠢᠯᠭ᠎ᠠ ᠶᠢᠨ ᠲᠥᠷᠥᠭᠳᠡᠯ ᠢᠶᠠᠨ ᠳᠠᠮᠵᠢᠭᠤᠯᠪᠠ᠃        ᠰᠢᠯᠭᠠᠷᠠᠭᠤᠯᠤᠯᠲᠠ ᠪᠠᠷ ᠳᠡᠮᠵᠢᠨ᠂ ᠵᠠᠯᠠᠭᠤᠴᠤᠳ ᠪᠠᠭᠠᠴᠤᠳ ᠤᠨ ᠳᠤᠭᠤᠶᠢᠯᠠᠩ ᠪᠣᠯᠣᠨ ᠨᠠᠰᠤᠨ ᠳᠤ ᠭᠦᠷᠦᠭᠰᠡᠳ ᠤᠨ ᠳᠤᠭᠤᠶᠢᠯᠠᠩ ᠤᠨ ᠨᠢᠭᠡᠳᠦᠭᠡᠷ ᠲᠤ ᠲᠤᠳᠤᠷᠠᠵᠦ᠂ ᠪᠠᠰᠠ ᠮᠠᠨ ᠤ ᠬᠤᠰᠢᠭᠤ ᠶᠢ ᠲᠥᠯᠥᠭᠡᠯᠡᠨ ᠬᠥᠯᠥᠨ ᠪᠤᠶᠢᠷ ᠬᠤᠲᠠ ᠶᠢᠨ ᠰᠢᠢᠳᠪᠦᠷᠢᠲᠦ ᠤᠷᠤᠯᠳᠤᠭᠠᠨ ᠳᠤ ᠣᠷᠣᠯᠴᠠᠬᠤ ᠪᠣᠯᠣᠨ᠎ᠠ᠃       ᠲᠤᠰ ᠤᠳᠠᠭ᠎ᠠ ᠶᠢᠨ ᠤᠷᠤᠯᠳᠤᠭᠠᠨ ᠨᠢ ᠤᠨᠤᠯ ᠢ ᠤᠬᠠᠭᠤᠯᠤᠨ ᠲᠠᠶᠢᠯᠪᠤᠷᠢᠯᠠᠬᠤ ᠪᠠ ᠤᠩᠰᠢᠯᠭ᠎ᠠ ᠶᠢ ᠬᠤᠪᠢᠶᠠᠯᠴᠠᠨ ᠡᠳ᠋ᠯᠡᠬᠦ ᠶᠢ ᠤᠶᠠᠯᠳᠤᠭᠤᠯᠬᠤ ᠬᠡᠯᠪᠡᠷᠢ ᠪᠠᠷ ᠳᠠᠮᠵᠢᠭᠤᠯᠵᠤ᠂ ᠵᠠᠯᠠᠭᠤᠴᠤᠳ ᠪᠠᠭᠠᠴᠤᠳ ᠢ ᠪᠦᠲᠦᠮᠵᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠰᠣᠩᠭᠤᠳᠠᠭ ᠵᠣᠬᠢᠶᠠᠯ ᠢ ᠤᠩᠰᠢᠬᠤ ᠳᠤᠮᠳᠠ ᠤᠯᠤᠰ ᠭᠡᠷ ᠤᠨ ᠢᠶᠠᠨ ᠬᠠᠶᠢᠷ᠎ᠠ ᠰᠡᠳᠬᠢᠯᠭᠡ ᠶᠢ ᠵᠤᠵᠠᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ᠂ ᠰᠢᠨ᠎ᠡ ᠴᠠᠭ ᠦᠶ᠎ᠡ ᠶᠢᠨ ᠵᠠᠯᠠᠭᠤᠴᠤᠳ ᠪᠠᠭᠠᠴᠤᠳ ᠤᠨ ᠢᠳᠡᠪᠬᠢᠲᠡᠢ ᠪᠠᠷ ᠥᠭᠡᠳᠡᠯᠡᠨ ᠲᠠᠪᠰᠢᠬᠤ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠢ ᠠᠬᠢᠭᠤᠯᠬᠤ ᠳᠤ ᠵᠠᠯᠠᠭᠤ ᠨᠠᠰᠤᠨ ᠤ ᠬᠥᠳᠡᠯᠭᠡᠬᠦ ᠬᠦᠴᠦᠨ ᠢ ᠨᠡᠮᠡᠷᠢᠯᠡᠵᠡᠢ᠃ 
ᠢᠷᠡᠯᠲᠡ᠄ ᠬᠠᠭᠤᠴᠢᠨ ᠪᠠᠷᠭᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ