| ᠸᠠᠺᠼᠢᠨ ᠤ ᠲᠠᠷᠢᠯᠭ᠎ᠠ ᠪᠣᠯ ᠬᠠᠯᠳᠠᠪᠤᠷᠢᠲᠤ ᠡᠪᠡᠳᠴᠢᠨ ᠢ ᠰᠡᠷᠭᠡᠶᠢᠯᠡᠬᠦ ᠬᠠᠮᠤᠭ ᠤᠨ ᠬᠢᠮᠳᠠ᠂ ᠠᠮᠤᠷ ᠲᠦᠪᠰᠢᠨ᠂ ᠪᠦᠲᠦᠮᠵᠢᠲᠡᠶ ᠠᠷᠭ᠎ᠠ ᠪᠠᠷᠢᠯ ᠮᠥᠨ᠂ | ᠡᠷᠲᠡ ᠲᠦᠷᠦᠭᠰᠡᠨ ᠬᠡᠦᠬᠡᠳ᠂ ᠡᠭᠡᠯᠢᠯᠡᠭᠡ ᠶᠢᠨ ᠴᠢᠳᠠᠪᠤᠷᠢ ᠪᠠᠷ ᠪᠠᠭᠤᠷᠠᠢ ᠬᠡᠦᠬᠡᠳ᠂ ᠬᠠᠷᠰᠢᠮᠠᠲᠠᠭᠠᠶ ᠪᠡᠶ᠎ᠡ ᠮᠠᠬᠠᠪᠣᠳ ᠲᠠᠢ ᠬᠡᠦᠬᠡᠳ ᠵᠡᠷᠭᠡ ᠤᠨᠴᠠᠭᠠᠢ | ᠬᠡᠦᠬᠡᠳ ᠲᠤ ᠠᠪᠴᠤ ᠬᠡᠯᠡᠪᠡᠯ ᠨᠠᠩ ᠴᠤ ᠴᠢᠬᠤᠯᠠ ᠪᠠᠶᠢᠳᠠᠭ᠃ ᠰᠢᠨᠵᠢᠯᠡᠬᠦ ᠤᠬᠠᠭᠠᠨᠴᠢ ᠪᠠᠷ ᠦᠨᠡᠯᠡᠬᠦ᠂ ᠵᠢᠷᠤᠮᠵᠢᠯ ᠲᠠᠢ ᠲᠠᠷᠢᠯᠭ᠎ᠠ ᠬᠢᠬᠦ ᠪᠠᠷ ᠳᠠᠮᠵᠢᠨ᠂ ᠤᠨᠴᠠᠭᠠᠢ | ᠬᠡᠦᠬᠡᠳ ᠲᠤ ᠡᠭᠡᠯᠢᠯᠡᠭᠡ ᠶᠢᠨ ᠪᠠᠲᠤ ᠪᠠᠬᠢ ᠬᠠᠯᠬᠠᠪᠴᠢ ᠶᠢ ᠪᠠᠶᠢᠭᠤᠯᠵᠤ ᠦᠭᠬᠦᠨ᠂ ᠲᠡᠳᠡᠨ ᠤ ᠡᠷᠡᠭᠦᠯ ᠢᠶᠠᠷ ᠦᠰᠦᠨ ᠪᠤᠶᠢᠵᠢᠬᠤ ᠶᠢ ᠰᠠᠬᠢᠨ ᠬᠠᠮᠠᠭᠠᠯᠠᠬᠤ ᠬᠡᠷᠡᠭᠲᠡᠶ | ᠭᠡᠵᠦ ᠢᠯᠡᠳᠭᠡᠪᠡ᠃ | ᠯᠢᠶᠠᠩ ᠹᠦ᠋ ᠷᠦᠩ᠂ ᠸᠠᠺᠼᠢᠨ ᠤ ᠲᠠᠷᠢᠯᠭ᠎ᠠ ᠬᠢᠬᠦ ᠨᠢ ᠤᠨᠴᠠᠭᠠᠢ ᠬᠡᠦᠬᠡᠳ ᠤᠨ ᠣᠨᠴᠠᠭᠠᠶ ᠴᠢᠨᠠᠷᠲᠠᠶ ᠡᠭᠡᠯᠢᠯᠡᠭᠡ ᠶᠢᠨ ᠬᠠᠷᠢᠭᠤ ᠲᠤᠰᠬᠠᠯ ᠢ ᠬᠥᠭᠵᠢᠭᠡᠵᠦ᠂ | ᠲᠡᠭᠦᠨ ᠤ ᠪᠡᠶ᠎ᠡ ᠳᠣᠲᠣᠷ᠎ᠠ ᠬᠠᠨᠳᠤᠯᠭᠠᠲᠤ ᠴᠢᠨᠠᠷᠲᠠᠶ ᠡᠰᠡᠷᠭᠦᠴᠡᠭᠴᠢ ᠶᠢ ᠡᠭᠦᠰᠭᠡᠵᠦ᠂ ᠡᠭᠡᠯᠢᠯᠡᠭᠡ ᠶᠢᠨ ᠬᠠᠯᠬᠠᠪᠴᠢ ᠶᠢ ᠪᠣᠶ ᠪᠣᠯᠭᠠᠳᠠᠭ᠃ ᠡᠨᠡ ᠨᠢ ᠤᠯᠠᠭᠠᠨ ᠨᠣᠳ | ᠂ ᠵᠠᠭᠤᠨ ᠬᠤᠨᠤᠭ ᠤᠨ ᠬᠠᠨᠢᠶᠠᠳᠤ᠂ ᠨᠤᠭᠤᠰᠤᠨ ᠤ ᠪᠣᠷᠣ ᠡᠳ᠋ ᠤᠨ ᠦᠷᠪᠢᠰᠦᠯ ᠵᠡᠷᠭᠡ ᠠᠶᠤᠯ ᠶᠡᠬᠡᠲᠡᠶ ᠬᠠᠯᠳᠠᠪᠤᠷᠢᠲᠤ ᠡᠪᠡᠳᠴᠢᠨ ᠢ ᠪᠦᠲᠦᠮᠵᠢᠲᠡᠶ ᠰᠡᠷᠭᠡᠶᠢᠯᠡᠵᠦ | ᠴᠢᠳᠠᠬᠤ ᠪᠠᠷ ᠪᠠᠷᠠᠬᠤ ᠥᠬᠡᠶ᠂ ᠪᠠᠰᠠ ᠬᠡᠦᠬᠡᠳ ᠤᠨ ᠬᠠᠯᠳᠠᠪᠤᠷᠢᠯᠠᠯ ᠠᠴᠠ ᠪᠣᠯᠤᠭᠰᠠᠨ ᠬᠦᠨᠳᠦ ᠨᠣᠴᠢᠲᠠᠶ ᠳᠠᠪᠬᠤᠴᠠᠭᠰᠠᠨ ᠡᠪᠡᠳᠴᠢᠨ ᠤ ᠲᠦᠭᠰᠢᠭᠦᠷᠢ ᠶᠢ | ᠢᠯᠡᠳᠲᠡ ᠪᠠᠭᠤᠷᠠᠭᠤᠯᠵᠤ ᠴᠢᠳᠠᠨ᠎ᠠ ᠭᠡᠵᠦ ᠵᠢᠭᠠᠵᠤ ᠭᠠᠷᠭᠠᠪᠠ᠃ | ︽ᠸᠠᠺᠼᠢᠨ ᠤ ᠲᠠᠷᠢᠯᠭ᠎ᠠ ᠬᠢᠭᠰᠡᠨ ᠥᠬᠡᠶ ᠤᠨᠴᠠᠭᠠᠢ ᠬᠡᠦᠬᠡᠳ ᠬᠠᠯᠳᠠᠪᠤᠷᠢᠲᠤ ᠡᠪᠡᠳᠴᠢᠨ ᠤ ᠬᠠᠯᠳᠠᠪᠤᠷᠢᠯᠠᠬᠤ ︿ᠰᠢᠪᠲᠤᠯᠤᠯᠲᠠ ᠶᠢᠨ ᠴᠡᠭ﹀ ᠪᠣᠯᠵᠣ | ᠮᠡᠳᠡᠨ᠎ᠡ᠃ ᠯᠢᠶᠠᠩ ᠹᠦ᠋ ᠷᠦᠩ᠂ ︽ᠢᠯᠠᠩᠭᠤᠶ᠎ᠠ ᠡᠭᠡᠯᠢᠯᠡᠭᠡ ᠶᠢᠨ ᠴᠢᠳᠠᠪᠤᠷᠢ ᠪᠠᠭᠤᠷᠠᠢ ᠪᠤᠶᠤ ᠬᠤᠤᠷ ᠢ ᠪᠠᠭᠠᠰᠬᠠᠬᠤ ᠠᠮᠢᠳᠤ ᠸᠠᠺᠼᠢᠨ ᠳᠠᠷᠢᠵᠤ ᠴᠢᠳᠠᠬᠤ ᠥᠬᠡᠶ | ᠬᠡᠦᠬᠡᠳ ᠬᠠᠯᠳᠠᠪᠤᠷᠢᠯᠠᠭᠳᠠᠭᠰᠠᠨ ᠤ ᠳᠠᠷᠠᠭ᠎ᠠ ᠣᠷᠳᠣ ᠬᠤᠭᠤᠴᠠᠭ᠎ᠠ ᠪᠠᠷ ᠡᠪᠡᠳᠴᠢᠨ ᠡᠭᠦᠰᠭᠡᠭᠴᠢ ᠶᠢ ᠠᠪᠴᠤ ᠶᠠᠪᠤᠵᠤ᠂ ᠨᠡᠶᠢᠭᠡᠮ ᠲᠣᠭᠤᠷᠢᠭ ᠲᠤ ᠬᠠᠯᠳᠠᠪᠤᠷᠢᠯᠠᠬᠤ | ᠠᠶᠤᠯ ᠲᠦᠭᠰᠢᠭᠦᠷᠢ ᠶᠢ ᠨᠡᠮᠡᠭᠳᠡᠭᠦᠯᠵᠦ ᠮᠡᠳᠡᠨ᠎ᠡ᠃ ᠡᠶᠢᠮᠦ ᠠᠴᠠ ᠰᠢᠨᠵᠢᠯᠡᠬᠦ ᠤᠬᠠᠭᠠᠨᠴᠢ ᠪᠠᠷ ᠦᠨᠡᠯᠡᠭᠰᠡᠨ ᠤ ᠳᠠᠷᠠᠭ᠎ᠠ ᠢᠳᠡᠪᠬᠢ ᠥᠬᠡᠶᠢᠳᠡᠭᠦᠯᠦᠭᠰᠡᠨ ᠸᠠᠺᠼᠢᠨ | ᠪᠤᠶᠤ ᠬᠡᠰᠡᠭ ᠬᠤᠤᠷ ᠢ ᠪᠠᠭᠠᠰᠬᠠᠬᠤ ᠸᠠᠺᠼᠢᠨ ᠢ ᠳᠠᠷᠢᠬᠤ ᠨᠢ ᠬᠦᠮᠦᠰ ᠤᠨ ᠡᠭᠡᠯᠢᠯᠡᠭᠡ ᠶᠢᠨ ᠦᠷ᠎ᠡ ᠪᠦᠲᠦᠮᠵᠢ ᠶᠢ ᠪᠠᠬᠢᠵᠢᠭᠦᠯᠬᠦ ᠳᠤ ᠲᠦᠢᠯ ᠤᠨ ᠴᠢᠬᠤᠯᠠ ᠪᠠᠶᠢᠳᠠᠭ | ︾ ᠭᠡᠵᠦ ᠴᠢᠬᠤᠯᠠᠴᠢᠯᠠᠪᠠ᠃ | ᠡᠭᠦᠨ ᠠᠴᠠ ᠭᠠᠳᠠᠨ᠎ᠠ᠂ ᠪᠡᠭᠡᠵᠢᠩ ᠶᠡᠭᠡ ᠰᠤᠷᠭᠠᠭᠤᠯᠢ ᠶᠢᠨ ᠨᠢᠭᠡᠳᠦᠭᠡᠷ ᠡᠮᠨᠡᠯᠭᠡ ᠶᠢᠨ ᠬᠤᠷᠢᠶ᠎ᠠ ᠶᠢᠨ ᠬᠡᠦᠬᠡᠳ ᠤᠨ ᠠᠨᠠᠭᠠᠬᠤ ᠤᠬᠠᠭᠠᠨ ᠤ ᠲᠥᠪ ᠤᠨ | ᠬᠡᠦᠬᠡᠳ ᠤᠨ ᠳᠣᠲᠣᠷ ᠰᠠᠯᠠᠭᠠᠨ ᠤ ᠭᠤᠤᠯ ᠡᠮᠴᠢ ᠰᠥᠩ ᠳ᠋ᠠᠨ ᠢᠦᠶ ᠣᠨᠴᠠᠭᠠᠶᠢᠯᠠᠨ ᠰᠠᠨᠠᠭᠤᠯᠤᠭᠰᠠᠨ ᠨᠢ᠂ ᠵᠠᠷᠢᠮ ᠣᠨᠴᠠᠭᠠᠶ ᠡᠪᠡᠳᠴᠢᠨ᠂ ᠵᠢᠱᠢᠶᠡᠯᠡᠪᠡᠯ | ᠲᠥᠷᠥᠯᠬᠢ ᠵᠢᠷᠦᠬᠡᠨ ᠡᠪᠡᠳᠴᠢᠨ᠂ ᠤᠨᠠᠳᠠᠭ ᠡᠪᠡᠳᠴᠢᠨ ᠵᠡᠷᠭᠡ ᠡᠪᠡᠳᠴᠢᠨ ᠲᠠᠢ ᠬᠡᠦᠬᠡᠳ ᠤᠨ ᠲᠣᠰ ᠪᠡᠶ᠎ᠡ ᠨᠢ ᠬᠡᠳᠦ᠋ᠪᠡᠷ ᠬᠠᠯᠳᠠᠪᠤᠷᠢᠯᠠᠬᠤ ᠲᠦᠭᠰᠢᠭᠦᠷᠢ ᠶᠢ | ᠰᠢᠭᠤᠳ ᠨᠡᠮᠡᠭᠳᠡᠭᠦᠯᠬᠦ ᠥᠬᠡᠶ ᠪᠣᠯᠪᠠᠴᠤ ᠬᠤᠯᠪᠣᠭᠳᠠᠯ ᠪᠥᠬᠦᠶ ᠸᠠᠺᠼᠢᠨ ᠢ ᠳᠠᠷᠢᠭᠰᠠᠨ ᠥᠬᠡᠶ ᠪᠣᠯ ᠬᠡᠦᠬᠡᠳ ᠬᠠᠮᠢᠶ᠎ᠠ ᠪᠥᠬᠦᠶ ᠬᠦᠨᠳᠦ ᠡᠪᠡᠳᠴᠢᠨ ᠡᠮᠭᠡᠭ ᠲᠤ | ᠬᠠᠯᠳᠠᠪᠤᠷᠢᠯᠠᠭᠳᠠᠭᠰᠠᠨ ᠠᠴᠠ ᠪᠣᠯᠵᠣ ᠡᠪᠡᠳᠴᠢᠨ ᠨᠢ ᠬᠦᠨᠳᠦᠷᠡᠵᠦ ᠮᠡᠳᠡᠨ᠎ᠡ ᠭᠡᠵᠡᠢ᠃ | ᠭᠡᠲᠡᠯ᠎ᠡ ᠸᠠᠺᠼᠢᠨ ᠤ ᠲᠠᠷᠢᠯᠭ᠎ᠠ ᠶᠢ ᠮᠥᠨ ᠬᠦ ᠪᠥᠬᠦ ᠲᠠᠯ᠎ᠠ ᠪᠠᠷ ᠣᠶᠢᠯᠠᠭᠠᠵᠤ ᠲᠠᠨᠢᠬᠤ ᠴᠢᠬᠤᠯᠠᠲᠠᠶ ᠪᠠᠶᠢᠨ᠎ᠠ᠃ ᠰᠦᠩ ᠳ᠋ᠠᠨ ᠢᠦᠶ ᠬᠡᠯᠡᠬᠦ ᠳᠡᠭᠡᠨ᠂ | ᠸᠠᠺᠼᠢᠨ ᠤ ᠲᠠᠷᠢᠯᠭ᠎ᠠ ᠳᠤ ᠴᠢᠩᠭ᠎ᠠ ᠲᠠᠷᠢᠯᠭ᠎ᠠ ᠶᠢᠨ ᠴᠡᠭᠡᠷ ᠪᠠ ᠲᠣᠬᠢᠷᠠᠬᠤ ᠡᠪᠡᠳᠴᠢᠨ ᠪᠠᠶᠢᠳᠠᠭ᠂ ᠤᠨᠴᠠᠭᠠᠢ ᠬᠡᠦᠬᠡᠳ ᠤᠨ ᠸᠠᠺᠼᠢᠨ ᠤ ᠲᠠᠷᠢᠯᠭ᠎ᠠ ᠳᠤ ᠲᠤᠰᠬᠠᠶ | ᠮᠡᠷᠭᠡᠵᠢᠯ ᠤᠨ ᠦᠨᠡᠯᠡᠯᠲᠡ ᠬᠢᠬᠦ ᠬᠡᠷᠡᠭᠲᠡᠶ ᠪᠥᠭᠡᠳ ᠲᠤᠰᠬᠠᠶ ᠮᠡᠷᠭᠡᠵᠢᠯ ᠤᠨ ᠵᠢᠯᠣᠭᠤᠳᠣᠯᠭ᠎ᠠ ᠳᠤᠤᠷ᠎ᠠ ᠲᠠᠷᠢᠯᠭ᠎ᠠ ᠬᠢᠬᠦ ᠬᠡᠷᠡᠭᠲᠡᠶ᠃ ᠰᠢᠨᠵᠢᠯᠡᠬᠦ ᠤᠬᠠᠭᠠᠨᠴᠢ | ᠦᠨᠡᠯᠡᠯᠲᠡ ᠶᠢᠨ ᠰᠢᠰᠲ᠋ᠧᠮ ᠪᠣᠯᠤᠨ ᠵᠢᠷᠤᠮᠵᠢᠭᠰᠠᠨ ᠲᠠᠷᠢᠯᠭ᠎ᠠ ᠶᠢᠨ ᠲᠠᠰ ᠳᠠᠷᠠᠭᠠᠯᠠᠯ ᠨᠢ ᠠᠶᠤᠯ ᠲᠦᠭᠰᠢᠭᠦᠷᠢ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠤᠷᠠᠭᠤᠯᠵᠤ | ᠬᠡᠦᠬᠡᠳ ᠤᠨ ᠲᠤᠰ ᠪᠡᠶ᠎ᠡ ᠶᠢᠨ ᠡᠷᠡᠭᠦᠯ ᠮᠡᠨᠳᠦ ᠶᠢ ᠬᠠᠮᠠᠭᠠᠯᠠᠬᠤ ᠮᠥᠷᠲᠡᠭᠡᠨ ᠪᠠᠰᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠢ ᠬᠠᠮᠠᠭᠠᠯᠠᠵᠤ | ᠪᠣᠯᠤᠨ᠎ᠠ ᠭᠡᠵᠠᠢ᠃ | ᠳᠤᠮᠳᠠᠳᠤ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠬᠤᠯᠪᠣᠭᠳᠠᠯ ᠪᠥᠬᠦᠶ ᠲᠤᠰᠬᠠᠶ ᠮᠡᠷᠭᠡᠵᠢᠯᠲᠡᠨ᠂ ᠬᠡᠷ ᠤᠨ ᠠᠬᠠᠮᠠᠳ ᠪᠣᠯᠤᠨ | ᠡᠮᠴᠢᠯᠡᠭᠡᠨ ᠤ ᠪᠠᠶᠢᠭᠤᠯᠤᠮᠵᠢ ᠨᠢᠭᠲᠠ ᠬᠠᠮᠲᠤᠷᠠᠯᠴᠠᠵᠤ᠂ ᠸᠠᠺᠼᠢᠨ ᠳᠠᠷᠢᠬᠤ ᠠᠴᠠ ᠡᠮᠦᠨᠡᠬᠢ ᠦᠨᠡᠯᠡᠬᠦ ᠠᠵᠢᠯ ᠢ ᠬᠠᠮᠲᠤ ᠪᠠᠷ ᠰᠠᠶᠢᠲᠤᠷ ᠬᠢᠬᠦ ᠬᠡᠷᠡᠭᠲᠡᠶ᠃ | ᠨᠡᠶᠢᠭᠡᠮ ᠤᠨ ᠡᠯ᠎ᠡ ᠡᠲᠡᠭᠡᠳ ᠤᠨ ᠬᠢᠨ ᠤᠨᠴᠠᠭᠠᠢ ᠬᠡᠦᠬᠡᠳ ᠤᠨ ᠸᠠᠺᠼᠢᠨ ᠤ ᠲᠠᠷᠢᠯᠭ᠎ᠠ ᠶᠢᠨ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠸᠠᠺᠼᠢᠨ ᠤ | ᠲᠠᠷᠢᠯᠭ᠎ᠠ ᠶᠢᠨ ᠴᠢᠬᠤᠯᠠ ᠴᠢᠨᠠᠷ ᠤᠨ ᠲᠤᠬᠠᠶ ᠣᠯᠠᠨ ᠨᠡᠶᠢᠲᠡ ᠶᠢᠨ ᠲᠠᠨᠢᠯᠲᠠ ᠶᠢ ᠳᠡᠭᠡᠭᠰᠢᠯᠡᠭᠦᠯᠬᠦ ᠬᠡᠷᠡᠭᠲᠡᠶ ᠭᠡᠵᠦ ᠰᠠᠨᠠᠭᠤᠯᠪᠠ᠃ ︵︽ᠰᠢᠨᠬᠤᠸᠠ ᠰᠦᠯᠵᠢᠶ᠎ᠠ︾ | ᠠᠴᠠ ᠰᠢᠯᠵᠢᠬᠦᠯᠪᠡ︶ | |