| | ᠲᠦᠷᠦᠬᠦᠭᠡᠨ᠂ ᠦᠬᠠᠨ ᠳᠤ ᠬᠤᠷᠠᠯᠳᠤᠭᠤᠯᠤᠭᠰᠠᠨ 2025 ᠣᠨ ᠤ ᠸᠠᠺᠼᠢᠨ ᠪᠣᠯᠤᠨ ᠡᠷᠡᠭᠦᠯ ᠮᠡᠨᠳᠦ ᠶᠢᠨ ᠶᠡᠭᠡ ᠬᠤᠷᠠᠯ ᠠᠴᠠ ᠣᠶᠢᠯᠠᠭᠠᠭᠰᠠᠨ ᠢᠶᠠᠷ᠂ | ᠮᠠᠨ ᠤ ᠤᠯᠤᠰ ᠤᠨ ᠣᠳᠣᠬᠠᠨ ᠳᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠨᠢᠭᠡᠪᠦᠷᠢ ᠨᠠᠭᠠᠳᠤ ᠵᠠᠬ᠎ᠠ ᠳᠠᠭᠠᠨ ᠨᠢᠭᠡ ᠤᠷᠢᠳᠴᠢᠯᠠᠨ ᠰᠡᠷᠭᠡᠶᠢᠯᠡᠬᠦ ᠲᠠᠷᠢᠯᠭ᠎ᠠ ᠬᠢᠬᠦ | ᠨᠢᠭᠡᠴᠢ ᠲᠠᠢ ᠪᠠᠶᠢᠵᠤ᠂ ᠲᠠᠷᠢᠯᠭ᠎ᠠ ᠬᠢᠬᠦ ᠦᠢᠯᠡᠴᠢᠯᠡᠭᠡ ᠶᠢ ︽ᠬᠡᠷ ᠤᠨ ᠡᠭᠦᠳᠡᠨ︾ ᠳᠤ ᠬᠦᠷᠭᠡᠵᠦ ᠪᠠᠶᠢᠨ᠎ᠠ︔ 1000 ᠲᠦᠮᠡ ᠭᠠᠷᠤᠶ ᠬᠥᠮᠦᠨ ᠨᠢᠭᠡᠨᠲᠡ | ᠡᠯᠧᠺᠳ᠋ᠷᠣᠨ ᠤᠷᠢᠳᠴᠢᠯᠠᠨ ᠰᠡᠷᠭᠡᠶᠢᠯᠡᠬᠦ ᠲᠠᠷᠢᠯᠭ᠎ᠠ ᠶᠢᠨ ᠦᠨᠡᠮᠯᠡᠯ ᠭᠤᠶᠤᠴᠢᠯᠠᠨ ᠠᠪᠴᠤ ᠬᠡᠷᠡᠭᠯᠡᠨ᠂ ᠬᠤᠪᠢ ᠬᠥᠮᠦᠨ ᠤ ᠪᠥᠬᠦ ᠠᠮᠢ ᠨᠠᠰᠤᠨ ᠤ ᠦᠶᠡᠯᠡᠯ ᠤᠨ | ᠬᠤᠭᠤᠴᠠᠭ᠎ᠠ ᠶᠢ ᠬᠠᠮᠤᠷᠤᠭᠰᠠᠨ ᠪᠠᠶᠢᠨ᠎ᠠ᠃ | ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ᠂ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ | ᠲᠣᠪᠴᠢᠶ᠎ᠠ ᠶᠢᠨ ᠳᠠᠷᠤᠭ᠎ᠠ ᠱᠧᠨ ᠬᠤᠩ ᠪᠢᠩ᠂ ᠣᠳᠣᠬᠠᠨ ᠳᠤ᠂ ᠮᠠᠨ ᠤ ᠤᠯᠤᠰ ᠨᠢᠭᠡᠨᠲᠡ ᠤᠯᠤᠰ᠂ ᠮᠤᠵᠢ᠂ ᠬᠤᠲᠠ᠂ ᠰᠢᠶᠠᠨ ᠳᠥᠷᠪᠡᠨ ᠱᠠᠲᠤᠨ ᠤ | ᠡᠭᠡᠯᠢᠯᠡᠭᠡ ᠶᠢᠨ ᠲᠥᠯᠥᠪᠵᠢᠭᠦᠯᠭᠡ ᠶᠢᠨ ᠬᠠᠮᠢᠶᠠᠷᠤᠯᠲᠠ ᠶᠢᠨ ᠰᠢᠰᠲ᠋ᠧᠮ᠂ ᠰᠢᠶᠠᠨ᠂ ᠰᠢᠶᠠᠩ᠂ ᠲᠣᠰᠬᠤᠨ ᠭᠤᠷᠪᠠᠨ ᠱᠠᠲᠤᠨ ᠤ ᠤᠷᠢᠳᠴᠢᠯᠠᠨ ᠰᠡᠷᠭᠡᠶᠢᠯᠡᠬᠦ | ᠲᠠᠷᠢᠯᠭ᠎ᠠ ᠶᠢᠨ ᠦᠢᠯᠡᠴᠢᠯᠡᠭᠡᠨ ᠤ ᠲᠤᠤᠷ ᠰᠦᠯᠵᠢᠶ᠎ᠡ ᠶᠢ ᠪᠠᠶᠢᠭᠤᠯᠵᠤ᠂ ᠣᠯᠠᠨ ᠲᠦᠮᠡᠨ ᠤ ᠴᠠᠭ ᠲᠤᠬᠠᠶ ᠳᠤᠨᠢ ᠸᠠᠺᠼᠢᠨ ᠳᠠᠷᠢᠬᠤ ᠪᠠ ᠲᠥᠬᠦᠮ ᠦᠵᠡᠭᠦᠯᠬᠦ ᠶᠢ | ᠦᠨᠡᠨᠬᠦ ᠪᠠᠲᠤᠯᠠᠵᠤ ᠪᠠᠶᠢᠨ᠎ᠠ᠃ 2024 ᠣᠨ ᠤ ᠡᠴᠦᠰ ᠪᠣᠯᠲᠠᠯ᠎ᠠ᠂ ᠪᠥᠬᠦ ᠤᠯᠤᠰ ᠲᠤ ᠨᠡᠶᠢᠲᠡ 45.6 ᠲᠦᠮᠡᠨ ᠲᠤᠰᠬᠠᠶ ᠮᠡᠷᠭᠡᠵᠢᠯ ᠤᠨ ᠠᠵᠢᠯᠲᠠᠨ | ᠤᠷᠢᠳᠴᠢᠯᠠᠨ ᠰᠡᠷᠭᠡᠶᠢᠯᠡᠬᠦ ᠲᠠᠷᠢᠯᠭ᠎ᠠ ᠶᠢᠨ ᠠᠵᠢᠯ ᠬᠢᠵᠦ᠂ ᠤᠷᠢᠳᠴᠢᠯᠠᠨ ᠰᠡᠷᠭᠡᠶᠢᠯᠡᠬᠦ ᠲᠠᠷᠢᠯᠭ᠎ᠠ ᠶᠢᠨ ᠡᠩᠨᠡᠭᠡ ᠶᠡᠷᠦᠩᠬᠡᠶ ᠳᠡᠭᠡᠨ ᠴᠢᠩᠭᠠᠷᠠᠵᠠᠢ ᠭᠡᠵᠦ ᠢᠯᠡᠳᠭᠡᠪᠡ᠃ | | ︽ᠤᠯᠤᠰ ᠤᠨ ᠡᠭᠡᠯᠢᠯᠡᠭᠡ ᠶᠢᠨ ᠲᠥᠯᠥᠪᠵᠢᠭᠦᠯᠭᠡ ᠶᠢᠨ ᠠᠷᠭ᠎ᠠ ᠪᠣᠳᠣᠯᠭ᠎ᠠ ᠶᠢ ᠬᠥᠳᠡᠯᠦᠩᠭᠦᠶ ᠪᠠᠷ ᠲᠣᠬᠢᠷᠠᠭᠤᠯᠤᠨ ᠰᠢᠯᠢᠳᠡᠭᠵᠢᠭᠦᠯᠬᠦ ᠪᠣᠯ ᠣᠳᠣᠬᠠᠨ ᠤ ᠪᠠ | ᠬᠤᠶᠢᠰᠢᠳᠠ ᠶᠢᠨ ᠭᠤᠤᠯᠳᠠᠯᠭ᠎ᠠ ᠲᠠᠢ ᠠᠬᠢᠭᠤᠯᠬᠤ ᠠᠵᠢᠯ ᠤᠨ ᠨᠢᠭᠡ ᠪᠣᠯᠤᠨ᠎ᠠ︾᠃ ᠱᠧᠨ ᠬᠤᠩ ᠪᠢᠩ᠂ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ | ᠲᠣᠪᠴᠢᠶ᠎ᠠ ᠶᠠᠭ ᠤᠯᠤᠰ ᠤᠨ ᠡᠭᠡᠯᠢᠯᠡᠭᠡ ᠶᠢᠨ ᠲᠥᠯᠥᠪᠵᠢᠭᠦᠯᠭᠡ ᠶᠢᠨ ᠲᠥᠷᠥ ᠶᠢᠨ ᠪᠣᠳᠣᠯᠭ᠎ᠠ ᠶᠢ ᠬᠥᠳᠡᠯᠦᠩᠭᠦᠶ ᠪᠠᠷ ᠲᠣᠬᠢᠷᠠᠭᠤᠯᠬᠤ᠂ ᠴᠢᠨᠠᠷ ᠢ ᠳᠡᠭᠡᠭᠰᠢᠯᠡᠭᠦᠯᠦᠨ | ᠪᠠᠭᠲᠠᠭᠠᠮᠵᠢ ᠶᠢ ᠥᠷᠭᠡᠳᠭᠡᠬᠦ ᠶᠢ ᠢᠳᠡᠪᠬᠢᠲᠡᠶ ᠰᠤᠳᠤᠯᠵᠤ᠂ ᠣᠯᠠᠨ ᠲᠦᠮᠡᠨ ᠳᠤ ᠨᠠᠩ ᠴᠢᠨᠠᠷ ᠰᠠᠶᠢᠲᠠᠶ ᠲᠠᠷᠢᠯᠭ᠎ᠠ ᠶᠢᠨ ᠦᠢᠯᠡᠴᠢᠯᠡᠭᠡ ᠬᠦᠷᠲᠡᠭᠡᠵᠦ ᠪᠠᠶᠢᠨ᠎ᠠ ᠭᠡᠵᠦ | ᠬᠡᠯᠡᠪᠡ᠃ ︵︽ᠦᠪᠦᠷ ᠮᠤᠩᠭᠤᠯ ᠤᠨ ᠡᠳᠦᠷ ᠤᠨ ᠰᠤᠨᠢᠨ︾ ᠠᠴᠠ ᠰᠢᠯᠵᠢᠬᠦᠯᠪᠡ︶ | |