5 ᠰᠠᠷ᠎ᠠ ᠶᠢᠨ 20 ᠤ ᠡᠳᠦᠷ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠡᠷᠬᠢᠯᠡᠭᠴᠢ ᠰᠡᠷᠬᠦᠯᠡᠩ ᠪᠠᠶᠢᠴᠠᠭᠠᠨ ᠰᠤᠳᠤᠯᠬᠤ ᠳᠤᠭᠤᠶᠢᠯᠠᠩ ᠢ ᠳᠠᠭᠠᠭᠤᠯᠤᠨ ᠬᠡᠰᠡᠭ ᠰᠤᠮᠤ ᠳᠤ ᠬᠦᠨᠵᠡᠬᠡᠶᠢᠷᠡᠨ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ | ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠶᠢ ᠠᠬᠢᠭᠤᠯᠬᠤ ᠳᠦᠷᠢᠮ︾ ᠢ ᠲᠤᠭᠤᠰᠢᠯᠠᠭᠤᠯᠤᠨ ᠬᠡᠷᠡᠭᠵᠢᠭᠦᠯᠦᠭᠰᠡᠨ ᠪᠠᠶᠢᠳᠠᠯ ᠤᠨ ᠲᠤᠬᠠᠢ ᠲᠤᠰᠬᠠᠢ ᠰᠡᠳᠦᠪᠲᠦ | ᠪᠠᠶᠢᠴᠠᠭᠠᠨ ᠰᠤᠳᠤᠯᠤᠯᠲᠠ ᠬᠢᠪᠡ᠃ | | | | ᠰᠡᠷᠬᠦᠯᠡᠩ ᠨᠠᠷ ᠤᠷᠢᠳ ᠬᠤᠵᠢᠳ ᠵᠡᠭᠦᠨ ᠦᠵᠦᠭᠦᠷ᠂ ᠪᠠᠷᠠᠭᠤᠨ ᠦᠵᠦᠭᠦᠷ ᠰᠤᠮᠤ ᠶᠢᠨ ᠣᠶᠤᠨᠲᠤ ᠮᠠᠯ ᠠᠵᠤ ᠠᠬᠤᠢ ᠶᠢᠨ ᠵᠢᠱᠢᠶ᠎ᠡ ᠦᠵᠡᠭᠦᠯᠬᠦ | ᠮᠠᠯᠴᠢᠳ ᠤᠨ ᠭᠡᠷ ᠲᠤ ᠭᠦᠨᠵᠡᠭᠡᠶᠢᠷᠡᠵᠦ᠂ ᠣᠶᠤᠨᠴᠢᠯᠠᠭᠰᠠᠨ ᠲᠥᠬᠦᠭᠡᠷᠦᠮᠵᠢ ᠶᠢᠨ ᠠᠵᠢᠯᠯᠠᠭᠠᠨ ᠤ ᠬᠡᠷᠡᠭᠯᠡᠯᠲᠡ᠂ ᠮᠠᠯ ᠠᠵᠤ ᠠᠬᠤᠢ ᠶᠢᠨ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠮᠠᠯᠵᠢᠬᠤ ᠶᠢ ᠵᠣᠭᠰᠤᠭᠠᠬᠤ ᠬᠤᠭᠤᠴᠠᠭᠠᠨ ᠳᠠᠬᠢ ᠮᠠᠯ ᠠᠵᠤ ᠠᠬᠤᠢ ᠶᠢᠨ ᠬᠥᠭᠵᠢᠯᠲᠡ ᠶᠢᠨ ᠣᠳᠣᠬᠢ ᠪᠠᠶᠢᠳᠠᠯ | ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠬᠠᠮᠲᠤ ᠲᠤᠨᠢ ᠪᠠᠰᠠ ᠵᠡᠭᠦᠨ ᠦᠵᠦᠭᠦᠷ᠂ ᠪᠠᠷᠠᠭᠤᠨ ᠦᠵᠦᠭᠦᠷ ᠰᠤᠮᠤ ᠶᠢᠨ ︽ᠳᠦᠷᠢᠮ︾ ᠢ ᠨᠠᠶᠢᠳᠠᠪᠤᠷᠢᠵᠢᠭᠤᠯᠤᠭᠰᠠᠨ | ᠪᠠᠶᠢᠳᠠᠯ ᠵᠢᠴᠢ ᠨᠠᠶᠢᠳᠠᠪᠤᠷᠢᠵᠢᠭᠤᠯᠤᠭᠰᠠᠨ ᠲᠠᠯ᠎ᠠ ᠪᠠᠷ ᠣᠷᠣᠰᠢᠵᠤ ᠪᠠᠶᠢᠭ᠎ᠠ ᠬᠦᠴᠢᠷᠳᠡᠯ ᠵᠢᠴᠢ ᠠᠰᠠᠭᠤᠳᠠᠯ ᠢ ᠰᠣᠨᠣᠰᠪᠠ᠃ | | | | ᠰᠡᠷᠬᠦᠯᠡᠩ ᠴᠢᠬᠤᠯᠠᠴᠢᠯᠠᠬᠤ ᠳᠠᠭᠠᠨ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ | ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠪᠣᠳᠠᠲᠠᠢ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠬᠦᠴᠦᠯᠡᠨ | ᠰᠠᠶᠢᠲᠤᠷ ᠠᠳᠬᠤᠵᠤ᠂ ᠣᠷᠣᠰᠢᠵᠤ ᠪᠠᠶᠢᠭ᠎ᠠ ᠠᠰᠠᠭᠤᠳᠠᠯ ᠪᠠ ᠬᠦᠴᠢᠷᠳᠡᠯ ᠢ ᠤᠯᠠᠮ ᠨᠢᠭᠡ ᠠᠯᠬᠤᠮ ᠡᠮᠬᠢᠯᠡᠨ ᠰᠢᠢᠳᠪᠦᠷᠢᠯᠡᠵᠦ᠂ ᠠᠵᠤ ᠠᠬᠤᠢ ᠶᠢᠨ ᠦᠷ᠎ᠡ ᠠᠰᠢᠭ | ᠂ ᠨᠡᠶᠢᠭᠡᠮ ᠤᠨ ᠦᠷ᠎ᠡ ᠠᠰᠢᠭ᠂ ᠠᠮᠢ ᠠᠬᠤᠢ ᠶᠢᠨ ᠦᠷ᠎ᠡ ᠠᠰᠢᠭ ᠢ ᠣᠷᠭᠠᠨᠢᠭ ᠢᠶᠠᠷ ᠤᠶᠠᠯᠳᠤᠭᠤᠯᠤᠨ᠂ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠠᠶᠤᠯᠭᠦᠢ ᠦᠢᠯᠡᠳᠪᠦᠷᠢᠯᠡᠯ ᠤᠨ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠮᠠᠯ ᠤᠨ ᠠᠰᠢᠭ ᠰᠢᠮ᠎ᠡ ᠲᠠᠷᠢᠶᠠᠯᠠᠩ | ᠤᠨ ᠪᠦᠲᠦᠭᠡᠭᠳᠡᠬᠦᠨ ᠤ ᠠᠵᠤ ᠦᠢᠯᠡᠰ ᠤᠨ ᠲᠣᠭᠲᠠᠭᠤᠨ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ ᠬᠡᠵᠡᠢ᠃ | | |