| | 5 ᠰᠠᠷ᠎ᠠ ᠶᠢᠨ 21 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠵᠣᠣ ᠵᠢᠶᠠᠨ ᠪᠥᠸᠧ ᠬᠤᠰᠢᠭᠤ ᠨᠠᠮ ᠤᠨ ᠬᠤᠷᠢᠶᠠᠨ ᠤ ᠣᠨᠣᠯ ᠰᠤᠷᠤᠯᠴᠠᠬᠤ | ᠭᠤᠣᠯ ᠳᠤᠭᠤᠶᠢᠯᠠᠩ ᠤᠨ 2025 ᠣᠨ ᠤ 5 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠭᠦᠨᠵᠡᠭᠡᠢ ᠲᠤᠥᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠰᠤᠷᠤᠯᠴᠠᠯᠭ᠎ᠠ ᠰᠤᠳᠤᠯᠤᠨ ᠶᠠᠷᠢᠯᠴᠠᠬᠤ ᠬᠤᠷᠠᠯ ᠢ ᠡᠷᠭᠢᠯᠡᠨ | ᠬᠤᠷᠠᠯᠳᠤᠭᠤᠯᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠡᠷᠬᠢᠯᠡᠭᠴᠢ ᠰᠡᠷᠭᠦᠯᠡᠩ᠂ ᠤᠯᠤᠰ | ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠱᠤᠸᠠᠩ ᠯᠢᠨ ᠵᠡᠷᠭᠡ ᠬᠤᠰᠢᠭᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠤᠨ | ᠪᠦᠷᠢᠯᠳᠦᠭᠦᠨ ᠭᠡᠰᠢᠭᠦᠳ ᠬᠤᠷᠠᠯ ᠳᠤ ᠣᠷᠣᠯᠴᠠᠵᠠᠢ᠃ | ᠬᠤᠷᠠᠯ ᠠᠴᠠ᠂ ᠰᠤᠷᠤᠯᠴᠠᠬᠤ ᠪᠠ ᠬᠡᠷᠡᠭᠯᠡᠬᠦ ᠶᠢ ᠤᠶᠠᠯᠳᠤᠭᠤᠯᠬᠤ ᠶᠢ ᠴᠢᠬᠤᠯᠠᠴᠢᠯᠠᠵᠤ᠂ ᠲᠡᠷᠡ ᠬᠡᠪ ᠢᠶᠠᠷ ᠨᠢ ᠰᠤᠷᠤᠯᠴᠠᠬᠤ ᠪᠠᠷ ᠳᠠᠮᠵᠢᠭᠤᠯᠵᠤ᠂ ᠰᠢ ᠶᠢᠨ | ᠫᠢᠩ ᠶᠡᠷᠦᠩᠬᠡᠢ ᠱᠦᠵᠢ ᠶᠢᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢᠨ ᠪᠠᠶᠠᠯᠢᠭ ᠠᠭᠤᠯᠤᠭᠳᠠᠬᠤᠨ ᠪᠠ ᠭᠦᠨ | ᠭᠦᠨᠵᠡᠭᠡᠢ ᠦᠵᠡᠯ ᠰᠠᠨᠠᠭ᠎ᠠ ᠶᠢ ᠨᠡᠩ ᠰᠠᠶᠢᠲᠤᠷ ᠣᠶᠢᠯᠠᠭᠠᠨ ᠡᠵᠡᠮᠰᠢᠵᠦ᠂ ᠠᠵᠢᠯ ᠤᠨ ᠰᠤᠷᠲᠠᠯ ᠢᠶᠠᠨ ᠰᠠᠶᠢᠵᠢᠷᠠᠭᠤᠯᠬᠤ ᠶᠢ ᠠᠬᠢᠭᠤᠯᠤᠨ᠂ ᠰᠤᠷᠤᠯᠴᠠᠯᠭ᠎ᠠ ᠶᠢᠨ | ᠦᠷ᠎ᠡ ᠪᠦᠲᠦᠭᠡᠯ ᠢ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ᠂ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠡᠭᠡᠷ᠎ᠡ ᠢᠯᠡᠷᠡᠭᠦᠯᠵᠦ᠂ | ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠤᠨ ᠭᠤᠣᠯ ᠬᠠᠷᠢᠭᠤᠴᠠᠯᠭ᠎ᠠ ᠭᠤᠣᠯ ᠠᠵᠢᠯ ᠳᠠᠭᠠᠨ ᠰᠠᠭᠤᠷᠢᠯᠠᠨ ᠠᠷᠭ᠎ᠠ ᠪᠤᠳᠤᠵᠤ᠂ | ᠪᠣᠳᠠᠲᠠᠢ ᠠᠷᠭ᠎ᠠ ᠭᠠᠷᠭᠠᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠴᠡᠭᠴᠡᠯᠡᠨ ᠵᠠᠰᠠᠬᠤ ᠪᠣᠳᠠᠲᠤ ᠦᠷ᠎ᠡ ᠪᠦᠲᠦᠮᠵᠢ ᠶᠢ ᠳᠤᠪᠤᠶᠢᠯᠭᠠᠵᠤ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠢ | ᠵᠥᠷᠢᠴᠡᠭᠰᠡᠨ ᠠᠰᠠᠭᠤᠳᠠᠯ ᠤᠨ ᠨᠠᠷᠢᠨ ᠳᠠᠩᠰᠠ ᠪᠣᠯᠣᠨ ᠨᠢᠭᠤᠭᠳᠠᠮᠠᠯ ᠣᠨᠳᠣᠣᠰᠢᠭᠰᠠᠨ ᠰᠤᠷᠲᠠᠯ ᠤᠨ ᠠᠰᠠᠭᠤᠳᠠᠯ ᠤᠨ ᠨᠠᠷᠢᠨ ᠳᠠᠩᠰᠠ ᠲᠠᠢ ᠬᠠᠷᠢᠴᠠᠭᠤᠯᠤᠨ | ᠨᠢᠭᠡᠳ ᠨᠢᠭᠡ ᠪᠠᠷ︽ᠰᠢᠯᠢᠵᠦ ᠭᠠᠷᠭᠠᠵᠤ︾᠂ ᠠᠰᠠᠭᠤᠳᠠᠯ ᠢ ᠦᠨᠡᠨᠬᠦ ᠣᠨᠣᠪᠴᠢᠲᠠᠢ ᠡᠷᠢᠨ ᠪᠣᠳᠠᠲᠠᠢ ᠡᠷᠢᠵᠦ᠂ ᠦᠨᠳᠦᠰᠦ ᠰᠤᠷᠪᠤᠯᠵᠢ ᠶᠢ ᠨᠢ ᠭᠦᠨ ᠠᠭᠤᠳᠠᠯᠵᠤ | ᠨᠡᠪᠳᠡᠷᠡᠳᠡᠯ᠎ᠠ ᠮᠠᠯᠳᠠᠬᠤ ᠶᠢᠨ ᠬᠠᠮᠲᠤ ᠪᠠᠰᠠ ᠬᠤᠪᠢᠳᠠᠨ ᠬᠠᠮᠢᠶᠠᠷᠴᠤ ᠪᠠᠶᠢᠭ᠎ᠠ ᠹᠷᠣᠨᠲ᠂ ᠰᠠᠯᠠᠭ᠎ᠠ ᠮᠥᠴᠢᠷ᠂ ᠲᠠᠭᠠᠭᠠᠴᠢᠯᠠᠭᠰᠠᠨ ᠰᠤᠮᠤ ᠪᠠᠯᠭᠠᠰᠤ ᠶᠢᠨ ᠪᠠᠶᠢᠴᠠᠭᠠᠨ | ᠭᠠᠷᠭᠠᠭᠰᠠᠨ ᠠᠰᠠᠭᠤᠳᠠᠯ ᠢ ᠴᠡᠭᠴᠡᠯᠡᠨ ᠵᠠᠰᠠᠭᠰᠠᠨ ᠪᠠᠶᠢᠳᠠᠯ ᠢ ᠪᠠᠶᠢᠩᠭᠤ ᠠᠰᠠᠭᠤᠨ ᠵᠢᠯᠤᠭᠤᠳᠴᠤ᠂ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠵᠤᠷᠪᠤᠰ ᠳᠠᠷᠠᠭᠠᠯᠠᠨ ᠳᠠᠭᠠᠵᠤ᠂ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠳᠦᠷᠢᠮ ᠪᠠᠶᠢᠭᠤᠯᠤᠮᠵᠢ ᠶᠢ ᠲᠡᠭᠦᠯᠳᠡᠷᠵᠢᠭᠦᠯᠵᠦ᠂ ᠰᠤᠷᠲᠠᠯ ᠤᠨ ᠪᠠᠶᠢᠭᠤᠯᠤᠯᠲᠠ ᠶᠢ ᠠᠳᠬᠤᠬᠤ ᠳᠤ ᠳᠦᠷᠢᠮ ᠪᠠᠶᠢᠭᠤᠯᠤᠮᠵᠢ ᠶᠢᠨ ᠲᠠᠯ᠎ᠠ ᠠᠴᠠ | ᠠᠰᠠᠭᠤᠳᠠᠯ ᠢ ᠰᠢᠢᠳᠪᠦᠷᠢᠯᠡᠬᠦ ᠶᠢ ᠴᠢᠬᠤᠯᠠᠴᠢᠯᠠᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠤᠨ ᠬᠢᠨ ᠬᠢᠨᠠᠯᠲᠠ ᠲᠠᠯᠪᠢᠵᠤ | ᠬᠠᠷᠢᠭᠤᠴᠠᠯᠭ᠎ᠠ ᠨᠡᠬᠡᠮᠵᠢᠯᠡᠬᠦ ᠪᠠᠶᠢᠭᠤᠯᠤᠮᠵᠢ ᠶᠢᠨ ᠬᠡᠷᠡᠭᠯᠡᠯᠲᠡ ᠶᠢ ᠴᠢᠩᠭᠠᠳᠬᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠪᠠᠷ ᠲᠣᠳᠣᠷᠬᠠᠢ | ᠵᠠᠷᠯᠢᠭᠳᠠᠨ ᠴᠠᠭᠠᠵᠠᠯᠠᠭᠰᠠᠨ ᠡᠯ᠎ᠡ ᠲᠦᠷᠦᠯ ᠤᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠰᠠᠭᠤᠳᠠᠯ ᠤᠨ ᠡᠬᠡ ᠲᠠᠩᠰᠠ ᠶᠢ ᠪᠠᠶᠢᠭᠤᠯᠵᠤ᠂ ᠨᠢᠭᠡᠳ | ᠨᠢᠭᠡ ᠪᠠᠷ ᠬᠦᠴᠦᠨ ᠦᠭᠡᠢ ᠪᠣᠯᠭᠠᠵᠤ᠂ ᠪᠢᠳᠡᠭᠦᠮᠵᠢᠯᠡᠬᠦ ᠶᠢ ᠪᠦᠷᠢᠯᠳᠦᠭᠦᠯᠦᠨ᠂ ᠨᠠᠮ ᠤᠨ ᠳᠣᠲᠣᠭᠠᠳᠤ ᠶᠢᠨ ᠬᠢᠨᠠᠯᠲᠠ ᠪᠠ ᠠᠷᠠᠳ ᠤᠯᠠᠨ ᠤ ᠬᠢᠨᠠᠯᠲᠠ ᠶᠢ | ᠤᠶᠠᠯᠳᠤᠭᠤᠯᠬᠤ ᠶᠢ ᠪᠠᠷᠢᠮᠲᠠᠯᠠᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠤᠯᠠᠨ ᠲᠦᠮᠡᠨ ᠤ ᠬᠢᠨᠠᠯᠲᠠ ᠶᠢᠨ ᠠᠷᠭ᠎ᠠ ᠵᠠᠮ ᠢ ᠰᠠᠭᠠᠳ ᠦᠭᠡᠢ | ᠨᠠᠪᠲᠠᠷᠡᠭᠦᠯᠵᠦ᠂ ᠤᠯᠠᠨ ᠲᠦᠮᠡᠨ ᠤ ᠬᠦᠰᠡᠵᠦ ᠪᠠᠶᠢᠭ᠎ᠠ ᠵᠦᠢᠯ ᠢ ᠦᠨᠡᠨ ᠬᠦ ᠣᠶᠢᠯᠠᠭᠠᠵᠤ᠂ ᠠᠰᠠᠭᠤᠳᠠᠯ ᠤᠨ ᠴᠤᠬᠤᠶᠢᠯᠲᠠ ᠪᠠ ᠲᠠᠯᠳᠠ ᠭᠡᠮ ᠢ ᠤᠨᠤᠪᠴᠢᠳᠠᠢ | ᠢᠯᠡᠷᠡᠭᠦᠯᠵᠦ᠂ ᠰᠤᠷᠲᠠᠯ ᠤᠨ ᠪᠠᠶᠢᠭᠤᠯᠤᠯᠲᠠ ᠶᠢᠨ ᠪᠠᠶᠢᠡᠭᠭᠤᠵᠢᠭᠰᠠᠨ ᠤᠷᠳᠤ ᠬᠤᠭᠤᠴᠠᠭᠠᠨ ᠤ ᠪᠦᠲᠦᠮᠵᠢᠲᠡᠢ ᠪᠠᠶᠢᠬᠤ ᠶᠢ ᠲᠦᠯᠬᠢᠨ ᠠᠬᠢᠭᠤᠯᠬᠤ ᠬᠡᠷᠡᠭᠲᠡᠢ ᠭᠡᠵᠦ | ᠱᠠᠭᠠᠷᠳᠠᠪᠠ᠃ | ᠰᠤᠷᠤᠯᠴᠠᠯᠭ᠎ᠠ ᠶᠢᠨ ᠬᠤᠷᠠᠯ ᠠᠴᠠ ᠪᠠᠰᠠ ᠰᠢ ᠶᠢᠨ ᠫᠢᠩ ᠶᠡᠷᠦᠩᠬᠡᠢ ᠱᠦᠵᠢ ᠶᠢᠨ ᠲᠥᠪ ᠤᠨ ᠤᠯᠤᠰ ᠲᠦᠷᠦ ᠶᠢᠨ ᠲᠣᠪᠴᠢᠶᠠᠨ ᠤ ᠬᠤᠷᠠᠯ ᠢ ᠡᠷᠬᠢᠯᠡᠨ | ᠬᠤᠷᠠᠯᠳᠤᠭᠤᠯᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠬᠢᠷᠠᠭᠤᠯᠤᠨ᠂ ᠨᠢᠭᠡᠳᠦᠮᠡᠯ ᠹᠷᠣᠨᠲ ᠤᠨ ᠠᠵᠢᠯ᠂ ᠠᠯᠪᠠᠳᠠᠨ ᠤ ᠡᠩᠨᠡᠭᠡᠨ ᠤ | ᠪᠠᠶᠢᠭᠤᠯᠤᠯᠲᠠ ᠪᠣᠯᠣᠨ ᠨᠡᠶᠢᠭᠡᠮ ᠤᠨ ᠢᠲᠡᠭᠡᠮᠵᠢ ᠵᠡᠷᠭᠡ ᠲᠠᠯ᠎ᠠ ᠶᠢᠨ ᠰᠤᠷᠤᠯᠴᠠᠯᠭ᠎ᠠ ᠶᠢᠨ ᠠᠭᠤᠯᠭ᠎ᠠ ᠶᠢ ᠨᠠᠶᠢᠳᠠᠪᠤᠷᠢᠵᠢᠭᠤᠯᠵᠠᠢ᠃ | | | |