| ᠰᠢᠨ᠎ᠡ ᠴᠠᠭ ᠦᠶ᠎ᠡ ᠶᠢᠨ ᠤᠷᠤᠭ ᠬᠤᠷᠢᠮ ᠤᠨ ᠰᠢᠨ᠎ᠡ ᠬᠡᠪ ᠰᠤᠷᠲᠠᠯ ᠢ ᠢᠳᠡᠪᠬᠢᠲᠡᠢ ᠤᠷᠢᠶᠠᠯᠠᠨ᠂ ᠬᠤᠷᠢᠮ ᠤᠨ ᠵᠠᠩ ᠳᠠᠳᠬᠠᠯ ᠤᠨ ᠥᠭᠡᠷᠡᠴᠢᠯᠡᠯᠲᠡ ᠪᠠ | ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠭᠦᠨᠵᠡᠭᠡᠢ ᠠᠭᠤᠰᠤᠯᠴᠠᠯ ᠢ ᠠᠬᠢᠭᠤᠯᠬᠤ ᠶᠢᠨ ᠲᠥᠯᠥᠭᠡ᠂ 5 ᠰᠠᠷ᠎ᠠ ᠶᠢᠨ 20 ᠤ ᠡᠳᠦᠷ᠂ ᠬᠤᠰᠢᠭᠤ ᠨᠠᠮ ᠤᠨ | ᠬᠤᠷᠢᠶᠠᠨ ᠤ ᠤᠬᠠᠭᠤᠯᠬᠤ ᠬᠡᠯᠲᠡᠰ᠂ ᠬᠤᠰᠢᠭᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ᠂ ᠬᠤᠰᠢᠭᠤᠨ ᠤ ᠠᠷᠠᠳ ᠤᠨ ᠶᠠᠪᠤᠳᠠᠯ᠂ ᠡᠮᠡᠭᠲᠡᠶᠢᠴᠦᠳ ᠤᠨ | ᠬᠤᠯᠪᠣᠭᠠᠲᠤ ᠬᠤᠷᠠᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠬᠠᠮᠲᠤᠷᠠᠨ ︽ᠰᠢᠨ᠎ᠡ ᠬᠤᠷᠢᠮ ᠤᠨ ᠪᠤᠶᠠᠨ ᠬᠤᠷᠠᠵᠤ ᠬᠠᠶᠢᠷ᠎ᠠ ᠶᠢᠨ ᠲᠥᠯᠥᠭᠡ ᠪᠤᠶᠠᠨ ᠦᠢᠯᠡᠳᠬᠦ︾ | ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠥᠷᠨᠢᠭᠦᠯᠵᠦ᠂ ᠤᠳᠠᠯ ᠦᠭᠡᠢ ᠬᠤᠷᠢᠮᠯᠠᠬᠤ ᠭᠡᠵᠦ ᠪᠠᠶᠢᠭ᠎ᠠ ᠰᠢᠨ᠎ᠡ ᠬᠥᠮᠥᠰ ᠤᠨ ᠵᠠᠩ ᠳᠠᠳᠬᠠᠯ ᠢ ᠥᠭᠡᠷᠡᠴᠢᠯᠡᠬᠦ | ᠣᠶᠢᠯᠠᠭᠠᠭᠳᠠᠬᠤᠨ ᠢ ᠢᠳᠡᠪᠬᠢᠲᠡᠢ ᠦᠢᠯᠡᠳᠦᠯᠭᠡᠵᠢᠭᠦᠯᠵᠦ᠂ ᠪᠤᠶᠠᠨ ᠦᠢᠯᠡᠳᠬᠦ ᠪᠠᠷ ᠪᠦᠷᠢᠯᠭᠡᠬᠦ ᠶᠢ ᠣᠷᠣᠯᠠᠭᠤᠯᠵᠤ᠂ ᠠᠷᠪᠢᠯᠠᠭᠰᠠᠨ ᠬᠤᠷᠢᠮ ᠤᠨ ᠵᠠᠷᠤᠳᠠᠯ ᠢᠶᠠᠨ | ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠬᠡᠷᠡᠭᠯᠡᠬᠦ ᠶᠢ ᠤᠷᠢᠶᠠᠯᠠᠪᠠ᠃ | ︽ᠰᠢᠨ᠎ᠡ ᠬᠤᠷᠢᠮ ᠤᠨ ᠪᠤᠶᠠᠨ ᠬᠤᠷᠠᠵᠤ ᠬᠠᠶᠢᠷ᠎ᠠ ᠶᠢᠨ ᠲᠥᠯᠥᠭᠡ ᠪᠤᠶᠠᠨ ᠦᠢᠯᠡᠳᠬᠦ︾ ᠭᠡᠬᠦ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠨᠢ ᠰᠢᠨ᠎ᠡ | ᠬᠥᠮᠥᠨ ᠨᠢᠭᠡᠪᠦᠷᠢ ᠶᠢᠨ ᠬᠤᠷᠢᠮ ᠤᠨ ᠶᠣᠰᠣᠯᠠᠯ ᠤᠨ ᠵᠦᠢᠯ ᠳᠤ ᠴᠢᠬᠤᠯᠠ ᠪᠤᠰᠤ ᠵᠠᠷᠤᠳᠠᠯ ᠢ ᠳᠥᠭᠦᠮᠴᠢᠯᠡᠬᠦ ᠶᠢ ᠵᠣᠷᠢᠭᠵᠢᠭᠤᠯᠵᠠᠢ᠂ ᠵᠢᠱᠢᠶᠡᠯᠡᠪᠡᠯ ᠬᠤᠷᠢᠮ ᠤᠨ | ᠶᠠᠪᠤᠴᠠ ᠶᠢ ᠪᠠᠭᠠᠰᠬᠠᠬᠤ᠂ ᠲᠠᠯᠠᠪᠤᠷ ᠭᠠᠵᠠᠷ ᠤᠨ ᠪᠠᠶᠢᠷᠢᠯᠠᠭᠤᠯᠤᠯᠲᠠ ᠶᠢ ᠳᠥᠭᠦᠮᠴᠢᠯᠡᠬᠦ ᠵᠡᠷᠭᠡ ᠪᠠᠷ ᠠᠷᠪᠢᠯᠠᠵᠤ ᠭᠠᠷᠭᠠᠭᠰᠠᠨ ᠵᠠᠷᠤᠳᠠᠯ ᠢᠶᠠᠷ ᠢᠶᠠᠨ ᠬᠦᠴᠢᠷᠳᠡᠯ ᠳᠤ | ᠲᠤᠯᠭᠠᠷᠠᠭᠰᠠᠨ ᠭᠡᠷ ᠪᠦᠯᠢ ᠳᠤ ᠰᠢᠨ᠎ᠡ ᠬᠦᠰᠡᠯ ᠢ ᠠᠪᠴᠢᠷᠠᠵᠤ ᠥᠭᠭᠦᠨ᠎ᠡ᠃ ᠣᠷᠣᠯᠴᠠᠬᠤ ᠠᠷᠭ᠎ᠠ ᠬᠡᠯᠪᠡᠷᠢ ᠨᠢ ᠴᠦ ᠮᠠᠰᠢ ᠲᠥᠬᠦᠮ ᠪᠠᠶᠢᠳᠠᠭ᠂ ᠰᠢᠨ᠎ᠡ ᠬᠥᠮᠥᠰ | ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠣᠷᠤᠭ ᠤᠨ ᠪᠦᠷᠢᠳᠬᠡᠯ ᠤᠨ ᠭᠠᠵᠠᠷ ᠤᠨ ᠣᠷᠤᠭ ᠤᠨ ᠪᠦᠷᠢᠳᠬᠡᠯ ᠤᠨ ᠲᠤᠬᠠᠢ ᠶᠢᠨ ᠡᠳᠦᠷ ᠲᠤ | ᠬᠢᠯᠪᠠᠷᠴᠢᠯᠠᠭᠰᠠᠨ ᠬᠤᠷᠢᠮ ᠤᠨ ᠲᠥᠷᠥᠯ ᠵᠦᠢᠯ ᠢ ᠰᠣᠩᠭᠤᠵᠤ᠂ ᠠᠵᠢᠯᠯᠠᠭ᠎ᠠ ᠳᠤ ᠣᠷᠣᠯᠴᠠᠬᠤ ᠰᠠᠨᠠᠭ᠎ᠠ ᠪᠠᠨ ᠲᠤᠬᠠᠢ ᠶᠢᠨ ᠲᠠᠯᠠᠪᠤᠷ ᠲᠤ ᠲᠡᠮᠳᠡᠭᠯᠡᠭᠦᠯᠬᠦ ᠶᠢᠨ | ᠬᠠᠮᠲᠤ ᠲᠤᠰᠠᠯᠠᠮᠵᠢ ᠭᠥᠷᠳᠡᠬᠦ ᠡᠲᠡᠭᠡᠳ ᠢᠶᠠᠨ ᠰᠠᠶᠢᠨ ᠳᠤᠷ᠎ᠠ ᠠᠴᠠ ᠪᠠᠨ ᠰᠣᠩᠭᠤᠵᠤ᠂ ᠲᠤᠬᠠᠢ ᠶᠢᠨ ᠲᠠᠯᠠᠪᠤᠷ ᠲᠤ ᠨᠡᠶᠢᠲᠡ ᠶᠢᠨ ᠠᠰᠠᠷᠠᠮᠵᠢ ᠶᠢᠨ ᠰᠣᠷᠪᠤᠯᠵᠢᠯᠠᠭ᠎ᠠ | ᠬᠢᠬᠦ ᠪᠤᠶᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠵᠣᠭᠤᠰ ᠬᠠᠨᠳᠢᠪᠯᠡᠬᠤ ᠵᠡᠷᠭᠡ ᠬᠡᠯᠪᠡᠷᠢ ᠪᠠᠷ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢᠨ ᠤᠳᠬ᠎ᠠ | ᠠᠭᠤᠯᠭ᠎ᠠ ᠶᠢ ᠪᠡᠶ᠎ᠡ ᠪᠠᠷ ᠢᠶᠠᠨ ᠣᠶᠢᠯᠠᠭᠠᠵᠤ ᠪᠣᠯᠣᠨ᠎ᠠ᠃ | ᠡᠨᠡᠬᠦ ᠠᠵᠢᠯᠯᠠᠭ᠎ᠠ ᠶᠢ ᠪᠥᠬᠦ ᠬᠤᠰᠢᠭᠤᠨ ᠳᠤ ᠪᠠᠶᠢᠩᠭᠤᠵᠢᠭᠤᠯᠤᠨ ᠶᠠᠪᠤᠭᠳᠠᠭᠤᠯᠵᠤ᠂ ᠨᠠᠩ ᠣᠯᠠᠨ ᠰᠢᠨ᠎ᠡ ᠬᠥᠮᠥᠨ ᠤ ᠨᠡᠶᠢᠲᠡ ᠶᠢᠨ ᠠᠰᠠᠷᠠᠮᠵᠢ ᠶᠢᠨ | ᠠᠵᠢᠯᠯᠠᠭ᠎ᠠ ᠳᠤ ᠣᠷᠣᠯᠴᠠᠬᠤ ᠶᠢ ᠵᠣᠷᠢᠭᠵᠢᠭᠤᠯᠬᠤ ᠶᠢᠨ ᠲᠥᠯᠥᠭᠡ᠂ ᠠᠵᠢᠯᠯᠠᠭ᠎ᠠ ᠳᠤ ᠣᠨᠴᠠᠭᠠᠶ ᠬᠠᠷᠢᠭᠤ ᠥᠭᠬᠦ ᠪᠠᠶᠢᠭᠤᠯᠤᠮᠵᠢ ᠶᠢ ᠪᠠᠶᠢᠭᠤᠯᠵᠤ᠂ ᠪᠤᠶᠠᠨ | ᠦᠢᠯᠡᠳᠬᠦ ᠰᠢᠨ᠎ᠡ ᠬᠥᠮᠥᠨ ᠤᠷᠢᠶᠠᠯᠠᠭᠰᠠᠨ ᠨᠢᠭᠡᠴᠡ ᠶᠢᠨ ᠬᠠᠮᠲᠤ ᠪᠠᠷ ᠣᠯᠭᠤᠭᠰᠠᠨ ︽ᠬᠠᠶᠢᠷ᠎ᠠ ᠶᠢᠨ ᠦᠨᠡᠮᠯᠡᠯ︾ ᠢ ᠭᠥᠷᠳᠡᠵᠦ᠂ ᠣᠷᠤᠭ ᠤᠨ ᠦᠨᠡᠮᠯᠡᠯ ᠪᠠ | ᠬᠠᠶᠢᠷ᠎ᠠ ᠶᠢᠨ ᠦᠨᠡᠮᠯᠡᠯ ᠤᠨ ᠬᠤᠣᠰ ᠦᠨᠡᠮᠯᠡᠯ ᠨᠢ ᠵᠣᠯ ᠵᠢᠷᠭᠠᠯ ᠢ ᠳᠠᠬᠢᠨ ᠢᠶᠠᠷ ᠨᠡᠮᠡᠭᠳᠡᠭᠦᠯᠦᠨ᠎ᠡ᠂ ᠬᠤᠷᠢᠮᠯᠠᠭᠰᠠᠨ ᠨᠢᠭᠡ ᠵᠢᠯ ᠤᠨ ᠣᠶ ᠶᠢᠨ ᠳᠤᠷᠠᠰᠬᠠᠯ ᠤᠨ | ᠡᠳᠦᠷ ᠲᠤ ᠰᠢᠨ᠎ᠡ ᠬᠥᠮᠥᠨ ᠪᠠᠰᠠ ᠲᠤᠰᠠᠯᠠᠮᠵᠢ ᠬᠦᠷᠲᠡᠭᠰᠡᠳ ᠤᠨ ᠲᠠᠯᠠᠷᠬᠠᠯ ᠤᠨ ᠵᠠᠬᠢᠶ᠎ᠠ ᠶᠢ ᠣᠯᠬᠤ ᠪᠣᠯᠣᠨ᠎ᠠ᠃ |