| | ᠲᠥᠪ ᠤᠨ ᠨᠠᠢᠮᠠᠨ ᠲᠣᠭᠲᠠᠭᠠᠯ ᠤᠨ ᠵᠤᠷᠪᠤᠰ ᠨᠢᠭᠡᠪᠦᠷᠢ ᠨᠢ ᠴᠥᠮ ᠪᠣᠳᠠᠲᠠᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠳᠤ ᠨᠠᠷᠢᠨ ᠵᠦᠢᠯᠡᠰ ᠠᠴᠠ ᠭᠠᠷᠳᠠᠵᠤ᠂ ᠡᠳᠦᠷ ᠳᠤᠳᠤᠮ ᠤᠨ ᠳᠤᠮᠳᠠ | ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠲᠡᠢ᠃ ᠡᠷᠲᠡ ᠠᠴᠠ ᠠᠳᠬᠤᠵᠤ ᠪᠠᠭ᠎ᠠ ᠳᠡᠭᠡᠷ᠎ᠡ ᠨᠢ ᠠᠳᠬᠤᠬᠤ᠂ ᠪᠠᠭ᠎ᠠ ᠳᠡᠭᠡᠷ᠎ᠡ ᠨᠢ ᠰᠡᠷᠭᠡᠶᠢᠯᠡᠬᠦ ᠶᠢ ᠪᠠᠷᠢᠮᠲᠠᠯᠠᠵᠤ᠂ | ᠺᠠᠳ᠋ᠷ ᠤᠨ ᠪᠡᠶ᠎ᠡ ᠳᠡᠭᠡᠷ᠎ᠡ ᠴᠤᠬᠤᠶᠢᠯᠲᠠ ᠶᠢᠨ ᠴᠢᠨᠠᠷᠲᠠᠢ ᠬᠡᠯᠪᠡᠷᠢᠯ ᠤᠨ ᠴᠢᠨᠠᠷᠲᠠᠢ ᠠᠰᠠᠭᠤᠳᠠᠯ ᠢᠯᠡᠷᠡᠪᠡᠯ ᠴᠠᠭ ᠲᠤᠬᠠᠢ ᠳᠤᠨᠢ ᠴᠢᠷᠠᠢ ᠶᠢ ᠨᠢ ᠤᠯᠠᠶᠢᠯᠭᠠᠨ ᠪᠤᠷᠤᠭᠤ | ᠶᠢ ᠨᠢ ᠲᠠᠨᠢᠭᠤᠯᠵᠤ᠂ ᠰᠠᠨᠠᠭᠤᠯᠤᠨ ᠬᠠᠪᠰᠤᠷᠴᠤ᠂ ᠪᠠᠭ᠎ᠠ ᠠᠰᠠᠭᠤᠳᠠᠯ ᠨᠢ ᠶᠡᠭᠡ ᠠᠰᠠᠭᠤᠳᠠᠯ ᠪᠣᠯᠵᠤ᠂ ᠪᠠᠭ᠎ᠠ ᠠᠯᠳᠠᠭ᠎ᠠ ᠠᠴᠠ ᠶᠡᠭᠡ ᠤᠷᠰᠢᠭ ᠲᠠᠲᠠᠬᠤ ᠶᠢ | ᠰᠡᠷᠭᠡᠶᠢᠯᠡᠬᠦ ᠳᠤ ᠠᠰᠢᠭᠲᠠᠢ ᠶᠤᠮ᠃ | ᠰᠢᠨ᠎ᠡ ᠴᠠᠭ ᠦᠶ᠎ᠡ ᠳᠤ ᠣᠷᠣᠭᠰᠠᠨ ᠠᠴᠠ ᠨᠠᠭᠠᠰᠢ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠪᠠᠭ᠎ᠠ ᠶᠠᠪᠤᠳᠠᠯ ᠠᠴᠠ ᠭᠠᠷᠳᠠᠵᠤ᠂ ᠭᠡᠮ | ᠰᠣᠭᠤᠭ ᠢ ᠨᠢᠭᠡᠳ ᠨᠢᠭᠡ ᠪᠠᠷ ᠵᠠᠯᠠᠷᠠᠭᠤᠯᠬᠤ᠂ ᠠᠰᠠᠭᠤᠳᠠᠯ ᠢ ᠨᠢᠭᠡᠳ ᠨᠢᠭᠡ ᠪᠠᠷ ᠰᠢᠪᠲᠤᠯᠬᠤ ᠶᠢ ᠪᠠᠷᠢᠮᠲᠠᠯᠠᠵᠤ᠂ ︽ᠰᠤᠷᠲᠠᠯ ᠢ ᠪᠠᠶᠢᠴᠠᠭᠠᠨ ᠰᠢᠢᠳᠪᠦᠷᠢᠯᠡᠬᠦ ᠪᠠᠷ | ᠳᠠᠮᠵᠢᠭᠤᠯᠤᠨ ᠢᠯᠵᠢᠷᠡᠯ ᠢ ᠪᠠᠶᠢᠴᠠᠭᠠᠬᠤ︾ ᠪᠥᠭᠡᠳ ᠪᠠᠰᠠ ︽ᠢᠯᠵᠢᠷᠡᠯ ᠢ ᠪᠠᠶᠢᠴᠠᠭᠠᠨ ᠰᠢᠢᠳᠪᠦᠷᠢᠯᠡᠬᠦ ᠳᠡᠭᠡᠨ ᠲᠥᠪ ᠪᠤᠰᠤ ᠰᠤᠷᠲᠠᠯ ᠢ ᠵᠠᠯᠠᠷᠠᠭᠤᠯᠬᠤ︾ ᠶᠢ | ᠪᠠᠷᠢᠮᠲᠠᠯᠠᠵᠤ᠂ ᠤᠳᠠᠭᠠᠨ ᠳᠠᠭᠠᠭᠠᠮᠠᠭᠠᠢ ᠪᠠᠷᠢᠮᠲᠠᠯᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠬᠥᠮᠥᠰ ᠤᠨ ᠰᠡᠳᠬᠢᠯ ᠳᠤ ᠭᠦᠨ ᠬᠠᠳᠠᠩᠰᠢᠭᠤᠯᠪᠠ | ᠃ ᠵᠠᠷᠢᠮ ᠪᠤᠷᠤᠭᠤ ᠲᠠᠨᠢᠯᠲᠠ ᠮᠥᠨ ᠣᠷᠣᠰᠢᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠵᠥᠷᠢᠴᠡᠭᠰᠡᠨ ᠦᠶ᠋ᠯᠡ ᠠᠵᠢᠯᠯᠠᠭ᠎ᠠ ᠶᠢ ᠵᠠᠯᠠᠷᠠᠭᠤᠯᠤᠨ | ᠵᠠᠰᠠᠬᠤ ᠳᠤ ᠮᠥᠨ ᠬᠦ ᠪᠠᠯᠠᠷᠬᠠᠢ ᠲᠠᠨᠢᠯᠲᠠ ᠪᠠᠨ ᠤᠯᠠᠮ ᠨᠢᠭᠡ ᠠᠯᠬᠤᠮ ᠲᠣᠳᠣᠷᠬᠠᠶᠢᠯᠠᠬᠤ ᠴᠢᠬᠤᠯᠠᠲᠠᠢ ᠪᠠᠶᠢᠬᠤ ᠶᠢ ᠣᠯᠵᠤ ᠬᠠᠷᠠᠬᠤ ᠬᠡᠷᠡᠭᠲᠡᠢ᠃ ᠵᠢᠱᠢᠶᠡᠯᠡᠪᠡᠯ᠂ | ᠵᠠᠷᠢᠮ ᠨᠢ ᠨᠢᠭᠡ ᠨᠤᠲᠤᠭ ᠤᠨ ᠬᠢᠨ᠂ ᠬᠠᠮᠲᠤ ᠰᠤᠷᠤᠬᠴᠢ᠂ ᠬᠠᠮᠲᠤ ᠠᠵᠢᠯᠯᠠᠭᠴᠢ᠂ ᠠᠵᠢᠯ ᠨᠢᠭᠡᠲᠡᠨ ᠲᠠᠢ ᠪᠠᠨ ᠠᠷᠢᠬᠢ ᠤᠤᠭᠤᠬᠤ ᠪᠣᠯ ᠬᠥᠮᠥᠨ ᠪᠠᠶᠢᠬᠤ ᠶᠢᠨ | ᠶᠣᠰᠣ ᠵᠦᠢ ᠮᠥᠨ ᠭᠡᠵᠦ ᠦᠵᠡᠭᠡᠳ᠂ ᠡᠴᠦᠰ ᠲᠡᠭᠡᠨ ᠨᠢᠭᠤᠷ ᠲᠠᠯ᠎ᠠ ᠶᠢ ᠪᠤᠳᠤᠵᠤ ᠪᠤᠰᠤᠳ ᠲᠤ ᠶᠠᠪᠤᠳᠠᠯ ᠰᠢᠢᠳᠪᠦᠷᠢᠯᠡᠵᠦ ᠦᠭᠳᠡᠭ ; ᠵᠠᠷᠢᠮ ᠨᠢ ᠪᠠᠶᠢᠳᠠᠯ ᠤᠨ | ᠲᠤᠬᠠᠢ ᠰᠣᠬᠤᠷ ᠪᠠᠯᠠᠢ ᠪᠠᠷ ᠪᠠᠶᠠᠷᠯᠠᠵᠤ᠂ ᠰᠤᠷᠲᠠᠯ ᠤᠨ ᠪᠠᠶᠢᠭᠤᠯᠤᠯᠲᠠ ᠶᠢ ᠡᠷᠴᠢ ᠪᠠᠨ ᠰᠤᠯᠠᠷᠠᠭᠤᠯᠵᠤ᠂ ᠠᠮᠠᠷᠠᠵᠤ ᠰᠠᠭᠤᠵᠤ ᠪᠣᠯᠣᠨ᠎ᠠ ᠭᠡᠵᠦ ᠦᠵᠡᠳᠡᠭ᠃ | ᠦᠨᠡᠨ ᠳᠡᠭᠡᠨ᠂ ᠨᠢᠭᠡ ᠬᠥᠮᠥᠨ ᠤ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠰᠤᠯᠠᠷᠠᠬᠤ᠂ ᠠᠷᠢᠭᠤᠨ ᠴᠢᠬᠡᠴᠢ ᠶᠢᠨ ᠬᠤᠷᠢᠭ᠎ᠠ ᠱᠤᠭᠤᠮ | ᠠᠯᠳᠠᠭᠳᠠᠬᠤ ᠨᠢ ᠶᠡᠷᠦ ᠨᠢ ᠨᠠᠷᠢᠨ ᠵᠦᠢᠯᠡᠰ ᠪᠠ ᠪᠤᠷᠤᠭᠤ ᠲᠠᠨᠢᠯᠲᠠ ᠠᠴᠠ ᠡᠬᠢᠯᠡᠳᠡᠭ᠃ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠳᠤ ᠭᠠᠵᠢᠭᠤ | ᠪᠤᠷᠤᠭᠤ ᠶᠢ ᠤᠯᠠᠮ ᠨᠢᠭᠡ ᠠᠯᠬᠤᠮ ᠢᠯᠭᠠᠷᠠᠭᠤᠯᠵᠤ᠂ ᠬᠡᠪ ᠰᠤᠷᠲᠠᠯ ᠢ ᠵᠠᠰᠠᠨ ᠵᠠᠯᠠᠷᠠᠭᠤᠯᠵᠤ᠂ ᠪᠠᠭ᠎ᠠ ᠳᠡᠭᠡᠷ᠎ᠡ ᠨᠢ ᠰᠡᠷᠭᠡᠶᠢᠯᠡᠵᠦ᠂ ᠰᠡᠷᠭᠡᠶᠢᠯᠡᠯᠲᠡ ᠶᠢᠨ ᠱᠤᠭᠤᠮ ᠢ | ᠪᠠᠲᠤ ᠴᠣᠭᠴᠠᠯᠠᠬᠤ ᠴᠢᠬᠤᠯᠠᠲᠠᠢ ᠶᠤᠮ᠃ | ᠵᠠᠷᠢᠮ ᠨᠠᠮ ᠤᠨ ᠭᠡᠰᠢᠭᠦᠨ ᠺᠠᠳ᠋ᠷᠴᠤᠳ ︽ᠰᠠᠬᠢᠯᠭ᠎ᠠ ᠪᠠᠲᠤ ᠶᠢ ᠡᠪᠳᠡᠬᠦ︾ ᠳᠡᠭᠡᠨ ᠣᠯᠠᠩᠬᠢ ᠳᠠᠭᠠᠨ ᠦᠵᠡᠯ ᠰᠠᠨᠠᠭᠠᠨ ᠤ ︽ᠰᠡᠷᠭᠡᠶᠢᠯᠡᠯᠲᠡ ᠶᠢ ᠡᠪᠳᠡᠬᠦ︾ | ᠠᠴᠠ ᠡᠬᠢᠯᠡᠳᠡᠭ᠃ ᠡᠷᠲᠡ ᠠᠴᠠ ᠠᠳᠬᠤᠵᠤ ᠪᠠᠭ᠎ᠠ ᠳᠡᠭᠡᠷ᠎ᠡ ᠨᠢ ᠠᠳᠬᠤᠵᠤ᠂ ᠪᠠᠭ᠎ᠠ ᠳᠡᠭᠡᠷ᠎ᠡ ᠨᠢ ᠰᠡᠷᠭᠡᠶᠢᠯᠡᠵᠦ᠂ ᠦᠨᠳᠦᠰᠦᠨ ᠵᠦᠢᠯ ᠢ ᠪᠠᠬᠢᠵᠢᠭᠦᠯᠬᠦ ᠳᠡᠭᠡᠷ᠎ᠡ | ᠬᠦᠴᠦ ᠲᠠᠯᠪᠢᠬᠤ ᠬᠡᠷᠡᠭᠲᠡᠢ᠃ ᠨᠠᠮ ᠤᠨ ᠭᠡᠰᠢᠭᠦᠨ ᠺᠠᠳ᠋ᠷᠴᠤᠳ ᠤᠨ ᠨᠠᠮᠴᠢ ᠴᠢᠨᠠᠷ ᠤᠨ ᠪᠣᠯᠪᠠᠰᠤᠷᠠᠯ᠂ ᠶᠣᠰᠣ ᠮᠣᠷᠠᠯ ᠤᠨ ᠲᠦᠪᠰᠢᠨ ᠨᠢ ᠨᠠᠮ ᠳᠤ ᠡᠯᠰᠡᠭᠳᠡᠭᠰᠡᠨ | ᠨᠠᠰᠤᠨ ᠤ ᠨᠡᠮᠡᠭᠳᠡᠬᠦ ᠪᠠ ᠲᠤᠰᠢᠶᠠᠯ ᠳᠡᠪᠰᠢᠬᠦ ᠶᠢᠨ ᠳᠠᠭᠠᠤ ᠠᠶᠠᠨᠳᠠᠭᠠᠨ ᠳᠡᠭᠡᠭᠰᠢᠯᠡᠬᠦ ᠪᠢᠰᠢ ᠶᠤᠮ᠃ ᠲᠤᠰᠢᠶᠠᠯ ᠤᠨ ᠪᠠᠶᠢᠷᠢ ᠤᠯᠠᠮ ᠥᠨᠳᠥᠷ᠂ ᠠᠵᠢᠯᠯᠠᠬᠤ ᠴᠠᠭ | ᠤᠯᠠᠮ ᠤᠷᠲᠤ ᠪᠣᠯ᠂ ᠰᠡᠳᠬᠢᠯ ᠢᠶᠠᠨ ᠲᠥᠪ ᠪᠣᠯᠭᠠᠨ ᠪᠡᠶ᠎ᠡ ᠪᠠᠨ ᠵᠠᠰᠠᠬᠤ ᠶᠢ ᠤᠯᠠᠮ ᠴᠢᠩᠭᠠᠳᠬᠠᠬᠤ ᠬᠡᠷᠡᠭᠲᠡᠢ᠃ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢᠨ ᠱᠠᠭᠠᠷᠳᠠᠯᠭ᠎ᠠ ᠲᠠᠢ ᠬᠠᠷᠢᠴᠠᠭᠤᠯᠵᠤ ᠦᠵᠡᠪᠡᠯ᠂ ᠦᠵᠡᠯ ᠰᠠᠨᠠᠭ᠎ᠠ ᠤᠯᠤᠰ ᠲᠦᠷᠦ ᠶᠢᠨ ᠲᠠᠯ᠎ᠠ ᠪᠠᠷ ᠦᠷᠭᠦᠯᠵᠢ ︽ᠪᠡᠶ᠎ᠡ ᠪᠠᠨ ᠭᠤᠷᠪᠠᠨᠲᠠ ᠬᠢᠨᠠᠵᠤ︾᠂ | ᠢᠮᠠᠭᠲᠠ ᠪᠢᠰᠢᠷᠡᠨ ᠵᠢᠷᠦᠬᠡᠰᠢᠶᠡᠬᠦ ᠰᠡᠳᠬᠢᠯᠭᠡ ᠲᠠᠢ᠂ ᠡᠩ ᠤᠨ ᠰᠡᠳᠬᠢᠯ ᠲᠠᠢ᠂ ᠰᠡᠳᠬᠢᠯ ᠳᠡᠭᠡᠨ ᠬᠠᠤᠯᠢ ᠰᠠᠬᠢᠯᠭ᠎ᠠ ᠲᠠᠢ᠂ ᠵᠣᠬᠢᠶᠠᠨ ᠪᠠᠶᠢᠭᠤᠯᠤᠯᠲᠠ ᠲᠠᠢ᠂ ᠠᠷᠠᠳ | ᠲᠦᠮᠡᠨ ᠲᠠᠢ ᠪᠠᠶᠢᠪᠠᠯ ᠰᠠᠶ᠋ᠢ ︽ᠵᠢᠵᠢᠭ ᠰᠠᠵᠢᠭ ᠤᠴᠢᠷ︾ ᠲᠤ ᠳᠦᠷᠢᠮᠵᠢᠯ ᠢᠶᠠᠨ ᠠᠯᠳᠠᠬᠤ ᠦᠭᠡᠢ᠂ ︽ᠶᠡᠭᠡ ᠶᠣᠰᠣᠨ︾ ᠳᠤ ᠬᠡᠯᠪᠠᠶᠢᠬᠦ ᠦᠭᠡᠢ ᠪᠠᠶᠢᠵᠤ | ᠴᠢᠳᠠᠨ᠎ᠠ᠃ | ᠪᠠᠭ᠎ᠠ ᠳᠡᠭᠡᠷ᠎ᠡ ᠨᠢ ᠴᠠᠭᠠᠵᠠᠯᠠᠬᠤ ᠳᠤ ᠭᠢᠯᠪᠠᠷ᠂ ᠶᠡᠭᠡ ᠠᠯᠳᠠᠭ᠎ᠠ ᠭᠠᠷᠭᠠᠭᠰᠠᠨ ᠤ ᠲᠠᠷᠠᠭ᠎ᠠ ᠠᠪᠤᠷᠠᠬᠤ ᠳᠤ ᠬᠦᠴᠢᠷ ᠶᠤᠮ᠃ ᠪᠠᠭ᠎ᠠ ᠳᠡᠭᠡᠷ᠎ᠡ ᠨᠢ ᠠᠳᠬᠤᠵᠤ᠂ | ᠪᠠᠭ᠎ᠠ ᠳᠡᠭᠡᠷ᠎ᠡ ᠨᠢ ᠰᠡᠷᠭᠡᠶᠢᠯᠡᠵᠦ᠂ ᠢᠮᠠᠭᠲᠠ ᠴᠢᠩᠭ᠎ᠠ ᠦᠨᠳᠦᠰᠦᠨ ᠭᠦᠭ ᠠᠶᠠᠰ᠂ ᠴᠢᠩᠭ᠎ᠠ ᠠᠷᠭ᠎ᠠ ᠬᠡᠮᠵᠢᠶ᠎ᠡ᠂ ᠴᠢᠩᠭ᠎ᠠ ᠠᠭᠤᠷ ᠠᠮᠢᠰᠬᠤᠯ ᠢ ᠪᠠᠷᠢᠮᠲᠠᠯᠠᠬᠤ | ᠬᠡᠷᠡᠭᠲᠡᠢ᠃ ᠴᠢᠩᠭ᠎ᠠ ᠬᠠᠮᠢᠶᠠᠷᠬᠤ ᠪᠣᠯ ᠳᠠᠷᠤᠢ ᠺᠠᠳ᠋ᠷᠴᠤᠳ ᠲᠤ ᠦᠨᠡᠨ ᠬᠦ ᠬᠠᠷᠢᠭᠤᠴᠠᠵᠤ ᠪᠠᠶᠢᠭ᠎ᠠ ᠶᠠᠪᠤᠳᠠᠯ ᠮᠥᠨ᠂ ᠵᠣᠷᠢᠭᠲᠠᠢ ᠪᠠᠷ ᠬᠠᠲᠠᠭᠤ ᠲᠠᠢ ᠨᠢ ᠬᠠᠯᠳᠠᠵᠤ᠂ | ᠶᠣᠰᠣ ᠳᠦᠷᠢᠮ ᠢ ᠲᠣᠳᠣᠷᠬᠠᠢ ᠪᠤᠯᠭᠠᠵᠤ᠂ ᠴᠢᠩᠭ᠎ᠠ ᠨᠠᠶᠢᠳᠠᠪᠤᠷᠢᠵᠢᠭᠤᠯᠵᠤ᠂ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠵᠦ᠂ ᠠᠯᠳᠠᠭ᠎ᠠ ᠪᠤᠷᠤᠭᠤ ᠪᠠᠨ | ᠵᠣᠷᠢᠭᠲᠠᠢ ᠵᠠᠯᠠᠷᠠᠭᠤᠯᠬᠤ ᠬᠡᠷᠡᠭᠲᠡᠢ᠃ ᠢᠯᠠᠩᠭᠤᠶ᠎ᠠ ᠵᠠᠯᠠᠭᠤ ᠺᠠᠳ᠋ᠷᠴᠤᠳ ᠢ ᠬᠥᠮᠥᠵᠢᠭᠦᠯᠦᠨ ᠵᠢᠯᠤᠭᠤᠳᠬᠤ ᠪᠠᠨ ᠴᠢᠩᠭᠠᠳᠬᠠᠵᠤ᠂ ᠲᠡᠳᠡᠨ ᠢ ᠺᠠᠳ᠋ᠷ ᠤᠨ ᠡᠩᠨᠡᠭᠡ ᠳᠤ | ᠣᠷᠣᠭᠰᠠᠨ ᠡᠳᠦᠷ ᠠᠴᠠ ᠪᠠᠨ ᠡᠬᠢᠯᠡᠨ ᠰᠠᠬᠢᠯᠭ᠎ᠠ ᠪᠠᠲᠤ ᠶᠢ ᠰᠠᠬᠢᠬᠤ᠂ ᠶᠣᠰᠣ ᠳᠦᠷᠢᠮ ᠢ ᠡᠷᠭᠢᠮᠯᠡᠭᠦ ᠶᠢᠨ ᠴᠢᠬᠤᠯᠠ ᠴᠢᠨᠠᠷ ᠪᠠ ᠲᠥᠪ ᠴᠢᠩᠭ᠎ᠠ ᠴᠢᠨᠠᠷ ᠢ ᠮᠡᠳᠡᠵᠦ᠂ | ᠬᠢᠵᠠᠭᠠᠷᠯᠠᠯ ᠲᠠᠢ ᠣᠷᠴᠢᠨ ᠨᠥᠬᠦᠴᠡᠯ ᠤᠨ ᠳᠣᠣᠷ᠎ᠠ ᠠᠵᠢᠯ ᠬᠢᠬᠦ ᠳᠠᠳᠬᠠᠯ ᠪᠠ ᠤᠬᠠᠮᠰᠠᠷ ᠲᠠᠢ ᠪᠤᠯᠭᠠᠬᠤ ᠬᠡᠷᠡᠭᠲᠡᠢ᠃ | ᠰᠠᠶᠢᠨ ᠰᠤᠷᠲᠠᠯ ᠤᠨ ᠪᠦᠷᠢᠯᠳᠦᠯ ᠨᠢ ᠣᠬᠤᠷᠬᠠᠨ ᠬᠤᠭᠤᠴᠠᠭᠠᠨ ᠤ ᠬᠢ ᠪᠤᠰᠤ ᠶᠤᠮ᠃ ᠪᠠᠶᠢᠩᠭᠤᠵᠢᠭᠤᠯᠤᠨ ᠠᠳᠬᠤᠵᠤ᠂ ᠵᠢᠵᠢᠭ ᠰᠠᠵᠢᠭ ᠶᠠᠪᠤᠳᠠᠯ ᠠᠴᠠ | ᠠᠳᠬᠤᠵᠤ᠂ ᠨᠠᠮᠴᠢ ᠴᠢᠨᠠᠷ ᠨᠠᠮ ᠤᠨ ᠰᠤᠷᠲᠠᠯ ᠨᠠᠮ ᠤᠨ ᠰᠠᠬᠢᠯᠭ᠎ᠠ ᠪᠠᠲᠤ ᠶᠢ ᠵᠡᠷᠭᠡ ᠪᠠᠷ ᠠᠳᠬᠤᠵᠤ᠂ ᠴᠥᠬᠦᠷᠡᠰᠢ ᠦᠭᠡᠢ ᠴᠢᠩᠭ᠎ᠠ ᠠᠳᠬᠤᠪᠠᠯ ᠰᠠᠶ᠋ᠢ ᠰᠤᠷᠲᠠᠯ ᠢ | ᠲᠠᠰᠤᠷᠠᠯᠲᠠ ᠦᠭᠡᠢ ᠬᠡᠪ ᠵᠠᠩᠰᠢᠯ ᠪᠤᠯᠭᠠᠵᠤ᠂ ᠴᠠᠭ ᠦᠶ᠎ᠡ ᠶᠢᠨ ᠰᠢᠨ᠎ᠡ ᠰᠤᠷᠲᠠᠯ ᠢ ᠨᠡᠩ ᠲᠡᠭᠦᠯᠳᠡᠷ ᠪᠤᠯᠭᠠᠵᠤ ᠴᠢᠳᠠᠨ᠎ᠠ᠃ | |