| | ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠳᠡᠳ᠋ ᠡᠷᠬᠢᠯᠡᠭᠴᠢ ᠴᠤᠯᠮᠤᠨ ᠪᠣᠯ ᠣᠯᠠᠨ ᠲᠦᠮᠡᠨ ᠤ ᠡᠷᠡᠭᠦᠯ ᠮᠡᠨᠳᠦ ᠶᠢ ᠰᠠᠬᠢᠨ | ᠬᠠᠮᠠᠭᠠᠯᠠᠬᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠬᠤᠰᠢᠭᠤᠴᠢ ᠮᠥᠷᠲᠡᠭᠡᠨ ᠪᠠᠰᠠ ᠡᠷᠡᠭᠦᠯ ᠮᠡᠨᠳᠦ ᠶᠢᠨ ᠮᠡᠳᠡᠯᠭᠡ ᠶᠢ ᠤᠯᠠᠮᠵᠢᠯᠠᠬᠤ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠡᠯᠴᠢ ᠮᠥᠨ᠃ ᠤᠯᠠᠨ ᠵᠢᠯ ᠤᠨ ᠲᠤᠷᠰᠢ᠂ ᠲᠡᠷᠡ ᠦᠨᠳᠦᠰᠦᠨ ᠱᠠᠲᠤᠨ ᠳᠤ ᠦᠨᠳᠦᠰᠦᠯᠡᠵᠦ᠂ ᠡᠭᠡᠯ ᠵᠢᠷ ᠤᠨ ᠠᠵᠢᠯ ᠤᠨ ᠪᠠᠶᠢᠷᠢ ᠳᠡᠭᠡᠷ᠎ᠡ ᠪᠠᠨ | ᠶᠡᠷᠦ ᠪᠤᠰᠤ ᠶᠢᠨ ᠠᠮᠵᠢᠯᠲᠠ ᠪᠦᠲᠦᠮᠵᠢ ᠭᠠᠷᠭᠠᠵᠤ᠂ ᠠᠷᠠᠳ ᠲᠦᠮᠡᠨ ᠤ ᠡᠷᠡᠭᠦᠯ ᠮᠡᠨᠳᠤ ᠳᠤ ᠦᠢᠯᠡᠴᠢᠯᠡᠬᠦ ᠤᠭ ᠰᠠᠨᠠᠭ᠎ᠠ ᠶᠢ ᠢᠮᠠᠭᠲᠠ ᠦᠢᠯᠡᠳᠦᠯᠭᠡᠵᠢᠭᠦᠯᠦᠭᠰᠡᠭᠡᠷ | ᠢᠷᠡᠵᠠᠢ᠃ | ︽ᠲᠤᠰᠬᠠᠢ ᠮᠡᠷᠭᠡᠵᠢᠯ ᠢᠶᠠᠷ ᠡᠷᠡᠭᠦᠯ ᠮᠡᠨᠳᠦ ᠶᠢ ᠰᠠᠬᠢᠨ ᠬᠠᠮᠠᠭᠠᠯᠠᠶ᠎ᠠ︾ ᠭᠡᠳᠡᠭ ᠪᠣᠯ ᠴᠤᠯᠮᠤᠨ ᠤ ᠦᠷᠭᠦᠯᠵᠢ ᠶᠠᠷᠢᠳᠠᠭ ᠦᠭᠡ᠂ ᠨᠡᠩ ᠴᠤ ᠲᠡᠭᠦᠨ ᠤ | ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠬᠦᠷᠢᠶᠡᠨ ᠳᠠᠬᠢ ᠠᠵᠢᠯ ᠤᠨ ᠭᠤᠣᠯᠳᠠᠯᠭ᠎ᠠ ᠨᠢ ᠪᠣᠯᠣᠨ᠎ᠠ᠂ ᠰᠣᠷᠪᠤᠯᠵᠢᠯᠠᠭ᠎ᠠ ᠶᠢᠨ ᠳᠤᠮᠳᠠ᠂ ᠰᠤᠷᠪᠤᠯᠵᠢᠯᠠᠭᠴᠢ | ᠲᠡᠭᠦᠨ ᠤ ᠠᠯᠪᠠᠨ ᠭᠡᠷ ᠲᠤ ᠣᠷᠣᠬᠤ ᠳᠤ᠂ ᠲᠡᠷᠡ ᠲᠤᠰᠬᠠᠢ ᠮᠡᠷᠭᠡᠵᠢᠯ ᠤᠨ ᠮᠡᠳᠡᠯᠭᠡ ᠪᠣᠯᠣᠨ ᠪᠣᠳᠠᠲᠤ ᠠᠵᠢᠯ ᠤᠨ ᠲᠤᠷᠰᠢᠯᠭ᠎ᠠ ᠶᠢ ᠭᠦᠨᠵᠡᠭᠡᠢ ᠠᠭᠤᠰᠬᠠᠨ | ᠤᠶᠠᠯᠳᠤᠭᠤᠯᠵᠤ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠪᠣᠯᠪᠠᠰᠤᠷᠠᠭᠤᠯᠤᠯ ᠪᠣᠯᠣᠨ ᠮᠡᠳᠡᠯᠭᠡ ᠶᠢᠨ ᠲᠦᠭᠡᠮᠡᠯᠵᠢᠭᠦᠯᠦᠯᠲᠡ ᠶᠢ ᠨᠠᠷᠢᠨ ᠨᠢᠮᠪᠠᠢ ᠪᠡᠯᠡᠳᠬᠡᠵᠦ | ᠪᠠᠶᠢᠪᠠ᠃ | ᠴᠤᠯᠮᠤᠨ ᠢᠮᠠᠭᠲᠠ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠬᠦᠨᠳᠦ ᠡᠭᠦᠷᠭᠡ ᠶᠢ ᠡᠭᠦᠷᠭᠡᠯᠡᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ᠂ | ᠨᠠᠰᠤᠲᠠᠶᠢᠴᠤᠳ ᠤᠨ ᠬᠠᠮᠲᠤᠯᠢᠭ᠂ ᠠᠵᠤ ᠠᠬᠤᠶᠢᠯᠠᠯ ᠤᠨ ᠠᠵᠢᠯᠲᠠᠨ᠂ ᠺᠠᠳ᠋ᠷ ᠠᠵᠢᠯᠲᠠᠨ᠂ ᠰᠠᠭᠤᠭᠠᠯᠢ ᠠᠷᠠᠳ ᠮᠠᠯᠴᠢᠳ ᠵᠡᠷᠭᠡ ᠠᠳᠠᠯᠢ ᠪᠤᠰᠤ ᠬᠥᠮᠥᠰ ᠲᠤ | ᠴᠢᠭᠯᠡᠭᠦᠯᠵᠦ᠂ ᠤᠯᠠᠨ ᠶᠠᠩᠵᠤ ᠬᠡᠯᠪᠡᠷᠢ ᠲᠠᠢ᠂ ᠤᠯᠠᠨ ᠲᠦᠮᠡᠨ ᠲᠠᠢ ᠣᠶᠢᠷᠠᠲᠤᠭᠰᠠᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠤᠨ ᠲᠠᠶᠢᠯᠪᠤᠷᠢᠯᠠᠬᠤ | ᠠᠵᠢᠯᠯᠠᠭ᠎ᠠ ᠶᠢ ᠤᠯᠠᠨ ᠤᠳᠠᠭ᠎ᠠ ᠥᠷᠨᠢᠭᠦᠯᠵᠦ᠂ ᠡᠪᠡᠳᠴᠢᠨ ᠡᠮᠭᠡᠭ ᠢ ᠰᠡᠷᠭᠡᠶᠢᠯᠡᠬᠦ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠵᠦ᠂ ᠤᠯᠠᠨ ᠲᠦᠮᠡᠨ ᠤ | ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠵᠡᠢ᠃ ᠡᠭᠦᠨ ᠤ ᠵᠡᠷᠭᠡᠪᠡᠷ ᠴᠤᠯᠮᠤᠨ ᠠᠵᠢᠯ ᠤᠨ ᠠᠷᠭ᠎ᠠ ᠪᠠᠨ ᠲᠠᠰᠤᠷᠠᠯᠲᠠ ᠦᠭᠡᠢ ᠰᠢᠨᠡᠴᠢᠯᠡᠵᠦ᠂ ᠣᠬᠤᠷ | ᠸᠢᠳᠢᠤ᠋ ᠰᠢᠩᠭᠡᠬᠡᠨ ᠤᠬᠠᠭᠤᠯᠬᠤ᠂ ᠰᠦᠷᠢᠶ᠎ᠡ ᠡᠪᠡᠳᠴᠢᠨ ᠢ ᠰᠡᠷᠭᠡᠶᠢᠯᠡᠨ ᠵᠠᠰᠠᠬᠤ ᠤᠬᠠᠭᠤᠯᠭ᠎ᠠ ᠶᠢᠨ ᠪᠢᠴᠢᠯ ᠺᠢᠨᠣ᠋ ᠶᠢ ᠰᠡᠭᠦᠳᠡᠷᠯᠡᠬᠦ᠂ ᠬᠠᠯᠳᠠᠪᠤᠷᠢᠲᠤ ᠡᠪᠡᠳᠴᠢᠨ ᠢ | ᠰᠡᠷᠭᠡᠶᠢᠯᠡᠬᠦ ᠮᠡᠳᠡᠯᠭᠡ ᠶᠢ ᠰᠢᠭᠤᠳ ᠨᠡᠪᠲᠡᠷᠡᠭᠦᠯᠬᠦ ᠲᠠᠶᠢᠯᠪᠤᠷᠢᠯᠠᠬᠤ ᠵᠡᠷᠭᠡ ᠤᠯᠠᠨ ᠵᠦᠢᠯ ᠤᠨ ᠬᠡᠯᠪᠡᠷᠢ ᠪᠠᠷ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠡᠷᠡᠭᠦᠯ | ᠮᠡᠨᠳᠦ ᠶᠢᠨ ᠤᠬᠠᠭᠤᠯᠭ᠎ᠠ ᠶᠢ ᠥᠷᠨᠢᠭᠦᠯᠵᠦ᠂ ᠡᠷᠡᠭᠦᠯ ᠮᠡᠨᠳᠦ ᠶᠢᠨ ᠮᠡᠳᠡᠯᠭᠡ ᠶᠢ ᠨᠡᠩ ᠠᠮᠢᠳᠤᠯᠢᠭ᠂ ᠨᠡᠩ ᠳᠥᠭᠦᠮ ᠳᠥᠲᠡ ᠠᠷᠭ᠎ᠠ ᠬᠡᠯᠪᠡᠷᠢ ᠪᠠᠷ ᠲᠦᠭ ᠲᠦᠮᠡᠨ | ᠠᠶᠢᠯ ᠡᠷᠦᠬᠡ ᠳᠤ ᠬᠦᠷᠭᠡᠵᠡᠢ᠃ ᠡᠭᠦᠨ ᠢᠶᠠᠷ ᠪᠠᠷᠠᠬᠤ ᠦᠭᠡᠢ᠂ ᠴᠤᠯᠮᠤᠨ ᠪᠠᠰᠠ ᠤᠷᠠᠯᠢᠭ ᠪᠠ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢ ᠤᠶᠠᠯᠳᠤᠭᠤᠯᠵᠤ᠂ | ᠠᠵᠢᠯᠳᠠᠳ ᠢᠶᠠᠨ ᠳᠠᠭᠠᠭᠤᠯᠤᠨ ︽ᠪᠢᠳᠡ ᠠᠮᠢ ᠨᠠᠰᠤ ᠪᠠᠨ ᠬᠠᠶᠢᠷᠠᠯᠠᠨ ᠬᠠᠯᠠᠮᠵᠢᠯᠠᠬᠤ ᠠᠵᠢᠯᠯᠠᠭ᠎ᠠ ᠳᠤ ᠤᠷᠤᠯᠴᠠᠶ᠎ᠠ︾ ︽ᠬᠠᠶᠢᠷ᠎ᠠ ᠶᠢᠨ ᠬᠠᠪᠤᠷ ᠤᠨ ᠰᠠᠯᠬᠢ︾ | ᠵᠡᠷᠭᠡ ᠨᠡᠶᠢᠲᠡ ᠶᠢᠨ ᠠᠰᠠᠷᠠᠮᠵᠢ ᠶᠢᠨ ᠲᠠᠭᠤᠥ ᠶᠢ ᠵᠣᠬᠢᠶᠠᠨ ᠪᠦᠲᠦᠭᠡᠵᠦ᠂ ᠠᠶᠢᠽ ᠡᠪᠡᠳᠴᠢᠨ ᠤ ᠨᠡᠶᠢᠲᠡ ᠶᠢᠨ ᠠᠰᠠᠷᠠᠮᠵᠢ ᠶᠢᠨ ᠦᠳᠡᠰᠢᠯᠡᠭᠡ ᠪᠠ ︽ᠠᠶᠢᠽ | ᠡᠪᠡᠳᠴᠢᠨ ᠢ ᠬᠠᠮᠲᠤ ᠪᠠᠷ ᠡᠰᠡᠷᠭᠦᠴᠡᠶ᠎ᠡ︾ ᠭᠡᠬᠦ ᠬᠠᠮᠢᠶ᠎ᠠ ᠪᠦᠬᠦᠢ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠠᠶᠢᠽ | ᠡᠪᠡᠳᠴᠢᠨ ᠢ ᠰᠡᠷᠭᠡᠶᠢᠯᠡᠨ ᠵᠠᠰᠠᠬᠤ ᠮᠡᠳᠡᠯᠭᠡ ᠶᠢ ᠬᠥᠮᠥᠰ ᠤᠨ ᠰᠡᠳᠬᠢᠯ ᠳᠤ ᠬᠠᠳᠠᠩᠰᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠤᠯᠠᠨ ᠲᠦᠮᠡᠨ ᠤ ᠡᠷᠡᠭᠦᠯ | ᠮᠡᠨᠳᠦ ᠶᠢ ᠰᠠᠬᠢᠨ ᠬᠠᠮᠠᠭᠠᠯᠠᠨ᠎ᠠ᠃ | ᠡᠳᠦᠷ ᠲᠤᠲᠤᠮ ᠤᠨ ᠠᠵᠢᠯ ᠤᠨ ᠳᠤᠮᠳᠠ᠂ ᠴᠤᠯᠮᠤᠨ ᠬᠠᠯᠳᠠᠪᠤᠷᠢᠲᠤ ᠡᠪᠡᠳᠴᠢᠨ ᠤ ᠬᠠᠯᠳᠠᠪᠤᠷᠢᠯᠠᠬᠤ ᠵᠢᠮ᠎ᠡ ᠶᠣᠰᠣ ᠶᠢ ᠭᠦᠨᠵᠡᠭᠡᠢ ᠰᠤᠳᠤᠯᠵᠤ᠂ ︽ | ᠴᠤᠯᠮᠤᠨ ᠬᠥᠳᠡᠯᠮᠦᠷᠢ ᠶᠢᠨ ᠵᠢᠱᠢᠶᠡᠴᠢ ᠶᠢᠨ ᠰᠢᠨ᠎ᠡ ᠶᠢ ᠡᠭᠦᠳᠬᠦ ᠠᠵᠢᠯ ᠤᠨ ᠲᠠᠰᠤᠭ︾ ᠢ ᠡᠭᠦᠳᠦᠨ ᠪᠠᠶᠢᠭᠤᠯᠵᠤ᠂ ᠠᠮᠢᠳᠠᠨ ᠤᠷᠭᠤᠮᠠᠯ ᠤᠨ ᠬᠡᠪ ᠵᠠᠭᠪᠤᠷ | ᠦᠢᠯᠡᠳᠬᠦ ᠪᠠᠷ ᠳᠠᠮᠵᠢᠨ ᠬᠠᠯᠳᠠᠪᠤᠷᠢᠲᠤ ᠡᠪᠡᠳᠴᠢᠨ ᠤ ᠬᠤᠭᠤᠷᠣᠨᠳᠣᠬᠢ ᠬᠠᠷᠢᠴᠠᠭ᠎ᠠ ᠵᠢᠴᠢ ᠳᠠᠮᠵᠢᠭᠤᠯᠭ᠎ᠠ ᠶᠢᠨ ᠬᠡᠯᠬᠢᠶ᠎ᠡ ᠶᠢ ᠰᠤᠳᠤᠯᠵᠤ᠂ ᠤᠯᠠᠨ ᠲᠦᠷᠦᠯ ᠤᠨ | ᠰᠢᠨᠵᠢᠯᠡᠬᠦ ᠤᠬᠠᠭᠠᠨ ᠤ ᠰᠤᠳᠤᠯᠭᠠᠨ ᠤ ᠲᠦᠷᠦᠯ ᠵᠦᠢᠯ ᠢ ᠢᠳᠡᠪᠬᠢᠲᠡᠢ ᠥᠷᠨᠢᠭᠦᠯᠪᠡ᠂ ᠲᠡᠷᠡ ᠲᠤᠰᠬᠠᠢ ᠮᠡᠷᠭᠡᠵᠢᠯ ᠤᠨ ᠬᠦᠷᠢᠶᠡᠨ ᠳᠠᠬᠢ ᠭᠦᠨ ᠭᠦᠨᠵᠡᠭᠡᠢ ᠪᠦᠲᠦᠮᠵᠢ | ᠪᠠ ᠰᠢᠨ᠎ᠡ ᠶᠢ ᠡᠭᠦᠳᠬᠦ ᠴᠢᠳᠠᠪᠤᠷᠢ ᠪᠠᠷ ᠢᠶᠠᠨ ᠨᠡᠩ ᠤᠯᠠᠨ ᠬᠥᠮᠥᠰ ᠤᠨ ᠠᠷᠠᠳ ᠲᠦᠮᠡᠨ ᠤ ᠡᠷᠡᠭᠦᠯ ᠮᠡᠨᠳᠤ ᠶᠢ ᠬᠠᠮᠠᠭᠠᠯᠠᠬᠤ ᠦᠢᠯᠡᠰ ᠲᠤ ᠣᠷᠣᠯᠴᠠᠬᠤ ᠶᠢ | ᠵᠣᠷᠢᠭᠵᠢᠭᠤᠯᠪᠠ᠃ | ᠰᠤᠷᠪᠤᠯᠵᠢᠯᠠᠭ᠎ᠠ᠄ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠳᠡᠳ᠋ ᠡᠷᠭᠢᠯᠡᠭᠴᠢ ᠴᠤᠯᠮᠤᠨ | ︵ᠠᠭᠤᠯᠭ᠎ᠠ᠄ ᠮᠢᠨᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠦᠢᠯᠡᠰ ᠲᠤ ᠵᠢᠳᠭᠦᠭᠰᠡᠨ ᠡᠨᠡ ᠠᠷᠪᠠ ᠭᠠᠷᠤᠢ ᠵᠢᠯ ᠤᠨ ᠳᠣᠲᠣᠷ᠎ᠠ᠂ ᠪᠢ ᠬᠠᠯᠳᠠᠪᠤᠷᠢᠲᠤ | ᠡᠪᠡᠳᠴᠢᠨ ᠢ ᠰᠡᠷᠭᠡᠶᠢᠯᠡᠨᠡᠵᠡᠮᠳᠡᠬᠦ ᠬᠦᠷᠢᠶᠡᠨ ᠳᠠᠬᠢ ᠵᠠᠷᠢᠮ ᠠᠵᠢᠯ ᠢ ᠬᠤᠪᠢᠳᠠᠨ ᠬᠠᠮᠢᠶᠠᠷᠤᠭᠰᠠᠭᠠᠷ ᠢᠷᠡᠭᠰᠡᠨ ᠶᠤᠮ᠂ ᠠᠵᠢᠯ ᠤᠨ ᠳᠤᠮᠳᠠ ᠪᠠᠨ ᠪᠢ ᠡᠯ᠎ᠡ ᠵᠦᠢᠯ ᠤᠨ | ᠬᠠᠯᠳᠠᠪᠤᠷᠢᠲᠤ ᠡᠪᠡᠳᠴᠢᠨ ᠤ ᠲᠤᠬᠠᠢ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢ ᠢᠮᠠᠭᠲᠠ ᠰᠤᠳᠤᠯᠵᠤ᠂ ᠤᠯᠠᠨ ᠶᠠᠩᠵᠤ ᠶᠢᠨ ᠤᠬᠠᠭᠤᠯᠭ᠎ᠠ ᠶᠢ | ᠬᠢᠵᠦ᠂ ᠰᠢᠨ᠎ᠡ ᠵᠠᠭᠤᠴᠢᠯᠠᠭᠤᠷ ᠵᠢᠴᠢ ᠤᠳᠦ ᠶᠢᠨ ᠬᠥᠮᠥᠰ ᠤᠨ ᠭᠠᠷ ᠤᠲᠠᠰᠤ ᠠᠴᠠ ᠰᠠᠯᠵᠤ ᠴᠢᠳᠠᠬᠤ ᠦᠬ᠋ᠡᠢ ᠣᠨᠴᠠᠯᠢᠭ ᠢ ᠭᠦᠢᠴᠡᠳ ᠠᠰᠢᠭᠯᠠᠨ᠂ | ᠤᠬᠠᠭᠤᠯᠭ᠎ᠠ ᠶᠢᠨ ᠪᠦᠲᠦᠭᠡᠭᠳᠡᠬᠦᠨ ᠬᠢᠵᠦ᠂ ᠥᠷᠭᠡᠨ ᠤᠯᠠᠨ ᠲᠦᠮᠡᠨ ᠳᠤ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠮᠡᠳᠡᠯᠭᠡ ᠶᠢ | ᠲᠦᠭᠡᠮᠡᠯᠵᠢᠭᠦᠯᠦᠭᠰᠡᠭᠡᠷ ᠢᠷᠡᠵᠡᠢ᠃︶ |