| ︵ᠠᠭᠤᠯᠭ᠎ᠠ ᠄ ᠮᠠᠨ ᠤ ᠴᠤᠯᠮᠤᠨ ᠡᠷᠬᠢᠯᠡᠭᠴᠢ ᠡᠩ ᠤᠨ ᠦᠶ᠎ᠡ ᠳᠤ ᠲᠡᠷᠡ ᠪᠣᠯ ᠰᠤᠷᠤᠯᠴᠠᠬᠤ ᠮᠠᠰᠢ ᠳᠤᠷᠠᠲᠠᠢ ᠤᠳᠤᠷᠢᠳᠤᠯᠭ᠎ᠠ ᠶᠤᠮ᠃ ᠲᠤᠰᠬᠠᠢ | ᠮᠡᠷᠭᠡᠵᠢᠯ ᠤᠨ ᠴᠢᠳᠠᠪᠤᠷᠢ ᠶᠢᠨ ᠲᠠᠯ᠎ᠠ ᠪᠠᠷ ᠲᠣᠪᠣᠶᠢᠮ᠎ᠠ ᠪᠠᠶᠢᠳᠠᠭ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠤᠨ ᠲᠠᠯ᠎ᠠ ᠪᠠ ᠦᠨᠳᠦᠷ | ᠲᠤᠬᠠᠶᠢᠯᠠᠭᠰᠠᠨ ᠠᠵᠢᠯ ᠤᠨ ᠬᠢᠷᠢ ᠬᠡᠮᠵᠢᠶ᠎ᠡ ᠲᠠᠢ᠂ ᠠᠵᠢᠯ ᠤᠨ ᠡᠭᠦᠷᠭᠡ ᠶᠢᠨ ᠲᠠᠯ᠎ᠠ ᠪᠠᠷ ᠲᠡᠷᠡ ᠬᠤᠪᠢ ᠬᠥᠮᠥᠨ ᠤ ᠪᠣᠳᠠᠲᠤ ᠪᠠᠶᠢᠳᠠᠯ ᠢᠶᠠᠨ ᠦᠨᠳᠦᠰᠦᠯᠡᠨ | ᠡᠭᠦᠷᠭᠡ ᠪᠠᠨ ᠬᠤᠪᠢᠶᠠᠷᠢᠯᠠᠵᠤ᠂ ᠡᠯ᠎ᠡ ᠵᠦᠢᠯ ᠤᠨ ᠬᠤᠪᠢᠶᠠᠷᠢᠯᠠᠯᠲᠠ ᠶᠢᠨ ᠡᠭᠦᠷᠭᠡ ᠪᠠᠨ ᠪᠢᠳᠡᠨ ᠮᠠᠰᠢ ᠰᠠᠶᠢᠨ ᠪᠡᠶᠡᠯᠡᠭᠦᠯᠦᠭᠰᠡᠨ ᠪᠠᠶᠢᠨ᠎ᠠ᠃ ᠲᠡᠷᠡ ᠪᠠᠰᠠ ᠨᠢᠭᠡᠨ | ᠰᠢᠨ᠎ᠡ ᠶᠢ ᠡᠭᠦᠳᠴᠦ ᠪᠣᠳᠠᠲᠠᠢ ᠪᠠᠷ ᠠᠵᠢᠯᠯᠠᠬᠤ ᠤᠳᠤᠷᠢᠳᠤᠯᠭ᠎ᠠ ᠪᠠᠶᠢᠵᠤ᠂ ᠠᠵᠢᠯ ᠤᠨ ᠳᠤᠮᠳᠠ ᠪᠠᠨ ᠲᠡᠭᠦᠨ ᠤ ᠣᠷᠣᠭᠤᠯᠤᠭᠰᠠᠨ ᠰᠢᠨ᠎ᠡ ᠵᠠᠭᠤᠴᠢᠯᠠᠭᠤᠷ᠂ ᠵᠢᠵᠢᠭ | ᠸᠢᠳᠢᠤ᠋ ᠵᠡᠷᠭᠡ ᠤᠬᠠᠭᠤᠯᠭ᠎ᠠ ᠶᠢᠨ ᠠᠷᠭ᠎ᠠ ᠮᠠᠶ᠋ᠢᠭ ᠨᠢ ᠮᠠᠨ ᠤ ᠬᠠᠯᠳᠠᠪᠤᠷᠢᠲᠤ ᠡᠪᠡᠳᠴᠢᠨ ᠤ ᠤᠬᠠᠭᠤᠯᠭ᠎ᠠ ᠳᠤ ᠮᠠᠰᠢ ᠶᠡᠭᠡ ᠦᠢᠯᠡᠳᠦᠯ ᠦᠵᠡᠭᠦᠯᠵᠦ᠂ ᠮᠠᠰᠢ ᠰᠠᠶᠢᠨ | ᠦᠷ᠎ᠡ ᠪᠦᠲᠦᠮᠵᠢ ᠣᠯᠵᠠᠢ᠃︶ |