ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠳᠡᠳ᠋ ᠡᠷᠭᠢᠯᠡᠭᠴᠢ ᠴᠤᠯᠮᠤᠨ
ᠨᠡᠶᠢᠲᠡᠯᠡᠭᠰᠡᠨ ᠴᠠᠭ᠄
2025/5/26
      ᠴᠤᠯᠮᠤᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠦᠷᠢᠶᠡᠨ ᠳᠤ ᠠᠷᠪᠠ ᠭᠠᠷᠤᠢ ᠵᠢᠯ ᠬᠠᠳᠠᠭᠤᠵᠢᠯᠳᠠᠢ ᠠᠵᠢᠯᠯᠠᠵᠤ᠂ ᠤᠷᠢᠳ ᠬᠤᠵᠢᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠢᠽ ᠡᠪᠡᠳᠴᠢᠨ ᠢ ᠰᠡᠷᠭᠡᠶᠢᠯᠡᠨ ᠵᠠᠰᠠᠭᠰᠠᠨ ᠰᠢᠯᠢᠳᠡᠭ ᠬᠤᠪᠢ ᠬᠥᠮᠥᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢᠳᠡᠭ ᠰᠢᠨᠵᠢᠯᠡᠬᠦ ᠤᠬᠠᠭᠠᠨ ᠮᠡᠷᠭᠡᠵᠢᠯ ᠤᠨ ᠰᠠᠶᠢᠨ ᠳᠤᠷ᠎ᠠ ᠶᠢᠨ ᠠᠵᠢᠯᠯᠠᠭᠴᠢ᠂ ᠬᠥᠯᠥᠨ ᠪᠤᠶᠢᠷ ᠬᠤᠳᠠ ᠶᠢᠨ ᠬᠥᠳᠡᠯᠮᠦᠷᠢ ᠶᠢᠨ ᠵᠢᠱᠢᠶᠡᠴᠢ᠂ ᠬᠥᠯᠥᠨ ᠪᠤᠶᠢᠷ ᠬᠤᠳᠠ ᠶᠢᠨ ᠲᠡᠷᠢᠭᠦᠨ ᠤ ᠠᠵᠢᠯᠲᠠᠨ ᠵᠡᠷᠭᠡ ᠢᠷᠠᠭᠤ ᠠᠯᠳᠠᠷ ᠤᠨ ᠴᠣᠯᠠ ᠬᠦᠷᠡᠩᠳᠡᠵᠦ᠂ ᠪᠠᠰᠠ ᠬᠠᠭᠤᠴᠢᠨ ᠪᠠᠷᠭᠤ ᠬᠤᠰᠢᠭᠤᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠤᠰᠬᠠᠢ ᠮᠡᠷᠭᠡᠵᠢᠯᠲᠡᠨ᠂ ᠬᠠᠭᠤᠴᠢᠨ ᠪᠠᠷᠭᠤ ᠬᠤᠰᠢᠭᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ︽ᠲᠠᠯ᠎ᠠ ᠨᠤᠲᠤᠭ  ᠢ ᠤᠮᠳᠠᠯᠠᠬᠤ︾  ᠤᠯᠠᠨ ᠲᠦᠮᠡᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ  ᠤᠬᠠᠭᠤᠯᠤᠨ ᠲᠠᠶᠢᠯᠪᠤᠷᠢᠯᠠᠭᠴᠢ ᠪᠣᠯᠣᠨ ᠪᠠᠶᠠᠨ ᠨᠡᠶᠢᠭᠡᠮ ᠲᠣᠭᠤᠷᠢᠭ ᠤᠨ ᠰᠤᠷᠭᠠᠭᠤᠯᠢ ᠶᠢᠨ ᠭᠠᠳᠠᠨᠠᠬᠢ ᠬᠠᠪᠰᠤᠷᠤᠨ ᠵᠢᠯᠣᠭᠤᠳᠤᠭᠴᠢ ᠵᠡᠷᠭᠡ ᠪᠠᠷ ᠤᠷᠢᠭᠳᠠᠪᠠ᠂ ᠡᠳᠡᠭᠡᠷ ᠢᠷᠠᠭᠤ ᠠᠯᠳᠠᠷ ᠨᠢ ᠲᠡᠭᠦᠨ ᠤ ᠠᠵᠢᠯ ᠢ ᠨᠤᠲᠠᠯᠠᠭᠰᠠᠨ ᠢᠶᠠᠷ ᠪᠠᠷᠠᠬᠤ ᠦᠭᠡᠢ ᠨᠡᠩ ᠴᠤ ᠲᠡᠭᠦᠨ ᠤ ᠠᠮᠢ ᠴᠦᠯᠡᠨ ᠲᠡᠮᠡᠴᠡᠬᠦ ᠠᠵᠢᠯ  ᠤᠨ ᠵᠠᠮ ᠳᠡᠭᠡᠷᠡᠬᠢ ᠲᠠᠨᠢᠯᠲᠠ ᠶᠢᠨ ᠤᠯᠠ ᠮᠥᠷ ᠪᠠᠶᠢᠵᠤ᠂ ᠲᠡᠭᠦᠨ  ᠢ ᠪᠠᠰᠠ ᠤᠯᠠᠨ ᠲᠦᠮᠡᠨ ᠤ ᠡᠷᠡᠭᠦᠯ ᠮᠡᠨᠳᠤ ᠶᠢ ᠬᠠᠮᠠᠭᠠᠯᠠᠬᠤ ᠵᠠᠮ ᠢᠶᠠᠷ ᠯᠠᠪᠳᠠᠭᠤᠨ ᠪᠠᠲᠤᠲᠠᠢ ᠤᠷᠤᠭᠰᠢᠯᠠᠬᠤ ᠶᠢ ᠨᠢ ᠵᠣᠷᠢᠭᠵᠢᠭᠤᠯᠵᠠᠢ᠃       ᠨᠢᠭᠡᠨ ᠨᠠᠮ ᠤᠨ ᠭᠡᠰᠢᠭᠦᠨ᠂ ᠡᠪᠡᠳᠴᠢᠨ ᠡᠮᠭᠡᠭ ᠰᠡᠷᠭᠡᠶᠢᠯᠡᠨ‌ᠡᠵᠡᠮᠳᠡᠬᠦ ᠠᠵᠢᠯᠲᠠᠨ ᠪᠣᠯᠤᠭᠰᠠᠨ ᠤ ᠬᠤᠪᠢ ᠳᠤ᠂ ᠴᠤᠯᠮᠤᠨ  ᠢᠮᠠᠭᠲᠠ ᠥᠪᠡᠷ ᠢ ᠪᠠᠨ ᠴᠢᠩᠭ᠎ᠠ ᠱᠠᠭᠠᠷᠳᠠᠵᠤ᠂ ᠴᠠᠭ ᠢᠮᠠᠭᠲᠠ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠣᠯᠣᠨ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠢ ᠲᠡᠷᠢᠭᠦᠨ ᠪᠠᠶᠢᠷᠢᠨ ᠳᠤ ᠲᠠᠯᠪᠢᠵᠤ᠂ ᠡᠭᠡᠯ ᠵᠢᠷ ᠤᠨ ᠠᠵᠢᠯ ᠤᠨ ᠪᠠᠶᠢᠷᠢ ᠳᠡᠭᠡᠷ᠎ᠡ ᠪᠠᠨ ᠡᠷᠡᠰ ᠪᠠᠲᠤ ᠢᠲᠡᠭᠡᠯ ᠵᠣᠷᠢᠭ᠂ ᠴᠥᠬᠦᠷᠡᠰᠢ ᠦᠭᠡᠢ  ᠤᠷᠤᠯᠳᠤᠯᠭ᠎ᠠ ᠪᠣᠯᠣᠨ ᠬᠠᠷᠠᠮ ᠦᠭᠡᠢ ᠴᠢᠷᠮᠠᠶᠢᠯᠭ᠎ᠠ ᠪᠠᠷ ᠢᠶᠠᠨ ᠡᠪᠡᠳᠴᠢᠨ ᠡᠮᠭᠡᠭ ᠢ ᠰᠡᠷᠭᠡᠶᠢᠯᠡᠨ‌ᠡᠵᠡᠮᠳᠡᠬᠦ ᠹᠷᠣᠨᠲ ᠤᠨ ᠨᠢᠭᠡᠨ  ᠬᠤᠰᠢᠭᠤᠴᠢ ᠪᠣᠯᠵᠤ᠂ ᠬᠠᠭᠤᠴᠢᠨ ᠪᠠᠷᠭᠤ ᠬᠤᠰᠢᠭᠤᠨ ᠤ ᠪᠠᠲᠤ ᠪᠠᠬᠢ ᠡᠷᠡᠭᠦᠯ ᠮᠡᠨᠳᠦ ᠶᠢᠨ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠬᠤ ᠳᠤ ᠬᠦᠴᠦᠨ ᠴᠢᠳᠠᠯ ᠢᠶᠠᠨ  ᠡᠷᠭᠦᠵᠦ ᠪᠠᠶᠢᠨ᠎ᠠ᠃
ᠢᠷᠡᠯᠲᠡ᠄ ᠬᠠᠭᠤᠴᠢᠨ ᠪᠠᠷᠭᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ