| ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠣᠶᠤᠨ ᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠤᠨ ᠵᠢᠴᠢ ᠠᠷᠠᠳ ᠲᠦᠮᠡᠨ ᠳᠤ | ᠦᠢᠯᠡᠴᠢᠯᠡᠬᠦ ᠪᠣᠳᠠᠲᠤ ᠶᠠᠪᠤᠳᠠᠯ ᠤᠨ ᠲᠥᠷᠥᠯ ᠵᠦᠢᠯ ᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠡᠬᠡ ᠨᠢᠯᠬᠠᠰ ᠤᠨ ᠡᠷᠡᠭᠦᠯ ᠮᠡᠨᠳᠦ ᠶᠢᠨ | ᠦᠢᠯᠡᠴᠢᠯᠡᠭᠡᠨ ᠤ ᠬᠢᠷᠢ ᠲᠦᠪᠰᠢᠨ ᠢ ᠤᠯᠠᠮ ᠨᠢᠭᠡ ᠠᠯᠬᠤᠮ ᠲᠡᠭᠡᠭᠰᠢᠯᠡᠬᠦᠯᠬᠦ ᠶᠢᠨ ᠲᠦᠯᠤᠭᠡ᠂ ᠬᠠᠭᠤᠴᠢᠨ ᠪᠠᠷᠭᠤ ᠬᠤᠰᠢᠭᠤᠨ ᠤ ᠡᠬᠡ ᠨᠢᠯᠬᠠᠰ ᠤᠨ ᠡᠷᠡᠭᠦᠯ | ᠮᠡᠨᠳᠦ ᠶᠢ ᠬᠠᠮᠠᠭᠠᠯᠠᠬᠤ ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠤ ᠲᠥᠪ ᠦᠢᠷ᠎ᠠ ᠶᠢᠨ ᠡᠳᠤᠷ᠂ ᠡᠬᠡ ᠨᠢᠯᠬᠠᠰ ᠤᠨ ᠡᠷᠡᠭᠦᠯ ᠮᠡᠨᠳᠦ ᠶᠢᠨ ᠠᠯᠪᠠᠨ ᠵᠢᠷᠤᠮ ᠤᠨ | ᠡᠮᠴᠢᠯᠡᠭᠡᠨ ᠤ ᠠᠵᠢᠯᠯᠠᠭ᠎ᠠ ᠶᠢ ᠵᠣᠬᠢᠶᠠᠨ ᠪᠠᠢᠭᠤᠯᠤᠨ ᠥᠷᠨᠢᠭᠦᠯᠵᠦ᠂ ᠠᠯᠪᠠᠨ ᠵᠢᠷᠤᠮ ᠤᠨ ᠡᠮᠴᠢᠯᠡᠭᠡᠨ ᠤ ᠶᠠᠰᠤ ᠴᠢᠨᠠᠷ ᠪᠣᠯᠤᠨ ᠬᠠᠮᠤᠷᠬᠤ ᠬᠡᠪᠴᠢᠶ᠎ᠡ ᠶᠢ | ᠲᠡᠭᠡᠭᠰᠢᠯᠡᠬᠦᠯᠬᠦ ᠳᠤ ᠬᠥᠯᠥᠨ ᠪᠦᠢᠷ ᠬᠤᠲᠠ ᠶᠢᠨ ᠡᠬᠡ ᠨᠢᠯᠬᠠᠰ ᠤᠨ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ ᠶᠢᠨ ᠬᠡᠦᠬᠡᠳ ᠤᠨ ᠰᠠᠯᠠᠭ᠎ᠠ᠂ ᠡᠮᠡᠭᠲᠡᠢ ᠶᠢᠨ ᠰᠠᠯᠠᠭ᠎ᠠ | ᠪᠣᠯᠤᠨ ᠵᠢᠷᠮᠦᠰᠦᠨ ᠬᠥᠩᠭᠡᠵᠢᠬᠦ ᠡᠷᠡᠭᠦᠯ ᠮᠡᠨᠳᠦ ᠶᠢᠨ ᠰᠠᠯᠠᠭᠠᠨ ᠤ ᠨᠡᠶᠢᠲᠡ 5 ᠲᠤᠰᠬᠠᠢ ᠮᠡᠷᠭᠡᠵᠢᠯᠲᠡᠨ ᠲᠤᠬᠠᠢ ᠶᠢᠨ ᠲᠠᠯᠠᠪᠠᠢ ᠳᠤ ᠰᠠᠭᠤᠵᠤ ᠡᠮᠨᠡᠬᠦ ᠳᠤ ᠣᠯᠠᠨ | ᠲᠦᠮᠡᠨ ᠠᠴᠠ ᠰᠦᠢᠳᠭᠡᠯ ᠬᠤᠷᠢᠶᠠᠬᠤ ᠦᠭᠡᠢ ᠡᠮᠴᠢᠯᠡᠭᠡ ᠪᠠ ᠡᠷᠡᠭᠦᠯ ᠮᠡᠨᠳᠦ ᠶᠢᠨ ᠵᠢᠯᠣᠭᠤᠳᠤᠯᠭ᠎ᠠ ᠬᠠᠩᠭᠠᠭᠰᠠᠨ ᠪᠠᠶᠢᠨ᠎ᠠ᠃ | | | | | | ᠲᠣᠰ ᠤᠳᠠᠭᠠᠨ ᠤ ᠠᠵᠢᠯᠯᠠᠭ᠎ᠠ ᠨᠢ ᠬᠡᠤᠬᠡᠳ ᠤᠨ ᠰᠢᠮ᠎ᠡ ᠲᠡᠵᠢᠭᠡᠯ ᠂ ᠨᠢᠳᠦᠨ ᠤ ᠡᠷᠡᠭᠦᠯ ᠮᠡᠨᠳᠦ ᠶᠢ ᠬᠠᠮᠠᠭᠠᠯᠠᠬᠤ᠂ ᠠᠮᠠᠨ ᠬᠥᠨᠳᠡᠶ ᠶᠢᠨ ᠡᠷᠡᠭᠦᠯ ᠮᠡᠨᠳᠦ ᠶᠢ | ᠬᠠᠮᠠᠭᠠᠯᠠᠬᠤ᠂ ᠮᠣᠩᠭᠤᠯ ᠡᠮᠨᠡᠯᠭᠡ ᠶᠢᠨ ᠡᠷᠡᠭᠦᠯᠵᠢᠯ ᠵᠢᠴᠢ ᠵᠢᠷᠮᠦᠰᠦᠨ ᠬᠥᠩᠭᠡᠵᠢᠬᠦ ᠡᠮᠡᠭᠲᠡᠶᠢᠴᠦᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ᠂ | ᠵᠢᠷᠮᠦᠰᠦᠨ ᠬᠤᠭᠤᠴᠠᠭᠠᠨ ᠤ ᠯᠠᠪᠯᠠᠭ᠎ᠠ ᠶᠢᠨ ᠵᠢᠯᠣᠭᠤᠳᠣᠯᠭ᠎ᠠ ᠵᠡᠷᠭᠡ ᠠᠭᠤᠯᠭ᠎ᠠ ᠶᠢᠨ ᠲᠣᠭᠤᠷᠢᠨ ᠳᠤ᠂ ᠥᠷᠭᠡᠨ ᠣᠯᠠᠨ ᠲᠦᠮᠡᠨ ᠳᠤ ᠲᠤᠰᠬᠠᠶ ᠮᠡᠷᠭᠡᠵᠢᠯ᠂ | ᠲᠤᠳᠤᠨᠤᠰᠤᠭ ᠢᠶᠠᠷ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠪᠠ᠃ ᠡᠭᠦᠨ ᠤ ᠬᠠᠮᠲᠤ᠂ ᠲᠥᠪ ᠠᠴᠠ ᠪᠠᠰᠠ ᠰᠦᠢᠳᠬᠡᠯ ᠬᠤᠷᠢᠶᠠᠬᠤ ᠦᠭᠡᠢ ᠪᠠᠷ ︽ᠬᠤᠶᠠᠷ | ᠥᠮᠡᠨ︾ ᠢ ᠰᠢᠭᠰᠢᠨ ᠪᠠᠶᠢᠴᠠᠭᠠᠬᠤ ᠦᠢᠯᠡᠴᠢᠯᠡᠭᠡ ᠬᠠᠩᠭᠠᠵᠤ᠂ ᠡᠮᠡᠭᠲᠡᠶᠢᠴᠦᠳ ᠤᠨ ᠡᠷᠡᠭᠦᠯ ᠮᠡᠨᠳᠦ ᠶᠢᠨ ᠡᠷᠬᠡ ᠠᠰᠢᠭ ᠢ ᠦᠨᠡᠨᠬᠦ ᠪᠠᠲᠤᠯᠠᠪᠠ᠃ | ᠡᠭᠦᠨ ᠠᠴᠠ ᠭᠠᠳᠠᠨ᠎ᠠ᠂ ᠠᠵᠢᠯᠯᠠᠭ᠎ᠠ ᠨᠢ ᠪᠠᠰᠠ ᠬᠡᠦᠬᠡᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠲᠠᠶᠢᠯᠤᠮᠵᠢ ᠶᠢ ᠣᠨᠴᠠᠭᠠᠶᠢᠯᠠᠨ ᠲᠣᠬᠢᠷᠠᠭᠤᠯᠵᠤ᠂ ᠭᠡᠷ ᠤᠨ | ᠠᠬᠠᠮᠠᠳ ᠢ ᠬᠠᠪᠰᠤᠷᠤᠨ ᠬᠡᠦᠬᠡᠳ ᠤᠨ ᠰᠡᠳᠬᠢᠴᠡ ᠶᠢᠨ ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ ᠠᠩᠬᠠᠷᠴᠤ᠂ ᠬᠡᠦᠬᠡᠳ ᠤᠨ ᠡᠷᠡᠭᠦᠯ ᠢᠶᠠᠷ ᠦᠰᠦᠨ | ᠪᠤᠶᠢᠵᠢᠬᠤ ᠶᠢ ᠠᠬᠢᠭᠤᠯᠪᠠ᠃ | ᠲᠣᠰ ᠤᠳᠠᠭᠠᠨ ᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠳᠤ ᠨᠡᠶᠢᠲᠡ 50 ᠭᠠᠷᠤᠶ ᠬᠥᠮᠦᠨ ᠤᠳᠠᠭ᠎ᠠ ᠭᠥᠯᠢᠶᠡᠨ ᠠᠪᠴᠤ᠂ ᠡᠮᠴᠢᠯᠡᠬᠦ ᠶᠢᠨ | ᠵᠣᠷᠢᠯᠭ᠎ᠠ ᠨᠢ ᠡᠬᠡ ᠨᠢᠯᠬᠠᠰ ᠤᠨ ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠵᠦ᠂ ᠣᠯᠠᠨ ᠲᠦᠮᠡᠨ ᠤ ᠡᠷᠡᠭᠦᠯ ᠮᠡᠨᠳᠦ ᠶᠢ ᠬᠠᠮᠠᠭᠠᠯᠠᠬᠤ ᠤᠬᠠᠮᠰᠠᠷ ᠢ | ᠴᠢᠩᠭᠠᠷᠠᠭᠤᠯᠤᠨ᠂ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠢ ᠦᠨᠡᠨᠬᠦ ᠦᠨᠳᠦᠰᠦᠨ ᠱᠠᠲᠤᠨ ᠳᠤ ᠬᠦᠷᠭᠡᠵᠦ᠂ ᠣᠯᠠᠨ ᠲᠦᠮᠡᠨ ᠳᠤ ᠳᠥᠭᠦᠮ ᠳᠥᠲᠡ᠂ | ᠥᠨᠳᠥᠷ ᠪᠦᠲᠦᠮᠵᠢᠲᠡᠶ ᠡᠮᠴᠢᠯᠡᠭᠡᠨ ᠤ ᠦᠢᠯᠡᠴᠢᠯᠡᠭᠡ ᠬᠦᠷᠲᠡᠭᠡᠬᠦ ᠶᠢᠨ ᠲᠥᠯᠥᠭᠡ ᠶᠤᠮ᠃ ᠠᠵᠢᠯᠯᠠᠭ᠎ᠠ ᠨᠢ ᠥᠷᠭᠡᠨ ᠣᠯᠠᠨ ᠲᠦᠮᠡᠨ ᠤ ᠰᠠᠶᠢᠨ ᠦᠨᠡᠯᠡᠯᠲᠡ ᠶᠢ | ᠣᠯᠵᠤ᠂ ᠮᠠᠰᠢ ᠰᠠᠶᠢᠨ ᠨᠡᠶᠢᠭᠡᠮ ᠤᠨ ᠤᠬᠠᠭᠤᠯᠭ᠎ᠠ ᠶᠢᠨ ᠦᠷ᠎ᠡ ᠠᠰᠢᠭ ᠣᠯᠤᠭᠰᠠᠨ ᠪᠠᠶᠢᠨ᠎ᠠ᠃ | |