2025 ᠣᠨ ᠤ ᠬᠥᠯᠥᠨ ᠪᠤᠶᠢᠷ ᠬᠤᠲᠠ ᠶᠢᠨ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠤᠨ ᠠᠵᠢᠯ ᠤᠨ ᠲᠥᠰᠦᠯ 
ᠨᠡᠶᠢᠲᠡᠯᠡᠭᠰᠡᠨ ᠴᠠᠭ᠄
2025/5/28
     ᠴᠠᠭ ᠤᠨ ᠲᠤᠬᠢᠷᠠᠭᠤᠯᠤᠯᠳᠠ    ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ᠄ 5 ᠰᠠᠷ᠎ᠠ ᠶᠢᠨ 1 ᠤ ᠡᠳᠦᠷ ᠠᠴᠠ 5 ᠰᠠᠷ᠎ᠠ ᠶᠢᠨ 31 ᠤ ᠡᠳᠦᠷ ᠪᠣᠯᠲᠠᠯ᠎ᠠ ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ᠄ 5 ᠰᠠᠷ᠎ᠠ ᠶᠢᠨ 25 ᠤ ᠡᠳᠦᠷ ᠠᠴᠠ 5 ᠰᠠᠷ᠎ᠠ ᠶᠢᠨ 31 ᠤ ᠡᠳᠦᠷ ᠪᠣᠯᠲᠠᠯ᠎ᠠ     ᠠᠵᠢᠯ ᠤᠨ ᠭᠤᠣᠯ ᠰᠡᠳᠦᠪ     ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠨ᠂ ᠪᠦᠯᠬᠦᠮᠳᠡᠨ ᠲᠡᠮᠡᠴᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠤᠨ᠎ᠠ    ᠭᠤᠣᠯᠳᠠᠯᠭ᠎ᠠ ᠲᠠᠢ ᠤᠬᠠᠭᠤᠯᠬᠤ ᠠᠭᠤᠯᠭ᠎ᠠ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ︔ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ︔ ᠲᠥᠪ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ︔ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠠᠬᠢᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ︽ᠮᠣᠩᠭᠤᠯ ᠮᠤᠷᠢᠨ ᠤ ᠵᠣᠷᠢᠭ ᠰᠠᠨᠠᠭ᠎ᠠ︾ ᠪᠣᠯᠤᠨ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾ ᠶᠢ ᠪᠠᠳᠠᠷᠠᠭᠤᠯᠬᠤ ᠪᠠᠷ ᠦᠨᠳᠦᠰᠦᠨ ᠠᠭᠤᠯᠤᠭᠳᠠᠬᠤᠨ ᠪᠣᠯᠭᠠᠭᠰᠠᠨ ᠤᠮᠠᠷᠠᠲᠤ ᠬᠢᠯᠢ ᠶᠢᠨ ᠰᠣᠶᠣᠯ︔ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠤᠯᠢ﹀ ᠶᠢ ᠬᠡᠷᠡᠭᠵᠢᠭᠦᠯᠬᠦ ᠠᠷᠭ᠎ᠠ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠶᠢ ᠠᠬᠢᠭᠤᠯᠬᠤ ᠲᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠠᠬᠢᠭᠤᠯᠬᠤ ᠲᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠯᠢ ᠬᠢᠵᠠᠭᠠᠷ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠦᠷᠢᠮ︾ ︽ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠲᠠᠭᠠᠯ︾ ᠵᠡᠷᠭᠡ ᠲᠦᠷᠦ ᠶᠢᠨ ᠪᠤᠳᠤᠯᠭ᠎ᠠ ᠬᠠᠤᠯᠢ ᠲᠤᠭᠲᠠᠭᠠᠯ᠃     ᠠᠵᠢᠯ ᠤᠨ ᠲᠣᠬᠢᠷᠠᠭᠤᠯᠤᠯᠲᠠ     ᠲᠤᠰᠬᠠᠶ ᠠᠵᠢᠯ ᠤᠨ ᠬᠦᠷᠢᠶ᠎ᠡ ᠴᠠᠷᠠᠭ᠎ᠠ     ᠭᠠᠴᠠᠭ᠎ᠠ ᠲᠣᠰᠬᠤᠨ ᠪᠠ ᠨᠡᠶᠢᠭᠡᠮ ᠲᠣᠭᠤᠷᠢᠭ ᠲᠤ ᠭᠤᠤᠯᠳᠠᠯᠭ᠎ᠠ ᠲᠠᠢ ᠬᠠᠨᠳᠤᠭᠤᠯᠵᠤ᠂ ᠠᠯᠪᠠᠨ ᠪᠠᠶᠢᠭᠤᠯᠭ᠎ᠠ᠂ ᠠᠵᠤ ᠠᠬᠤᠶᠢᠯᠠᠯ᠂ ᠰᠤᠷᠭᠠᠭᠤᠯᠢ᠂ ᠴᠡᠷᠢᠭ ᠠᠩᠭᠢ᠂ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ᠂ ᠰᠣᠶᠣᠯ ᠵᠢᠭᠤᠯᠴᠢᠯᠠᠯ ᠤᠨ ᠲᠠᠯᠠᠪᠤᠷ ᠭᠠᠵᠠᠷ᠂ ᠰᠦᠯᠵᠢᠶ᠎ᠡ ᠵᠡᠷᠭᠡ 9 ᠬᠦᠷᠢᠶ᠎ᠡ ᠴᠠᠷᠠᠭ᠎ᠠ ᠵᠢᠴᠢ ᠨᠡᠶᠢᠭᠡᠮ ᠤᠨ ᠡᠯ᠎ᠡ ᠬᠦᠷᠢᠶ᠎ᠡ ᠴᠠᠷᠠᠭ᠎ᠠ ᠳᠤ ᠭᠤᠤᠯᠳᠠᠯᠭ᠎ᠠ ᠲᠠᠢ ᠴᠢᠭᠯᠡᠬᠦᠯᠦᠨ ᠠᠵᠢᠯ ᠥᠷᠨᠢᠭᠦᠯᠦᠨ᠎ᠡ᠃ ᠡᠯ᠎ᠡ ᠰᠠᠯᠠᠭ᠎ᠠ ᠮᠥᠴᠢᠷ ᠨᠢᠭᠡᠴᠢ ᠶᠢᠨ ᠬᠢᠨ ᠲᠤᠷᠰᠢᠯᠭ᠎ᠠ ᠪᠠᠨ ᠭᠦᠨᠵᠡᠭᠡᠢ ᠳ᠋ᠦᠩᠨᠡᠭᠰᠡᠨ ᠰᠠᠭᠤᠷᠢᠨ ᠳᠡᠭᠡᠷ᠎ᠡ᠂ ᠠᠵᠢᠯ ᠲᠦᠷᠦᠯ ᠤᠨ ᠬᠦᠷᠢᠶᠡᠨ ᠤ ᠣᠨᠴᠠᠯᠢᠭ ᠢᠶᠠᠨ ᠦᠨᠳᠦᠰᠦᠯᠡᠨ᠂ ᠰᠤᠷᠲᠠᠯ ᠤᠬᠠᠭᠤᠯᠭ᠎ᠠ ᠶᠢᠨ ᠠᠵᠢᠯ ᠤᠨ ᠠᠷᠭ᠎ᠠ ᠪᠠᠨ ᠰᠢᠯᠢᠳᠡᠭᠵᠢᠭᠦᠯᠵᠦ᠂ ᠪᠦᠬᠦ ᠢᠶᠠᠷ ᠢᠶᠠᠨ ᠤᠷᠤᠯᠴᠠᠭᠰᠠᠨ᠂ ᠲᠦᠷᠦᠯ ᠡᠲᠡᠭᠡᠳ ᠢᠶᠠᠷ ᠬᠤᠪᠢᠶᠠᠭᠰᠠᠨ᠂ ᠪᠠᠶᠢᠩᠭᠤᠵᠢᠭᠰᠠᠨ ᠨᠠᠮ ᠤᠨ ᠦᠨᠳᠦᠰᠦᠲᠡᠨ ᠤ ᠤᠨᠤᠯ ᠲᠦᠷᠦ ᠶᠢᠨ ᠪᠤᠳᠤᠯᠭ᠎ᠠ ᠪᠣᠯᠤᠨ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠲᠠᠶᠢᠯᠪᠤᠷᠢᠯᠠᠬᠤ ᠶᠢ ᠴᠢᠩᠭᠠᠳᠬᠠᠨ᠎ᠠ᠃    ᠠᠯᠪᠠᠨ ᠪᠠᠶᠢᠭᠤᠯᠭ᠎ᠠ ᠳᠤ ᠦᠷᠨᠢᠬᠦᠯᠦᠨ᠎ᠡ    ︽ᠭᠤᠷᠪᠠᠨ ᠬᠤᠷᠠᠯ ᠨᠢᠭᠡ ᠬᠢᠴᠢᠶᠡᠯ︾᠂ ᠭᠤᠤᠯ ᠰᠡᠳᠦᠪᠲᠦ ᠨᠠᠮ ᠤᠨ ᠡᠳᠦᠷᠯᠢᠭ᠂ ᠠᠯᠪᠠᠨ ᠪᠠᠶᠢᠭᠤᠯᠭ᠎ᠠ ᠶᠢᠨ ᠺᠠᠳ᠋ᠷᠴᠤᠳ ᠤᠨ ᠤᠯᠤᠰ ᠲᠥᠷᠥ ᠣᠨᠣᠯ ᠤᠨ ᠰᠤᠷᠤᠯᠴᠠᠯᠭ᠎ᠠ ᠵᠡᠷᠭᠡ ᠶᠢ ᠥᠷᠨᠢᠭᠦᠯᠬᠦ ᠪᠠᠷ ᠳᠠᠮᠵᠢᠭᠤᠯᠤᠨ᠂ ᠨᠠᠮ ᠤᠨ ᠭᠡᠰᠢᠭᠦᠨ ᠺᠠᠳ᠋ᠷᠴᠤᠳ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠯᠪᠡᠭ ᠪᠠᠶᠠᠯᠢᠭ ᠠᠭᠤᠯᠤᠭᠳᠠᠬᠤᠨ ᠢ ᠨᠠᠩ ᠭᠦᠨᠵᠡᠭᠡᠶ ᠲᠠᠨᠢᠭᠤᠯᠬᠤ ᠶᠢ ᠬᠦᠲᠦᠯᠦᠨ ᠵᠢᠯᠤᠭᠤᠳᠤᠨ᠎ᠠ᠃ ᠠᠯᠪᠠᠨ ᠪᠠᠶᠢᠭᠤᠯᠭ᠎ᠠ ᠶᠢᠨ ᠨᠠᠮ ᠤᠨ ᠭᠡᠰᠢᠭᠦᠨ ᠺᠠᠳ᠋ᠷ᠂ ᠠᠵᠢᠯ ᠠᠴᠠ ᠪᠠᠨ ᠠᠮᠠᠷᠠᠭᠰᠠᠨ ᠺᠠᠳ᠋ᠷ᠂ ᠲᠤᠰᠬᠠᠶ ᠮᠡᠷᠭᠡᠵᠢᠯᠲᠡᠨ ᠡᠷᠳᠡᠮᠲᠡᠳ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠤᠯ ᠲᠠᠶᠢᠯᠤᠮᠵᠢ ᠶᠢ ᠰᠠᠶᠢᠲᠤᠷ ᠬᠢᠨ᠎ᠠ᠃ ︽ᠬᠥᠯᠥᠨ ᠪᠤᠶᠢᠷ ᠬᠤᠲᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ︾ ᠣᠯᠠᠨ ᠨᠡᠶᠢᠲᠡ ᠶᠢᠨ ᠲᠠᠪᠴᠠᠩ ᠳᠤ ︽ᠠᠨᠠᠷ ᠤᠨ ᠦᠷ᠎ᠡ ᠮᠡᠳᠤ ᠰᠡᠳᠬᠢᠯ ᠨᠢᠭᠡᠳᠦᠨ ᠡᠷᠡᠮᠡᠬᠡᠶᠢᠯᠡᠨ ᠤᠷᠤᠭᠰᠢᠯᠠᠬᠤ︾ ᠲᠤᠰᠬᠠᠶ ᠪᠤᠯᠤᠩ ᠭᠠᠷᠭᠠᠵᠤ᠂ ᠬᠤᠲᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠡᠯ᠎ᠡ ᠱᠠᠲᠤᠨ ᠤ ᠲᠡᠷᠢᠭᠦᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠤᠯ ᠰᠢᠵᠢᠮ ᠤᠨ ᠲᠣᠭᠤᠷᠢᠨ ᠳᠤ ᠠᠵᠢᠯ ᠢᠶᠠᠨ ᠥᠷᠨᠢᠭᠦᠯᠦᠭᠰᠡᠨ ᠪᠠᠶᠢᠳᠠᠯ ᠢ ᠳᠡᠯᠭᠡᠨ ᠦᠵᠡᠬᠦᠯᠦᠨ᠎ᠡ᠃     ᠬᠤᠤᠰᠯᠠᠨ ᠬᠠᠮᠲᠤᠪᠠᠷ ᠪᠠᠶᠢᠭᠤᠯᠬᠤ᠂ ︽ᠬᠤᠤᠰ ᠦᠢᠯᠡᠴᠢᠯᠡᠬᠦ᠂ ᠬᠤᠤᠰ ᠨᠡᠷ᠎ᠡ ᠮᠡᠳᠡᠬᠦᠯᠬᠦ᠂ ᠬᠤᠤᠰ ᠮᠡᠳᠡᠬᠦᠯᠬᠦ︾ ᠵᠡᠷᠭᠡ ᠠᠷᠭ᠎ᠠ ᠬᠡᠯᠪᠡᠷᠢ ᠪᠠᠷ᠂ ᠦᠢᠯᠡᠴᠢᠯᠡᠬᠦ ᠡᠲᠡᠭᠡᠳ ᠪᠠ ᠦᠨᠳᠦᠰᠦᠲᠡᠨ ᠨᠦᠭᠦᠳ ᠤᠨ ᠣᠯᠠᠨ ᠲᠦᠮᠡᠨ ᠤ ᠪᠠᠴᠢᠮᠳᠠᠵᠤ᠂ ᠬᠦᠴᠢᠷᠳᠡᠵᠦ᠂ ᠵᠤᠪᠠᠵᠤ ᠬᠦᠰᠡᠵᠦ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡ ᠪᠦᠯᠦᠭ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠰᠢᠢᠳᠪᠦᠷᠢᠯᠡᠵᠦ᠂ ᠠᠯᠪᠠᠨ ᠪᠠᠶᠢᠭᠤᠯᠭ᠎ᠠ ᠶᠢᠨ ᠺᠠᠳ᠋ᠷᠴᠤᠳ ᠤᠨ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠰᠤᠷᠤᠯᠴᠠᠨ ᠤᠬᠠᠭᠤᠯᠬᠤ ᠪᠠ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠯ᠎ᠠ ᠪᠠᠷ ᠬᠡᠪ ᠳᠠᠭᠤᠷᠢᠶᠠᠯ ᠪᠤᠯᠭᠠᠬᠤ ᠶᠢ ᠬᠦᠲᠦᠯᠦᠨ ᠵᠢᠯᠤᠭᠤᠳᠤᠨ᠎ᠠ᠃     ᠠᠵᠤ ᠠᠬᠤᠶᠢᠯᠠᠯ ᠳᠤ ᠦᠷᠨᠢᠬᠦᠯᠦᠨ᠎ᠡ ︽ᠠᠵᠤ ᠠᠬᠤᠶᠢᠯᠠᠯ ᠢ ᠲᠤᠰᠠᠯᠠᠬᠤ ᠠᠵᠢᠯᠯᠠᠭᠠᠨ︾ ᠯᠤᠭ᠎ᠠ ᠤᠶᠠᠯᠳᠤᠭᠤᠯᠤᠨ᠂ ᠠᠵᠤ ᠠᠬᠤᠶᠢᠯᠠᠯ ᠳᠤ ᠬᠤᠯᠪᠣᠭᠳᠠᠬᠤ ᠲᠥᠷᠥ ᠶᠢᠨ ᠪᠣᠳᠣᠯᠭ᠎ᠠ ᠶᠢ ᠤᠬᠠᠭᠤᠯᠤᠨ ᠲᠤᠭᠤᠰᠢᠯᠠᠭᠤᠯᠬᠤ ᠬᠦᠴᠦᠨ ᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠨ᠎ᠠ᠃ ᠰᠤᠷᠤᠯᠴᠠᠯᠭ᠎ᠠ᠂ ᠪᠣᠯᠪᠠᠰᠤᠷᠠᠯ᠂ ᠲᠥᠷᠥ ᠶᠢᠨ ᠪᠣᠳᠣᠯᠭ᠎ᠠ᠂ ᠬᠠᠤᠯᠢ ᠴᠠᠭᠠᠵᠠ᠂ ᠦᠢᠯᠡᠴᠢᠯᠡᠭᠡ ᠶᠢ ᠦᠢᠯᠡᠳᠪᠦᠷᠢ ᠶᠢᠨ ᠲᠠᠰᠤᠭ ᠪᠠ ᠠᠩᠭᠢ ᠳᠤᠭᠤᠶᠢᠯᠠᠩ ᠳᠤ ᠬᠦᠷᠭᠡᠬᠦ ᠠᠵᠢᠯ ᠢ ᠦᠷᠨᠢᠬᠦᠯᠦᠨ᠂ ︽ᠠᠵᠤ ᠠᠬᠤᠶᠢᠯᠠᠯ ᠳᠤ ᠠᠰᠢᠭ ᠬᠦᠷᠲᠡᠭᠡᠵᠦ ᠬᠠᠪᠰᠤᠷᠤᠨ ᠬᠥᠭᠵᠢᠭᠦᠯᠬᠦ︾ ᠰᠢᠷᠢᠰ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠡᠮᠡᠭᠲᠡᠶᠢᠴᠦᠳ ᠤᠨ ᠠᠵᠢᠯ ᠣᠯᠵᠤ ᠦᠢᠯᠡᠰ ᠪᠣᠰᠬᠠᠬᠤ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠪᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠤᠬᠠᠮᠰᠠᠷ ᠢ ᠪᠠᠲᠤ ᠴᠤᠭᠴᠠᠯᠠᠬᠤ ᠲᠤᠰᠬᠠᠢ ᠰᠡᠳᠦᠪᠲᠦ ᠨᠠᠮ ᠤᠨ ᠬᠢᠴᠢᠶᠡᠯ ᠶᠠᠷᠢᠭᠤᠯᠬᠤ᠂ ᠬᠠᠮᠲᠤᠪᠠᠷ ᠪᠠᠶᠢᠭᠤᠯᠬᠤ ᠠᠵᠢᠯᠯᠠᠭᠠᠨ ᠵᠢᠴᠢ ᠰᠢᠯᠢᠳᠡᠭ ᠨᠠᠮ ᠭᠡᠰᠢᠬᠦᠨ᠂ ᠠᠵᠢᠯ ᠲᠦᠷᠦᠯ ᠤᠨ ᠬᠤᠰᠢᠭᠤᠴᠢᠯᠠᠭᠴᠢ᠂ ᠬᠦᠳᠡᠯᠮᠦᠷᠢ ᠶᠢᠨ ᠵᠢᠱᠢᠶᠡᠴᠢ᠂ ᠤᠷᠠᠨ ᠳᠠᠷᠬᠠᠳ ᠵᠡᠷᠭᠡ ᠳᠡᠷᠢᠬᠦᠨ ᠤ ᠨᠡᠶᠢᠳᠡᠯᠢᠭ ᠵᠢᠱᠢᠶ᠎ᠠ ᠶᠢᠨ ᠭᠤᠤᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠵᠤᠬᠢᠶᠠᠨ ᠪᠠᠶᠢᠭᠤᠯᠤᠨ ᠦᠷᠨᠢᠬᠦᠯᠵᠦ᠂ ᠠᠵᠢᠯᠳᠠᠨ ᠠᠵᠢᠯᠴᠢᠨ ᠤ ᠦᠰᠦᠨ ᠪᠤᠶᠢᠵᠢᠯᠲᠠ ᠪᠠ ᠠᠵᠤ ᠠᠬᠤᠶᠢᠯᠠᠯ ᠤᠨ ᠬᠦᠭᠵᠢᠯᠳᠡ ᠶᠢ ᠬᠤᠯᠪᠤᠯᠳᠤᠭᠤᠯᠤᠭᠰᠠᠨ ︽ᠰᠡᠳᠬᠢᠯ ᠤᠨ ᠬᠤᠯᠪᠤᠭᠠᠰᠤ︾ ᠶᠢ ᠪᠠᠶᠢᠭᠤᠯᠵᠤ᠂ ᠡᠶ᠎ᠡ ᠵᠤᠬᠢᠴᠠᠯ ᠲᠠᠢ ᠬᠦᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠤᠨ᠎ᠠ᠃     ᠨᠡᠶᠢᠭᠡᠮ ᠲᠣᠭᠤᠷᠢᠭ ᠲᠤ ᠦᠷᠨᠢᠬᠦᠯᠦᠨ᠎ᠡ     ᠨᠠᠮ ᠤᠨ ᠭᠡᠰᠢᠬᠦᠨ ᠪᠠ ᠣᠯᠠᠨ ᠲᠦᠮᠡᠨ ᠤ ᠦᠢᠯᠡᠴᠢᠯᠡᠬᠡᠨ ᠤ ᠲᠥᠪ᠂ ᠰᠠᠶᠢᠨ ᠳᠤᠷ᠎ᠠ ᠶᠢᠨ ᠦᠢᠯᠡᠴᠢᠯᠡᠬᠡᠨ ᠤ ᠠᠩᠭᠢ ᠪᠣᠯᠤᠨ ᠠᠳᠠᠯ ᠠᠬᠤᠢ ᠶᠢᠨ ᠬᠢᠨ ᠤ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ᠠᠳᠠᠯ ᠠᠬᠤᠢ ᠶᠢᠨ ᠸᠢᠴᠠᠲ ᠤᠨ ᠴᠤᠭᠯᠠᠷᠠᠯ᠂ ᠬᠤᠪᠢᠰᠬᠠᠯᠳᠤ ᠰᠦᠯᠵᠢᠶᠡᠨ ᠤ ᠴᠤᠭᠯᠠᠷᠠᠯ᠂ ᠦᠵᠡᠬᠦᠯᠭᠡ ᠶᠢᠨ ᠰᠠᠮᠪᠠᠷ᠎ᠠ ᠵᠡᠷᠭᠡ ᠶᠢ ᠠᠰᠢᠭᠯᠠᠨ᠂ ︽ᠬᠤᠤᠰ ᠦᠢᠯᠡᠴᠢᠯᠡᠬᠦ᠂ ᠬᠤᠤᠰ ᠨᠡᠷ᠎ᠡ ᠮᠡᠳᠡᠭᠦᠯᠬᠦ᠂ ᠬᠤᠤᠰ ᠮᠡᠳᠡᠬᠦᠯᠬᠦ︾ ᠲᠣᠭᠲᠠᠴᠠ ᠶᠢ ᠨᠠᠶᠢᠳᠠᠪᠤᠷᠢᠵᠢᠭᠤᠯᠬᠤ᠂ ᠨᠠᠮ ᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠪᠠ ᠦᠨᠳᠦᠰᠦᠲᠡᠨ ᠨᠦᠭᠦᠳ ᠤᠨ ᠣᠯᠠᠨ ᠲᠦᠮᠡᠨ ᠲᠠᠢ ᠨᠢᠭᠲᠠ ᠬᠤᠯᠪᠣᠭ᠎ᠠ ᠲᠠᠢ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ᠎ᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠭᠤᠣᠯ ᠰᠡᠳᠦᠪᠲᠦ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠰᠢᠯᠢᠳᠡᠭ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠲᠤᠭᠯᠠᠨ ᠨᠡᠪᠲᠡᠷᠡᠭᠦᠯᠬᠦ᠂ ᠬᠥᠷᠰᠢ ᠵᠡᠷᠭᠡᠯᠡᠳᠡᠭᠡ ᠯᠦᠭᠡ ᠪᠦᠯᠬᠦᠮᠳᠡᠨ ᠬᠠᠷᠢᠯᠴᠠᠨ ᠬᠠᠪᠰᠤᠷᠤᠯᠴᠠᠬᠤ ᠰᠢᠷᠢᠰ ᠠᠵᠢᠯᠯᠠᠭ᠎ᠠ ᠶᠢ ᠥᠷᠨᠢᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠮᠲᠤᠪᠠᠷ ᠰᠠᠭᠤᠷᠢᠰᠢᠵᠤ ᠬᠠᠮᠲᠤᠪᠠᠷ ᠰᠤᠷᠤᠯᠴᠠᠬᠤ᠂ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠂ ᠬᠠᠮᠲᠤᠪᠠᠷ ᠠᠵᠢᠯᠯᠠᠵᠤ ᠬᠠᠮᠲᠤᠪᠠᠷ ᠪᠠᠶᠠᠰᠬᠤ ᠨᠡᠶᠢᠭᠡᠮ ᠤᠨ ᠨᠥᠬᠦᠴᠡᠯ ᠢ ᠢᠳᠡᠪᠬᠢᠲᠡᠶ ᠪᠤᠢ ᠪᠤᠯᠭᠠᠨ᠎ᠠ᠃     ᠭᠠᠴᠠᠭ᠎ᠠ ᠲᠣᠰᠬᠤᠨ ᠳᠤ ᠦᠷᠨᠢᠬᠦᠯᠦᠨ᠎ᠡ     ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠥᠯᠢᠭᠡᠷ ᠢ ᠰᠠᠶᠢᠲᠤᠷ ᠶᠠᠷᠢᠬᠤ︾ ᠠᠵᠢᠯᠯᠠᠭᠠᠨ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠭᠠᠴᠠᠭ᠎ᠠ ᠲᠣᠰᠬᠤᠨ ᠤ ︽ᠬᠤᠶᠠᠷ ᠵᠥᠪᠯᠡᠯ︾ ᠤᠨ ᠪᠠᠭ ᠤᠨ ᠪᠦᠷᠢᠯᠳᠦᠬᠦᠨ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ᠂ ᠠᠬᠠᠮᠠᠳ ᠨᠠᠮ ᠤᠨ ᠭᠡᠰᠢᠭᠦᠨ᠂ ︽ᠬᠠᠤᠯᠢ ᠴᠠᠭᠠᠵᠠ ᠮᠡᠳᠡᠬᠦ ᠬᠥᠮᠦᠨ︾᠂ ᠮᠠᠯᠵᠢᠬᠤ ᠲᠠᠷᠢᠶᠠᠯᠠᠬᠤ ᠣᠷᠣᠨ ᠤ ᠬᠠᠤᠯᠢ ᠰᠤᠷᠴᠤ ᠬᠠᠤᠯᠢ ᠬᠡᠷᠡᠭᠯᠡᠭᠰᠡᠨ ᠵᠢᠱᠢᠶ᠎ᠡ ᠦᠵᠡᠭᠦᠯᠬᠦ ᠡᠷᠦᠬᠡ᠂ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠵᠡᠷᠭᠡ ᠨᠢ ᠡᠳᠦᠷ ᠲᠤᠲᠤᠮ ᠤᠨ ᠠᠵᠢᠯ ᠲᠠᠢ ᠪᠠᠨ ᠤᠶᠠᠯᠳᠤᠭᠤᠯᠤᠨ ᠠᠶᠢᠯ ᠡᠷᠦᠬᠡ ᠳᠤ ᠬᠦᠷᠴᠦ ᠰᠤᠷᠪᠤᠯᠵᠢᠯᠠᠬᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠲᠠᠢ ᠬᠠᠮᠲᠤ ᠵᠣᠭᠤᠭ ᠳᠡᠯᠭᠡᠵᠦ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠬᠡᠷᠡᠯ ᠰᠠᠴᠤᠷᠠᠩᠭᠤᠶ ᠠᠮᠵᠢᠯᠲᠠ ᠪᠦᠲᠦᠮᠵᠢ ᠶᠢ ᠶᠠᠷᠢᠯᠴᠠᠵᠤ᠂ ᠦᠨᠳᠦᠰᠦᠲᠡᠨ ᠨᠦᠭᠦᠳ ᠤᠨ ᠮᠠᠯᠴᠢᠨ ᠲᠠᠷᠢᠶᠠᠴᠢᠨ ᠢ ᠠᠵᠤ ᠦᠢᠯᠡᠰ ᠤᠨ ᠬᠥᠭᠵᠢᠯᠲᠡ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠥᠲᠥᠭᠡᠨ ᠪᠠᠶᠢᠭᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠢᠯᠡᠳᠦᠯᠭᠡ ᠳᠤ ᠢᠳᠡᠪᠬᠢᠲᠡᠶ ᠤᠷᠤᠯᠴᠠᠭᠤᠯᠬᠤ ᠶᠢ ᠬᠥᠲᠥᠯᠥᠨ ᠵᠢᠯᠤᠭᠤᠳᠤᠨ᠎ᠠ᠃ ︽ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠣᠯᠠᠨ ᠲᠦᠮᠡᠨᠴᠢ ᠬᠥᠮᠦᠵᠢᠯ ᠤᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠨᠠᠮ ᠤᠨ ᠭᠡᠰᠢᠭᠦᠨ ᠺᠠᠳ᠋ᠷ ᠰᠠᠨᠠᠭᠠᠴᠢᠯᠠᠭ᠎ᠠ ᠠᠴᠠ ᠪᠠᠨ ᠭᠠᠴᠠᠭ᠎ᠠ ᠲᠣᠰᠬᠤᠨ ᠳᠤ ᠬᠦᠷᠴᠦ᠂ ᠣᠨᠣᠯ ᠤᠨ ᠤᠬᠠᠭᠤᠯᠭ᠎ᠠ᠂ ᠭᠤᠤᠯ ᠰᠡᠳᠦᠪᠲᠦ ᠨᠠᠮ ᠤᠨ ᠡᠳᠦᠷᠯᠢᠭ ᠵᠡᠷᠭᠡ ᠬᠡᠯᠪᠡᠷᠢ ᠪᠠᠷ ᠳᠠᠮᠵᠢᠭᠤᠯᠤᠨ᠂ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢ ︽ᠡᠬᠡᠯ ᠠᠷᠠᠳ ᠤᠨ ᠬᠡᠷ ᠲᠤ ᠬᠦᠷᠭᠡᠵᠦ︾᠂ ᠣᠯᠠᠨ ᠲᠦᠮᠡᠨ ᠤ ᠨᠠᠮ ᠤᠨ ᠲᠤᠬᠠᠶ ᠤᠯᠤᠰ ᠲᠥᠷᠥ ᠶᠢᠨ ᠬᠠᠮᠲᠤ ᠶᠢᠨ ᠲᠠᠨᠢᠯᠲᠠ᠂ ᠦᠵᠡᠯ ᠰᠠᠨᠠᠭᠠᠨ ᠤ ᠬᠠᠮᠲᠤ ᠶᠢᠨ ᠲᠠᠨᠢᠯᠲᠠ᠂ ᠬᠠᠶᠢᠷ᠎ᠠ ᠰᠡᠳᠬᠢᠯᠭᠡ ᠶᠢᠨ ᠬᠠᠮᠲᠤ ᠶᠢᠨ ᠲᠠᠨᠢᠯᠲᠠ ᠶᠢ ᠴᠢᠩᠭᠠᠳᠬᠠᠨ᠎ᠠ᠃     ᠰᠤᠷᠭᠠᠭᠤᠯᠢ ᠳᠤ ᠦᠷᠨᠢᠬᠦᠯᠦᠨ᠎ᠡ     ᠵᠠᠯᠠᠭᠤᠴᠤᠳ ᠪᠠᠭᠠᠴᠤᠳ ᠤᠨ ᠣᠨᠴᠠᠯᠢᠭ ᠲᠠᠢ ᠤᠶᠠᠯᠳᠤᠭᠤᠯᠤᠨ ᠪᠡᠶ᠎ᠡ ᠶᠢᠨ ᠲᠠᠮᠢᠷ ᠤᠨ ᠬᠥᠳᠡᠯᠭᠡᠭᠡᠨ᠂ ᠤᠷᠠᠯᠢᠭ ᠤᠨ ᠦᠵᠡᠭᠦᠯᠭᠡ ᠶᠢᠨ ᠲᠣᠭᠯᠠᠯᠲᠠ᠂ ᠬᠠᠤᠯᠢ ᠪᠠᠷ ᠵᠠᠰᠠᠬᠤ ᠲᠠᠶᠢᠯᠤᠮᠵᠢ᠂ ᠳᠠᠭᠤᠷᠢᠶᠠᠮᠠᠯ ᠰᠢᠭᠦᠬᠦ ᠲᠢᠩᠬᠢᠮ᠂ ᠰᠣᠩᠭᠤᠳᠠᠭ ᠵᠣᠬᠢᠶᠠᠯ ᠢ ᠨᠡᠶᠢᠳᠡᠮ ᠤᠩᠰᠢᠬᠤ ᠵᠡᠷᠭᠡ ᠤᠯᠠᠨ ᠵᠦᠢᠯ ᠤᠨ ᠬᠡᠯᠪᠡᠷᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠪᠠ ᠬᠠᠤᠯᠢ ᠪᠠᠷ ᠵᠠᠰᠠᠬᠤ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠦᠨ᠎ᠡ᠃ ᠰᠤᠷᠭᠠᠭᠤᠯᠢ ᠶᠢᠨ ᠬᠦᠷᠢᠶᠡᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠵᠦ᠂ ︽ᠲᠤᠯᠤᠭᠠᠨ ᠨᠢᠭᠡ︾ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ︽ᠠᠨᠠᠷ ᠤᠨ ᠦᠷ᠎ᠡ︾ ᠬᠥᠮᠦᠨ ᠬᠥᠮᠦᠵᠢᠭᠦᠯᠬᠦ ᠢᠨᠵᠧᠨᠧᠷᠢᠩ ᠪᠣᠯᠤᠨ ︽ᠬᠡᠦᠬᠡᠳ ᠤᠨ ᠬᠡᠯᠡ ᠬᠠᠮᠲᠤ ᠶᠢᠨ ᠳᠠᠭᠤᠨ︾ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠪᠦᠬᠦ ᠲᠠᠯ᠎ᠠ ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠦᠬᠦ ᠲᠠᠯ᠎ᠠ ᠪᠠᠷ ᠳᠡᠯᠭᠡᠷᠡᠭᠦᠯᠦᠨ ᠬᠡᠷᠡᠭᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠡᠳᠦᠪᠲᠦ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠢ ᠰᠠᠶᠢᠲᠤᠷ ᠶᠠᠷᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠬᠠᠷᠠᠬᠠᠨ ᠪᠠᠭ᠎ᠠ ᠠᠴᠠ ᠨᠢ ᠬᠡᠦᠬᠡᠳ ᠤᠨ ᠰᠡᠳᠬᠢᠯ ᠳᠤ ᠬᠠᠲᠠᠩᠰᠢᠭᠤᠯᠤᠨ᠎ᠠ᠃     ᠴᠡᠷᠢᠭ ᠠᠩᠭᠢ ᠳᠤ ᠦᠷᠨᠢᠬᠦᠯᠦᠨ᠎ᠡ     ᠭᠤᠣᠯ ᠰᠡᠳᠦᠪᠲᠦ ᠨᠠᠮ ᠤᠨ ᠡᠳᠦᠷᠯᠢᠭ ᠤᠨ ᠠᠵᠢᠯᠯᠠᠭ᠎ᠠ᠂ ᠡᠯ᠎ᠡ ᠲᠦᠷᠦᠯ ᠤᠨ ᠲᠥᠪᠯᠡᠷᠡᠭᠦᠯᠦᠨ ᠪᠣᠯᠪᠠᠰᠤᠷᠠᠭᠤᠯᠬᠤ ᠡᠭᠡᠯᠵᠢᠯᠡᠨ ᠪᠣᠯᠪᠠᠰᠤᠷᠠᠭᠤᠯᠬᠤ᠂ ᠶᠡᠭᠡ ᠳᠡᠭᠡᠳᠦ ᠰᠤᠷᠭᠠᠭᠤᠯᠢ ᠶᠢᠨ ᠬᠥᠮᠦᠵᠢᠯ ᠪᠣᠯᠪᠠᠰᠤᠷᠠᠭᠤᠯᠤᠯ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠪᠠ ᠬᠠᠤᠯᠢ ᠪᠠᠷ ᠵᠠᠰᠠᠬᠤ ᠬᠥᠮᠦᠵᠢᠯ ᠤᠨ ᠬᠠᠪᠰᠤᠷᠤᠨ ᠵᠢᠯᠣᠭᠤᠳᠬᠤ ᠬᠢᠴᠢᠶᠡᠯ ᠢ ᠲᠤᠬᠢᠷᠠᠭᠤᠯᠵᠤ᠂ ᠬᠠᠪᠰᠤᠷᠤᠨ ᠳᠠᠭᠠᠭᠤᠯᠬᠤ ᠬᠠᠪᠰᠤᠷᠤᠨ ᠪᠠᠶᠢᠭᠤᠯᠬᠤ᠂ ᠴᠡᠭ ᠲᠤ ᠰᠠᠭᠤᠵᠤ ᠪᠠᠶᠢᠴᠠᠭᠠᠨ ᠰᠤᠳᠤᠯᠬᠤ ᠵᠡᠷᠭᠡ ᠲᠠᠢ ᠤᠶᠠᠯᠳᠤᠭᠤᠯᠤᠨ᠂ ᠨᠠᠮ ᠤᠨ ᠦᠨᠳᠦᠰᠦᠲᠡᠨ ᠤ ᠤᠨᠤᠯ ᠤᠨ ᠲᠦᠷᠦ ᠶᠢᠨ ᠪᠤᠳᠤᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠥᠷᠨᠢᠭᠦᠯᠵᠦ᠂ ᠦᠨᠳᠦᠰᠦᠲᠡᠨ ᠨᠦᠭᠦᠳ ᠤᠨ ᠴᠡᠷᠢᠭ ᠪᠠᠶᠢᠯᠳᠤᠭᠴᠢᠳ ᠢ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠤᠯᠤᠰ ᠢᠶᠠᠨ ᠬᠦᠴᠦᠷᠬᠡᠭᠵᠢᠭᠦᠯᠬᠦ ᠴᠡᠷᠢᠭ ᠢᠶᠠᠨ ᠬᠦᠴᠦᠷᠬᠡᠭᠵᠢᠭᠦᠯᠬᠦ ᠦᠢᠯᠡᠳᠦᠯᠭᠡ ᠳᠤ ᠤᠷᠤᠯᠴᠠᠭᠤᠯᠬᠤ ᠶᠢ ᠬᠦᠮᠦᠵᠢᠬᠦᠯᠦᠨ ᠵᠢᠯᠤᠭᠤᠳᠤᠨ᠎ᠠ᠃     ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠲᠤ ᠦᠷᠨᠢᠬᠦᠯᠦᠨ᠎ᠡ     ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠪᠠ ᠱᠠᠰᠢᠨ ᠰᠤᠷᠲᠠᠬᠤᠨ ᠤ ᠠᠵᠢᠯ ᠤᠨ ᠦᠨᠳᠦᠰᠦᠨ ᠴᠢᠭᠯᠡᠯᠲᠡ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠱᠠᠰᠢᠨ ᠰᠤᠷᠲᠠᠬᠤᠨ ᠤ ᠪᠠᠭᠰᠢ ᠠᠵᠢᠯᠲᠠᠨ ᠪᠠ ᠱᠠᠰᠢᠨ ᠰᠢᠲᠦᠭᠴᠢᠳ ᠲᠤ ᠬᠠᠨᠳᠤᠭᠤᠯᠤᠨ ᠦᠨᠳᠦᠰᠦᠨ ᠬᠠᠤᠯᠢ ᠪᠠ ᠦᠨᠳᠦᠰᠦᠲᠡᠨ ᠱᠠᠰᠢᠨ ᠰᠤᠷᠲᠠᠬᠤᠨ ᠤ ᠬᠦᠷᠢᠶᠡᠨ ᠳᠠᠬᠢ ᠬᠠᠤᠯᠢ ᠴᠠᠭᠠᠵᠠ ᠬᠠᠤᠯᠢ ᠲᠣᠭᠲᠠᠭᠠᠯ ᠢ ᠶᠡᠭᠡ ᠪᠠᠷ ᠤᠬᠠᠭᠤᠯᠵᠤ᠂ ᠡᠬᠡ ᠣᠷᠣᠨᠴᠢ ᠦᠵᠡᠯ ᠤᠨ ᠬᠥᠮᠦᠵᠢᠯ᠂ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠶᠢᠨ ᠬᠥᠮᠦᠵᠢᠯ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠤᠬᠠᠭᠤᠯᠭ᠎ᠠ ᠬᠥᠮᠦᠵᠢᠯ ᠢ ᠥᠷᠨᠢᠭᠦᠯᠵᠦ᠂ ᠱᠠᠰᠢᠨ ᠰᠤᠷᠲᠠᠬᠤᠨ ᠤ ᠪᠠᠭᠰᠢ ᠠᠵᠢᠯᠲᠠᠨ ᠪᠠ ᠱᠠᠰᠢᠨ ᠰᠢᠲᠦᠭᠴᠢᠳ ᠢ ᠦᠨᠳᠦᠰᠦᠲᠡᠨ ᠤ ᠪᠦᠯᠬᠦᠮᠳᠡᠯ᠂ ᠱᠠᠰᠢᠨ ᠰᠤᠷᠲᠠᠬᠤᠨ ᠤ ᠡᠶ᠎ᠡ ᠵᠣᠬᠢᠴᠠᠯ᠂ ᠨᠡᠶᠢᠭᠡᠮ ᠤᠨ ᠲᠣᠭᠲᠠᠭᠤᠨ ᠪᠠᠶᠢᠳᠠᠯ ᠢ ᠤᠬᠠᠮᠰᠠᠷ ᠠᠴᠠ ᠪᠠᠨ ᠬᠠᠮᠠᠭᠠᠯᠠᠬᠤ ᠶᠢ ᠢᠳᠡᠪᠬᠢᠲᠡᠶ ᠬᠥᠲᠥᠯᠥᠨ ᠵᠢᠯᠣᠭᠤᠳᠤᠨ᠎ᠠ᠃     ᠰᠤᠶᠤᠯ ᠵᠢᠭᠤᠯᠴᠢᠯᠠᠯ ᠤᠨ ᠲᠠᠯᠠᠪᠤᠷ ᠭᠠᠵᠠᠷ ᠲᠤ ᠦᠷᠨᠢᠬᠦᠯᠦᠨ᠎ᠡ     ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠲᠤᠰᠬᠠᠵᠤ ᠳᠡᠶᠢᠯᠬᠦ ᠲᠡᠦᠬᠡ ᠶᠢᠨ ᠳᠤᠷᠠᠰᠬᠠᠯᠲᠤ ᠵᠦᠢᠯᠡᠰ ᠪᠣᠯᠤᠨ ᠲᠡᠦᠬᠡ ᠶᠢᠨ ᠪᠣᠳᠠᠲᠤ ᠬᠡᠷᠡᠭ ᠢᠶᠠᠷ ᠠᠴᠢᠶᠠᠯᠠᠪᠤᠷᠢ ᠪᠣᠯᠭᠠᠵᠤ᠂ ᠵᠢᠷᠤᠭ ᠦᠰᠦᠭ ᠬᠤᠤᠰᠯᠠᠭᠤᠯᠤᠭᠰᠠᠨ ᠳᠡᠯᠭᠡᠨ ᠦᠵᠡᠭᠦᠯᠭᠡ ᠶᠢᠨ ᠰᠠᠮᠪᠠᠷ᠎ᠠ᠂ ᠪᠦᠷᠢᠨ ᠵᠠᠭᠤᠴᠢᠲᠤ ᠳᠡᠯᠭᠡᠨ ᠦᠵᠡᠭᠦᠯᠭᠡ ᠵᠡᠷᠭᠡ ᠠᠷᠭ᠎ᠠ ᠪᠠᠷᠢᠯ ᠢᠶᠠᠷ ᠲᠡᠦᠬᠡ ᠶᠢᠨ ᠳᠤᠷᠠᠰᠬᠠᠯᠲᠤ ᠵᠦᠢᠯᠡᠰ ᠲᠤ ᠠᠭᠤᠯᠤᠭᠳᠠᠵᠤ ᠪᠠᠶᠢᠭ᠎ᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠠᠭᠤᠯᠤᠭᠳᠠᠬᠤᠨ ᠢ ᠲᠣᠳᠣᠷᠬᠠᠶᠢᠯᠠᠨ ᠥᠭᠦᠯᠡᠨ᠎ᠡ᠃ ᠣᠲᠣ ᠶᠢᠨ ᠪᠠᠶᠢᠭ᠎ᠠ ᠳᠡᠯᠭᠡᠨ ᠦᠵᠡᠭᠦᠯᠬᠦ ᠪᠠᠶᠢᠷᠢᠰᠢᠭᠤᠯᠤᠯᠲᠠ ᠲᠠᠢ ᠤᠶᠠᠯᠳᠤᠭᠤᠯᠤᠨ᠂ ᠦᠨᠳᠦᠰᠦᠲᠡᠨ ᠨᠦᠭᠦᠳ ᠬᠠᠮᠲᠤᠪᠠᠷ ᠭᠥᠷᠳᠡᠬᠦ ᠳᠤᠮᠳᠠᠳᠤ ᠶᠢᠨ ᠰᠣᠶᠣᠯ ᠤᠨ ᠲᠡᠮᠳᠡᠭ ᠪᠠ ᠳᠦᠷᠢ ᠲᠥᠷᠬᠦ ᠶᠢ ᠰᠢᠭᠢᠳᠬᠡᠨ ᠣᠷᠣᠭᠤᠯᠵᠤ᠂ ᠤᠬᠠᠭᠤᠯᠤᠨ ᠳᠡᠯᠭᠡᠨ ᠦᠵᠡᠭᠦᠯᠬᠦ ᠶᠢ ᠴᠢᠩᠭᠠᠳᠬᠠᠨ᠂ ᠰᠣᠶᠣᠯ ᠵᠢᠭᠤᠯᠴᠢᠯᠠᠯ ᠤᠨ ᠠᠭᠤᠰᠤᠯᠴᠠᠯ ᠢ ᠠᠬᠢᠭᠤᠯᠵᠤ᠂ ᠰᠣᠶᠣᠯ ᠵᠢᠭᠤᠯᠴᠢᠯᠠᠯ ᠤᠨ ᠲᠠᠯᠠᠪᠤᠷ ᠭᠠᠵᠠᠷ ᠢ ᠨᠠᠮ ᠤᠨ ᠦᠨᠳᠦᠰᠦᠲᠡᠨ ᠤ ᠲᠤᠬᠠᠢ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠬᠤ ᠴᠢᠬᠤᠯᠠ ᠴᠤᠩᠬᠤᠪᠴᠢ ᠪᠣᠯᠭᠠᠨ᠎ᠠ᠃     ᠰᠦᠯᠵᠢᠶᠡᠨ ᠳᠤ ᠦᠷᠨᠢᠬᠦᠯᠦᠨ᠎ᠡ     ︽ᠢᠨᠲ᠋ᠧᠷ ᠰᠦᠯᠵᠢᠶ᠎ᠡ + ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠠᠵᠢᠯᠯᠠᠭᠠᠨ ᠢ ᠭᠦᠨᠵᠡᠭᠡᠶ ᠬᠡᠷᠡᠭᠵᠢᠭᠦᠯᠵᠦ᠂ ᠡᠯ᠎ᠡ ᠰᠠᠯᠠᠭ᠎ᠠ ᠮᠥᠴᠢᠷ ᠨᠢᠭᠡᠴᠢ ᠢᠯᠠᠩᠭᠤᠶ᠎ᠠ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠭᠡᠰᠢᠭᠦᠨ ᠨᠢᠭᠡᠴᠢ ᠨᠢ ᠫᠤᠷᠲ᠋ᠧᠯ ᠰᠦᠯᠵᠢᠶ᠎ᠡ ᠪᠤᠶᠤ ᠸᠢᠴᠠᠲ ᠤᠨ ᠣᠯᠠᠨ ᠨᠡᠶᠢᠲᠡ ᠶᠢᠨ ᠲᠠᠪᠴᠠᠩ ᠳᠤ ᠤᠬᠠᠭᠤᠯᠭ᠎ᠠ ᠶᠢᠨ ᠲᠤᠰᠬᠠᠶ ᠪᠤᠯᠤᠩ ᠭᠠᠷᠭᠠᠵᠤ᠂ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠲᠠᠶᠢᠯᠪᠤᠷᠢᠯᠠᠬᠤ ᠠᠵᠢᠯ ᠢ ᠰᠠᠶᠢᠲᠤᠷ ᠬᠢᠨ᠎ᠡ᠃ ᠡᠯ᠎ᠡ ᠭᠤᠤᠯ ᠵᠠᠭᠤᠴᠢᠯᠠᠭᠤᠷ ᠤᠨ ᠬᠢᠨ ᠰᠢᠨ᠎ᠡ ᠵᠠᠭᠤᠴᠢᠯᠠᠭᠤᠷ ᠤᠨ ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠦᠯᠵᠢᠶᠡᠨ ᠢᠷᠭᠡᠳ ᠤᠨ ᠳᠤᠷᠠᠲᠠᠶ᠎ᠠ ᠭᠥᠯᠢᠶᠡᠨ ᠠᠪᠬᠤ ᠣᠬᠤᠷ ᠸᠢᠳᠢᠣ᠋ ᠵᠡᠷᠭᠡ ᠪᠦᠲᠦᠭᠡᠯ ᠢ ᠵᠣᠬᠢᠶᠠᠨ ᠪᠦᠲᠦᠭᠡᠵᠦ ᠤᠬᠠᠭᠤᠯᠤᠨ ᠲᠠᠨᠢᠯᠴᠠᠭᠤᠯᠵᠤ᠂ ᠢᠨᠲ᠋ᠧᠷ ᠰᠦᠯᠵᠢᠶ᠎ᠡ ᠶᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠠᠮᠤᠭ ᠤᠨ ᠶᠡᠭᠡ ᠨᠡᠮᠡᠭᠳᠡᠯ ᠪᠤᠯᠭᠠᠨ᠎ᠠ᠃ ᠡᠯ᠎ᠡ ᠬᠦᠷᠢᠶ᠎ᠡ ᠴᠠᠷᠠᠭᠠᠨ ᠳᠤ ᠦᠷᠨᠢᠬᠦᠯᠦᠨ᠎ᠡ     ᠡᠯ᠎ᠡ ᠠᠵᠢᠯ ᠲᠥᠷᠥᠯ ᠤᠨ ᠬᠢᠨ ᠡᠷᠬᠡ ᠴᠢᠳᠠᠮᠵᠢ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ᠂ ᠠᠷᠭ᠎ᠠ ᠬᠡᠯᠪᠡᠷᠢ ᠪᠠ ᠠᠴᠢᠶᠠᠯᠠᠪᠤᠷᠢ ᠶᠢᠨ ᠲᠠᠯ᠎ᠠ ᠪᠠᠷ ᠢᠳᠡᠪᠬᠢᠲᠡᠶ ᠪᠠᠷ ᠰᠢᠨ᠎ᠡ ᠶᠢ ᠡᠭᠦᠳᠴᠦ᠂ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠭᠦᠨᠵᠡᠭᠡᠶ ᠤᠬᠠᠭᠤᠯᠤᠨ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠬᠠᠮᠲᠤ ᠶᠢᠨ ᠤᠬᠠᠮᠰᠠᠷ᠂ ᠡᠵᠡᠨ ᠬᠥᠮᠦᠨ ᠤ ᠤᠬᠠᠮᠰᠠᠷ᠂ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠬᠤ ᠤᠬᠠᠮᠰᠠᠷ᠂ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ ᠤᠬᠠᠮᠰᠠᠷ ᠢ ᠪᠠᠲᠤ ᠪᠣᠶ ᠪᠤᠯᠭᠠᠬᠤ ᠶᠢ ᠬᠦᠲᠦᠯᠦᠨ ᠵᠢᠯᠤᠭᠤᠳᠴᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠠᠶᠢᠭᠤᠯᠬᠤ ᠠᠭᠤᠤ ᠶᠡᠭᠡ ᠦᠢᠯᠡᠳᠦᠯᠭᠡ ᠳᠤ ᠤᠬᠠᠮᠰᠠᠷ ᠠᠴᠠ ᠪᠠᠨ ᠤᠷᠤᠯᠴᠠᠬᠤ ᠪᠤᠯᠭᠠᠨ᠎ᠠ᠃     ᠭᠤᠣᠯ ᠲᠠᠯᠠᠪᠤᠷ ᠤᠨ ᠭᠤᠣᠯᠳᠠᠯᠭ᠎ᠠ ᠲᠠᠢ ᠠᠵᠢᠯ     1. ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠦᠨ᠎ᠡ᠃     ︽ᠬᠥᠯᠥᠨ ᠪᠤᠶᠢᠷ ᠢ ᠤᠶᠢᠯᠠᠭᠠᠬᠤ︾ ᠤᠮᠠᠷᠠᠲᠤ ᠬᠢᠯᠢ ᠶᠢᠨ ᠰᠣᠶᠣᠯ ᠤᠨ ᠴᠤᠭᠯᠠᠭᠠᠨ ᠵᠢᠴᠢ ︽ᠠᠨᠠᠷ ᠤᠨ ᠦᠷ᠎ᠡ ᠶᠢᠨ ᠬᠡᠷ ᠣᠷᠣᠨ︾ ᠤ ᠣᠷᠴᠢᠭᠤᠯᠭ᠎ᠠ ᠶᠢᠨ ᠪᠦᠲᠦᠭᠡᠯ ᠰᠣᠯᠢᠯᠴᠠᠬᠤ ᠬᠤᠷᠠᠯ ᠢ ᠦᠷᠨᠢᠬᠦᠯᠦᠨ᠎ᠡ᠄ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ︽ᠠᠨᠠᠷ ᠤᠨ ᠴᠡᠴᠡᠭ ᠤᠮᠠᠷᠠᠲᠤ ᠬᠢᠯᠢ ᠳᠡᠯᠭᠡᠷᠡᠬᠦ︾ ᠭᠤᠤᠯ ᠰᠡᠳᠦᠪᠲᠦ ᠵᠣᠬᠢᠶᠠᠯ ᠡᠯᠰᠡᠬᠦ ᠠᠵᠢᠯᠯᠠᠭ᠎ᠠ ᠦᠷᠨᠢᠬᠦᠯᠦᠨ᠎ᠡ᠄ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠥᠬᠦ ᠬᠤᠲᠠ ᠶᠢᠨ ᠲᠠᠪᠤᠳᠤᠭᠠᠷ ᠬᠤᠭᠤᠴᠠᠭᠠᠨ ᠤ ᠣᠷᠴᠢᠭᠤᠯᠤᠭᠴᠢᠳ ᠤᠨ ᠪᠣᠯᠪᠠᠰᠤᠷᠠᠯ ᠤᠨ ᠠᠩᠭᠢ ᠡᠷᠬᠢᠯᠡᠨ᠎ᠡ︔ ᠬᠥᠯᠥᠨ ᠪᠤᠶᠢᠷ ᠬᠤᠲᠠ ᠶᠢᠨ ᠤᠤᠯ ᠤᠨ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭᠰᠠᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠠᠷᠪᠠᠨ ᠨᠢᠭᠡᠳᠦᠭᠡᠷ ᠬᠤᠭᠤᠴᠠᠭᠠᠨ ᠤ ᠨᠡᠷᠡᠨ ᠭᠡᠷᠡᠯᠲᠦ ᠰᠤᠷᠭᠠᠭᠤᠯᠢ ᠶᠢᠨ ᠬᠦᠷᠢᠶᠡᠨ ᠤ ︽ᠣᠳᠣᠨ ᠨᠡᠪᠲᠡᠷᠡᠭᠦᠯᠥᠭᠴᠢ︾ ᠶᠢᠨ ᠤᠷᠤᠯᠳᠤᠭᠠᠨ ᠵᠢᠴᠢ ᠲᠠᠪᠤᠳᠤᠭᠠᠷ ᠬᠤᠭᠤᠴᠠᠭᠠᠨ ᠤ ᠰᠣᠨᠣᠰᠴᠤ ᠪᠢᠴᠢᠬᠦ ᠤᠷᠤᠯᠳᠤᠭᠠᠨ ᠢ ᠥᠷᠨᠢᠭᠦᠯᠦᠨ᠎ᠡ᠃ ᠭᠤᠤᠯᠯᠠᠨ ᠡᠷᠬᠢᠯᠡᠬᠦ ᠨᠢᠭᠡᠴᠢ᠄ ᠬᠤᠲᠠ ᠶᠢᠨ ᠦᠨᠳᠦᠰᠦᠳᠡᠨ ᠤ ᠬᠡᠷᠡᠭ ᠡᠷᠬᠢᠯᠡᠬᠦ ᠵᠥᠪᠯᠡᠯ 2. ︽ᠦᠨᠳᠦᠰᠦᠲᠡᠨ ᠤ ᠪᠦᠯᠬᠦᠮᠳᠡᠯ ᠤᠨ ᠡᠮᠡᠭᠲᠡᠶᠢᠴᠦᠳ ᠤᠨ ᠠᠵᠢᠯᠯᠠᠭ᠎ᠠ︾ ᠶᠢᠨ ᠰᠢᠷᠢᠰ ᠠᠵᠢᠯᠯᠠᠭ᠎ᠠ ᠦᠷᠨᠢᠬᠦᠯᠵᠦ ︽ᠠᠨᠠᠷ ᠤᠨ ᠮᠣᠳᠣ ᠦᠨᠳᠦᠰᠦ ᠪᠠᠷ ᠢᠶᠠᠨ ᠵᠠᠯᠭᠠᠯᠳᠤᠬᠤ᠂ ᠠᠨᠠᠷ ᠤᠨ ᠦᠷ᠎ᠡ ᠰᠡᠳᠬᠢᠯ ᠢᠶᠠᠷ ᠢᠶᠠᠨ ᠬᠤᠯᠪᠤᠯᠳᠤᠬᠤ᠂ ᠠᠨᠠᠷ ᠤᠨ ᠴᠡᠴᠡᠭ ᠤᠮᠠᠷᠠᠲᠤ ᠬᠢᠯᠢ ᠪᠠᠷ ᠪᠠᠳᠠᠷᠠᠨ ᠳᠡᠯᠭᠡᠷᠡᠬᠦ︾ ᠪᠠᠷ ᠭᠤᠤᠯ ᠰᠡᠳᠦᠪ ᠪᠤᠯᠭᠠᠵᠤ᠂ ︽ᠬᠥᠯᠥᠨ ᠪᠤᠶᠢᠷ ᠤᠨ ᠡᠮᠡᠭᠲᠡᠶᠢᠴᠦᠳ ᠤᠨ ᠶᠠᠷᠢᠶᠠᠨ ᠤ ᠲᠠᠶᠢᠯᠤᠮᠵᠢ︾ ᠶᠢ ᠭᠦᠨᠵᠡᠭᠡᠶᠢᠷᠡᠭᠦᠯᠵᠦ᠂ ︽ᠠᠷᠪᠠᠨ ᠵᠠᠭᠤᠨ ᠮᠢᠩᠭᠠᠨ ᠲᠦᠮᠡᠨ︾ ᠤᠮᠠᠷᠠᠲᠤ ᠬᠢᠯᠢ ᠶᠢᠨ ᠡᠮᠡᠭᠲᠡᠶᠢᠴᠦᠳ ᠤᠨ ᠶᠡᠭᠡ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ᠂ ︽ᠦᠨᠳᠦᠰᠦᠲᠡᠨ ᠤ ᠪᠦᠯᠬᠦᠮᠳᠡᠯ ᠤᠨ ᠬᠠᠮᠤᠭ ᠤᠨ ᠭᠤᠶᠣ ᠬᠡᠷ ᠪᠦᠯᠢ ᠶᠢᠨ ᠦᠵᠡᠭᠦᠯᠭᠡ︾ ︽ᠰᠢᠨ᠎ᠡ ᠠᠶᠠᠨ ᠵᠠᠮ ᠤᠨ ᠴᠤᠤᠷᠢᠶ᠎ᠠ · ᠤᠮᠠᠷᠠᠲᠤ ᠬᠢᠯᠢ ᠶᠢᠨ ᠡᠮᠡᠭᠲᠡᠶᠢᠴᠦᠳ ᠤᠨ ᠶᠠᠷᠢᠶ᠎ᠠ︾ ︽ᠬᠡᠷ ᠤᠨ ᠰᠤᠷᠭᠠᠯ ᠤᠨ ᠬᠦᠮᠦᠵᠢᠯ ᠪᠤᠶᠢᠵᠢᠯᠲᠠ︾ ᠬᠡᠷ ᠪᠦᠯᠢ ᠶᠢᠨ ᠬᠥᠮᠦᠵᠢᠯ ᠤᠨ ᠤᠬᠠᠭᠤᠯᠭ᠎ᠠ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠬᠦᠯᠦᠨ ᠪᠤᠶᠢᠷ ᠬᠤᠲᠠ ᠶᠢᠨ ᠡᠮᠡᠭᠲᠡᠶᠢᠴᠦᠳ ᠤᠨ ᠰᠠᠶᠢᠨ ᠳᠤᠷ᠎ᠠ ᠶᠢᠨ ᠦᠢᠯᠡᠴᠢᠯᠡᠭᠡ ᠶᠢᠨ ᠠᠷᠪᠠᠨ ᠶᠡᠭᠡ ᠠᠵᠢᠯᠯᠠᠭᠠᠨ ᠢ ᠠᠬᠢᠭᠤᠯᠵᠤ᠂ ᠲᠦᠮᠡᠨ ᠨᠡᠷ᠎ᠡ ᠡᠮᠡᠭᠲᠡᠶᠢᠴᠦᠳ ᠤᠨ ᠰᠠᠶᠢᠨ ᠳᠤᠷ᠎ᠠ ᠶᠢᠨ ᠦᠢᠯᠡᠴᠢᠯᠡᠭᠡ ᠶᠢᠨ ᠠᠵᠢᠯᠯᠠᠭᠠᠨ ᠦᠷᠨᠢᠬᠦᠯᠦᠨ᠎ᠡ᠃ ᠭᠤᠤᠯᠯᠠᠨ ᠡᠷᠬᠢᠯᠡᠬᠦ ᠨᠢᠭᠡᠴᠢ᠄ ᠬᠤᠲᠠ ᠶᠢᠨ ᠡᠮᠡᠭᠲᠡᠶᠢᠴᠦᠳ ᠤᠨ ᠬᠤᠯᠪᠣᠭ᠎ᠠ     3. ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠠᠵᠢᠯᠯᠠᠭ᠎ᠠ ᠶᠢ ᠥᠷᠨᠢᠭᠦᠯᠦᠨ᠎ᠡ᠃ ᠡᠯ᠎ᠡ ᠱᠠᠲᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠢ ᠨᠦᠭᠦᠳ ᠵᠢᠱᠢᠶ᠎ᠡ ᠦᠵᠡᠭᠦᠯᠵᠦ ᠦᠯᠢᠭᠡᠷ ᠳᠠᠭᠤᠷᠢᠶᠠᠯ ᠪᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠣᠯᠠᠨ ᠠᠷᠭ᠎ᠠ ᠵᠠᠮ ᠢᠶᠠᠷ ᠤᠬᠠᠭᠤᠯᠭ᠎ᠠ ᠶᠢᠨ ᠠᠵᠢᠯ ᠢ ᠰᠠᠶᠢᠲᠤᠷ ᠬᠢᠨ᠎ᠡ᠃ ᠡᠯ᠎ᠡ ᠱᠠᠲᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠲᠦᠷᠦᠭᠦᠯᠡᠨ ᠦᠨᠳᠦᠰᠦᠨ ᠱᠠᠲᠤᠨ ᠳᠤ ᠭᠦᠨᠵᠡᠭᠡᠶᠢᠷᠡᠵᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠦᠷᠨᠢᠬᠦᠯᠦᠨ᠎ᠡ᠃ ᠡᠯ᠎ᠡ ᠱᠠᠲᠤᠨ ᠤ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠤᠨ ᠬᠢᠨ ᠬᠤᠯᠪᠤᠭᠠᠯᠠᠨ ᠰᠤᠷᠤᠯᠴᠠᠵᠤ ᠬᠤᠯᠪᠤᠭᠠᠯᠠᠨ ᠪᠠᠶᠢᠭᠤᠯᠬᠤ ᠵᠡᠷᠭᠡ ᠭᠤᠣᠯ ᠰᠡᠳᠦᠪᠲᠦ ᠠᠵᠢᠯᠯᠠᠭ᠎ᠠ ᠦᠷᠨᠢᠬᠦᠯᠦᠨ᠎ᠡ᠃     ᠭᠤᠤᠯᠯᠠᠨ ᠡᠷᠬᠢᠯᠡᠬᠦ ᠨᠢᠭᠡᠴᠢ᠄ ᠬᠤᠲᠠ ᠶᠢᠨ ᠦᠨᠳᠦᠰᠦᠳᠡᠨ ᠤ ᠬᠡᠷᠡᠭ ᠡᠷᠬᠢᠯᠡᠬᠦ ᠵᠥᠪᠯᠡᠯ    4. ᠦᠨᠳᠦᠰᠦᠲᠡᠨ ᠤ ᠠᠵᠢᠯ ᠤᠨ ᠰᠡᠳᠦᠪ ᠤᠨ ᠰᠤᠳᠤᠯᠭᠠᠨ ᠤ ᠪᠠᠷᠢᠮᠵᠢᠶ᠎ᠠ ᠶᠢ ᠳᠡᠭᠡᠭᠰᠢᠯᠡᠭᠦᠯᠦᠨ ᠴᠢᠨᠠᠷ ᠢ ᠨᠡᠮᠡᠭᠳᠡᠭᠦᠯᠬᠦ ᠠᠵᠢᠯᠯᠠᠭ᠎ᠠ ᠶᠢ ᠥᠷᠨᠢᠭᠦᠯᠦᠨ᠎ᠡ᠃     ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠣᠨᠣᠯ ᠪᠠ ᠪᠣᠳᠠᠲᠤ ᠠᠰᠠᠭᠤᠳᠠᠯ ᠤᠨ ᠰᠤᠳᠤᠯᠭᠠᠨ ᠢ ᠪᠠᠲᠤ ᠴᠣᠭᠴᠠᠯᠠᠬᠤ ᠶᠢ ᠠᠬᠢᠭᠤᠯᠵᠤ᠂ ᠮᠠᠨ ᠤ ᠬᠤᠲᠠ ᠶᠢᠨ ᠳᠠᠭᠠᠭᠠᠨ ᠠᠪᠤᠭᠰᠠᠨ 2025 ᠣᠨ ᠤ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠰᠤᠳᠤᠯᠭᠠᠨ ᠤ ᠰᠡᠳᠦᠪ ︽ᠬᠥᠯᠥᠨ ᠪᠤᠶᠢᠷ ᠤᠨ ︿ᠠᠭᠤᠰᠤᠯᠴᠠᠯ ᠤᠨ ᠵᠠᠮ﹀ ᠤᠨ ᠣᠨᠣᠯ ᠪᠠ ᠦᠢᠯᠡᠳᠦᠯᠭᠡ ᠶᠢᠨ ᠰᠤᠳᠤᠯᠤᠯ︾ ᠤᠨ ᠲᠥᠷᠥᠯ ᠵᠦᠢᠯ ᠢ ᠪᠠᠲᠤᠲᠠᠶ ᠠᠬᠢᠭᠤᠯᠵᠤ᠂ ᠬᠥᠯᠥᠨ ᠪᠤᠶᠢᠷ ᠬᠤᠲᠠ ᠶᠢᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠡᠬᠢᠯᠡᠭᠦᠯᠦᠭᠰᠡᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ︿ᠣᠷᠣᠨ ᠨᠤᠲᠤᠭ ᠠᠵᠤ ᠠᠬᠤᠶᠢᠯᠠᠯ ᠬᠤᠯᠪᠣᠭᠠᠯᠠᠨ ᠬᠥᠳᠡᠯᠦᠯᠴᠡᠬᠦ﹀ ᠦᠢᠯᠡᠳᠦᠯᠭᠡ ᠶᠢᠨ ᠲᠤᠷᠰᠢᠯᠭ᠎ᠠ ᠶᠢᠨ ᠰᠥᠪᠡᠭᠴᠢᠯᠡᠯᠲᠡ︾ ︽ᠬᠥᠯᠥᠨ ᠪᠤᠶᠢᠷ ᠬᠤᠲᠠ ᠶᠢᠨ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠪᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠴᠣᠭᠴᠠᠯᠠᠬᠤ ᠦᠢᠯᠡᠳᠦᠯᠭᠡ ᠶᠢᠨ ᠠᠷᠭ᠎ᠠ ᠵᠠᠮ ᠤᠨ ᠰᠤᠳᠤᠯᠤᠯ︾ ᠵᠡᠷᠭᠡ 4 ᠰᠤᠳᠤᠯᠭᠠᠨ ᠤ ᠰᠡᠳᠦᠪ ᠢ ᠪᠡᠶᠡᠯᠡᠭᠦᠯᠬᠦ ᠶᠢᠨ ᠬᠠᠮᠲᠤ ᠰᠤᠳᠤᠯᠭᠠᠨ ᠤ ᠦᠷ᠎ᠡ ᠪᠦᠲᠦᠭᠡᠯ ᠢ ᠤᠯᠠᠷᠢᠭᠤᠯᠬᠤ ᠶᠢ ᠪᠡᠶᠡᠯᠡᠭᠦᠯᠦᠨ᠎ᠡ᠃ ᠭᠤᠤᠯᠯᠠᠨ ᠡᠷᠬᠢᠯᠡᠬᠦ ᠨᠢᠭᠡᠴᠢ᠄ ᠬᠤᠲᠠ ᠶᠢᠨ ᠦᠨᠳᠦᠰᠦᠳᠡᠨ ᠤ ᠬᠡᠷᠡᠭ ᠡᠷᠬᠢᠯᠡᠬᠦ ᠵᠥᠪᠯᠡᠯ     5. ᠰᠦᠯᠵᠢᠶᠡᠨ ᠤ ᠦᠷᠢᠰᠦᠯᠳᠦᠭᠡᠨᠲᠦ ᠬᠠᠷᠢᠭᠤᠯᠲᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠣᠷᠣᠯᠴᠠᠨ᠎ᠠ᠃ ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠤᠨ ᠬᠤᠭᠤᠴᠠᠭᠠᠨ ᠳᠤ᠂ ᠪᠥᠬᠦ ᠣᠷᠣᠨ ᠤ ︽ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢᠨ ᠰᠦᠯᠵᠢᠶᠡᠨ ᠤ ᠱᠠᠩᠨᠠᠯᠲᠤ ᠮᠡᠳᠡᠯᠭᠡ ᠶᠢᠨ ᠤᠷᠤᠯᠳᠤᠭᠠᠨ ᠤ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠣᠷᠣᠯᠴᠠᠨ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢᠭᠡᠴᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠨᠠᠷᠢᠨ ᠨᠢᠮᠪᠠᠶ ᠵᠣᠬᠢᠶᠠᠨ ᠪᠠᠶᠢᠭᠤᠯᠵᠤ ᠲᠤᠬᠢᠷᠠᠭᠤᠯᠤᠨᠠ᠄ ᠥᠷᠭᠡᠨ ᠢᠶᠠᠷ ᠳᠠᠶᠢᠴᠢᠯᠠᠨ ᠣᠷᠣᠯᠴᠠᠭᠤᠯᠵᠤ᠂ ᠲᠣᠰ ᠰᠠᠯᠠᠭ᠎ᠠ ᠮᠥᠴᠢᠷ᠂ ᠲᠣᠰ ᠨᠢᠭᠡᠴᠡ ᠶᠢᠨ ᠢᠶᠠᠨ ᠠᠯᠪᠠᠨ ᠰᠦᠯᠵᠢᠶ᠎ᠡ ᠪᠠ ᠸᠢᠴᠠᠲ ᠤᠨ ᠣᠯᠠᠨ ᠨᠡᠶᠢᠲᠡ ᠶᠢᠨ ᠳᠠᠪᠴᠠᠩ ᠳᠡᠭᠡᠷ᠎ᠡ ᠰᠠᠶᠢᠲᠤᠷ ᠤᠬᠠᠭᠤᠯᠵᠤ᠂ ᠠᠵᠢᠯᠯᠠᠭ᠎ᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠨ᠂ ᠨᠡᠶᠢᠭᠡᠮ ᠤᠨ ᠨᠦᠯᠦᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃     ᠳᠠᠭᠠᠭᠠᠴᠢᠯᠠᠨ ᠭᠦᠢᠴᠡᠳᠬᠡᠬᠦ ᠨᠢᠭᠡᠴᠢ᠄ ᠡᠯ᠎ᠡ ᠬᠤᠰᠢᠭᠤ ᠬᠤᠲᠠ ᠲᠣᠭᠤᠷᠢᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠭᠡᠴᠢ ᠠᠵᠢᠯ ᠤᠨ ᠱᠠᠭᠠᠷᠳᠠᠯᠭ᠎ᠠ ︵ᠨᠢᠭᠡ︶ ᠵᠥᠪ ᠴᠢᠭᠯᠡᠯ ᠢ ᠡᠵᠡᠮᠳᠡᠨ᠎ᠡ᠃ ᠨᠠᠮ ᠤᠨ ᠦᠨᠳᠦᠰᠦᠲᠡᠨ ᠤ ᠤᠨᠤᠯ ᠲᠦᠷᠦ ᠶᠢᠨ ᠪᠤᠳᠤᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠠᠵᠢᠯ ᠳᠤ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ᠂ ᠤᠳᠤᠷᠢᠳᠤᠮᠵᠢ ᠶᠢ ᠰᠠᠶᠢᠲᠤᠷ ᠡᠵᠡᠮᠳᠡᠵᠦ᠂ ᠴᠠᠭ ᠬᠡᠮᠵᠢᠶ᠎ᠡ ᠦᠷ᠎ᠡ ᠪᠦᠲᠦᠮᠵᠢ ᠶᠢ ᠰᠠᠶᠢᠲᠤᠷ ᠡᠵᠡᠮᠳᠡᠬᠦ ᠬᠡᠷᠡᠭᠲᠡᠢ᠃    ︵ᠬᠤᠶᠠᠷ︶ ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠬᠦ ᠶᠢ ᠴᠢᠬᠤᠯᠠᠴᠢᠯᠠᠨ᠎ᠠ᠃ ᠡᠯ᠎ᠡ ᠰᠠᠯᠠᠭ᠎ᠠ ᠮᠥᠴᠢᠷ ᠨᠢᠭᠡᠴᠢ ᠨᠢ ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠮᠠᠷᠬᠠᠨ ᠭᠥᠯᠢᠶᠡᠨ ᠠᠪᠬᠤ ᠬᠡᠯᠪᠡᠷᠢ ᠪᠠᠷ ᠤᠬᠠᠭᠤᠯᠭ᠎ᠠ ᠶᠢᠨ ᠠᠵᠢᠯ ᠢ ᠥᠷᠨᠢᠭᠦᠯᠵᠦ᠂ ᠪᠣᠳᠠᠲᠤ ᠬᠡᠷᠡᠭ ᠤᠨ ᠲᠤᠭ᠎ᠠ ᠪᠠᠷᠢᠮᠲᠠ᠂ ᠨᠡᠶᠢᠲᠡᠯᠢᠭ ᠬᠡᠷᠡᠭ ᠤᠨ ᠵᠢᠱᠢᠶ᠎ᠡ ᠪᠠᠷ ᠶᠣᠰᠣ ᠤᠴᠢᠷ ᠢ ᠲᠣᠳᠣᠷᠬᠠᠶ ᠶᠠᠷᠢᠬᠤ ᠳᠠᠭᠠᠨ ᠴᠢᠳᠠᠮᠠᠭᠠᠶ ᠪᠠᠶᠢᠬᠤ ᠬᠡᠷᠡᠭᠲᠡᠶ᠃    ︵ᠭᠤᠷᠪᠠ︶ ᠲᠤᠷᠰᠢᠯᠭ᠎ᠠ ᠪᠠᠨ ᠳ᠋ᠦᠩᠨᠡᠬᠦ ᠶᠢ ᠴᠢᠩᠭᠠᠳᠬᠠᠨ᠎ᠠ᠃ ᠡᠯ᠎ᠡ ᠰᠠᠯᠠᠭ᠎ᠠ ᠮᠥᠴᠢᠷ ᠨᠢᠭᠡᠴᠢ ᠶᠢᠨ ᠬᠢᠨ ᠬᠡᠷᠡᠭᠵᠢᠭᠦᠯᠵᠦ ᠪᠠᠶᠢᠭ᠎ᠠ ᠪᠦᠲᠦᠮᠵᠢᠲᠡᠶ ᠲᠤᠷᠰᠢᠯᠭ᠎ᠠ ᠪᠠ ᠠᠷᠭ᠎ᠠ ᠬᠢᠳᠡᠯ ᠢᠶᠠᠨ ᠴᠠᠭ ᠲᠤᠬᠠᠶ ᠳᠤᠨᠢ ᠳ᠋ᠦᠩᠨᠡᠵᠦ᠂ ᠨᠠᠮ ᠤᠨ ᠦᠨᠳᠦᠰᠦᠲᠡᠨ ᠤ ᠲᠤᠬᠠᠢ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠬᠥᠮᠦᠵᠢᠯ ᠤᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠶ᠃    ᠬᠥᠯᠥᠨ ᠪᠤᠶᠢᠷ ᠬᠤᠲᠠ ᠶᠢᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠬᠠᠭᠤᠯᠪᠠ 
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ