| ︽ᠦᠨᠳᠦᠰᠦᠲᠡᠨ ᠤ ᠪᠦᠯᠬᠦᠮᠳᠡᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠶᠢᠨ ᠰᠢᠷᠢᠰ ᠠᠵᠢᠯᠯᠠᠭ᠎ᠠ ᠶᠢ ᠰᠠᠶᠢᠲᠤᠷ ᠵᠣᠬᠢᠶᠠᠨ | ᠪᠠᠶᠢᠭᠤᠯᠤᠨ ᠬᠡᠷᠡᠭᠵᠢᠭᠦᠯᠬᠦ ᠶᠢᠨ ᠲᠥᠯᠥᠭᠡ᠂ ᠣᠶᠢᠷ᠎ᠠ ᠶᠢᠨ ᠡᠳᠦᠷ ᠤᠳ ᠲᠤ᠂ ᠰᠤᠶᠤᠯ ᠨᠡᠶᠢᠭᠡᠮ ᠲᠣᠭᠤᠷᠢᠭ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠤᠬᠠᠭᠤᠯᠭ᠎ᠠ ᠶᠢᠨ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠰᠤᠷᠭᠠᠨ | ᠬᠥᠮᠦᠵᠢᠯ ᠤᠨ ᠠᠴᠢᠶᠠᠯᠠᠪᠤᠷᠢ ᠶᠢ ᠪᠠᠶᠠᠯᠢᠭᠵᠢᠭᠤᠯᠤᠨ᠂ ᠥᠷᠭᠡᠨ ᠢᠶᠠᠷ ᠳᠠᠶᠢᠴᠢᠯᠠᠵᠤ᠂ ᠪᠥᠬᠦ ᠣᠷᠣᠨ ᠪᠦᠰᠡ ᠶᠢ ᠬᠠᠮᠤᠷᠴᠤ᠂ ᠳᠡᠭᠡᠳᠦ ᠳᠣᠤᠷᠠᠳᠤ ᠱᠠᠲᠤ | ᠬᠤᠯᠪᠣᠭᠠᠯᠠᠨ ᠬᠥᠳᠡᠯᠦᠯᠴᠡᠵᠦ᠂ ᠦᠨᠳᠦᠰᠦᠲᠡᠨ ᠤ ᠪᠦᠯᠬᠦᠮᠳᠡᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠬᠥᠮᠦᠵᠢᠯ ᠢ ᠢᠯᠡ ᠪᠥᠭᠡᠳ ᠪᠦᠲᠦᠮᠵᠢᠲᠡᠶ | ᠥᠷᠨᠢᠭᠦᠯᠵᠦ᠂ ᠨᠡᠶᠢᠭᠡᠮ ᠲᠣᠭᠤᠷᠢᠭ ᠤᠨ ᠬᠦᠴᠦᠨ ᠢ ᠨᠢᠭᠲᠠᠷᠠᠭᠤᠯᠤᠨ᠂ ᠦᠨᠳᠦᠰᠦᠲᠡᠨ ᠤ ᠪᠦᠯᠬᠦᠮᠳᠡᠯ ᠤᠨ ᠰᠡᠳᠬᠢᠯ ᠨᠢᠭᠡᠳᠬᠦ ᠲᠣᠭᠤᠷᠢᠭ ᠢ ᠬᠠᠮᠲᠤ ᠪᠠᠷ | ᠵᠢᠷᠤᠭᠯᠠᠪᠠ᠃ | ᠨᠢᠭᠡ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠄ ᠣᠯᠠᠨ ᠲᠠᠯ᠎ᠠ ᠪᠠᠷ ᠤᠯᠠᠮᠵᠢᠯᠠᠨ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠬᠥᠮᠦᠰ ᠤᠨ | ᠰᠡᠳᠬᠢᠯ ᠳᠤ ᠬᠠᠳᠠᠩᠰᠢᠭᠤᠯᠤᠨ᠎ᠠ | ᠠᠵᠢᠯᠯᠠᠭ᠎ᠠ ᠶᠢᠨ ᠬᠤᠭᠤᠴᠠᠭᠠᠨ ᠳᠤ᠂ ᠨᠡᠶᠢᠭᠡᠮ ᠲᠣᠭᠤᠷᠢᠭ ᠤᠨ ᠬᠢᠨ ︽ᠰᠦᠯᠵᠢᠶᠡᠨ ᠳᠡᠭᠡᠷ᠎ᠡ ᠬᠤᠯᠪᠣᠭᠠᠯᠠᠨ ᠬᠥᠳᠡᠯᠦᠯᠴᠡᠵᠦ ᠰᠦᠯᠵᠢᠶᠡᠨ ᠭᠠᠳᠠᠨ᠎ᠠ | ᠭᠤᠣᠯᠳᠠᠯᠭ᠎ᠠ ᠲᠠᠢ ᠬᠠᠯᠠᠮᠵᠢᠯᠠᠯ ᠢ ᠬᠠᠮᠤᠷᠬᠤ︾ ᠠᠷᠭ᠎ᠠ ᠬᠡᠯᠪᠡᠷᠢ ᠪᠠᠷ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠲᠦᠭᠡᠮᠡᠯᠵᠢᠭᠦᠯᠦᠨ᠎ᠡ᠃ ᠨᠡᠶᠢᠭᠡᠮ | ᠲᠣᠭᠤᠷᠢᠭ ᠤᠨ LED ᠡᠯᠧᠺᠲᠷᠤᠨ ᠲᠣᠮᠣ ᠳᠡᠯᠭᠡᠴᠡ ᠪᠠ ᠵᠠᠷ ᠮᠡᠳᠡᠭᠡ ᠳᠤ ᠦᠨᠳᠦᠰᠦᠲᠡᠨ ᠤ ᠪᠦᠯᠬᠦᠮᠳᠡᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ | ᠰᠠᠷ᠎ᠠ ᠶᠢᠨ ᠵᠠᠷᠯᠠᠯ ᠪᠠ ᠬᠡᠪ ᠵᠠᠩᠰᠢᠯ ᠢ ᠥᠭᠡᠷᠡᠴᠢᠯᠡᠬᠦ ᠵᠠᠷᠯᠠᠯ ᠢ ᠦᠷᠭᠦᠯᠵᠢᠯᠡᠨ ᠨᠡᠪᠲᠡᠷᠡᠭᠦᠯᠵᠦ᠂ ᠰᠠᠭᠤᠭᠠᠯᠢ ᠠᠷᠠᠳ ᠲᠤ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ | ᠮᠡᠳᠡᠯᠭᠡ ᠵᠢᠴᠢ ᠡᠯ᠎ᠡ ᠵᠦᠢᠯ ᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠮᠠᠲ᠋ᠧᠷᠢᠶᠠᠯ ᠵᠡᠷᠭᠡ ᠮᠠᠲ᠋ᠧᠷᠢᠶᠠᠯ ᠢ 200 ᠭᠠᠷᠤᠶ | ᠬᠤᠪᠢ ᠲᠠᠷᠬᠠᠭᠠᠵᠤ᠂ ᠵᠢᠷᠤᠭ ᠪᠢᠴᠢᠭ ᠢ ᠬᠤᠣᠰᠯᠠᠭᠤᠯᠤᠨ ᠲᠥᠷᠥ ᠶᠢᠨ ᠪᠣᠳᠣᠯᠭ᠎ᠠ ᠶᠢᠨ ᠭᠤᠤᠯᠳᠠᠯᠭ᠎ᠠ ᠶᠢ ᠲᠠᠶᠢᠯᠪᠤᠷᠢᠯᠠᠵᠤ᠂ ᠰᠠᠭᠤᠭᠠᠯᠢ ᠠᠷᠠᠳ ᠲᠤ | ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠴᠢᠬᠤᠯᠠ ᠠᠴᠢ ᠬᠤᠯᠪᠣᠭᠳᠠᠯ ᠢ ᠣᠶᠢᠯᠠᠭᠠᠭᠤᠯᠬᠤ ᠶᠢᠨ ᠬᠠᠮᠲᠤ ᠥᠪᠡᠷ ᠤᠨ ᠡᠷᠬᠡ ᠪᠠ ᠡᠭᠦᠷᠭᠡ ᠪᠠᠨ | ᠲᠣᠳᠣᠷᠬᠠᠶᠢᠯᠠᠵᠤ᠂ ᠬᠠᠤᠯᠢ ᠪᠠᠷ ᠵᠠᠰᠠᠬᠤ ᠤᠬᠠᠮᠰᠠᠷ ᠢᠶᠠᠨ ᠴᠢᠩᠭᠠᠳᠬᠠᠪᠠ᠃ | ᠡᠭᠦᠨ ᠤ ᠬᠠᠮᠲᠤ᠂ ᠨᠡᠶᠢᠭᠡᠮ ᠲᠣᠭᠤᠷᠢᠭ ᠤᠨ ᠸᠢᠴᠠᠲ ᠤᠨ ᠪᠦᠯᠦᠭᠯᠡᠯ ᠢᠶᠠᠷ ᠳᠠᠮᠵᠢᠭᠤᠯᠤᠨ᠂ ᠦᠨᠳᠦᠰᠦᠲᠡᠨ ᠤ ᠪᠦᠯᠬᠦᠮᠳᠡᠯ ᠤᠨ ᠲᠥᠷᠥ ᠶᠢᠨ ᠪᠣᠳᠣᠯᠭ᠎ᠠ | ᠬᠠᠤᠯᠢ ᠲᠣᠭᠲᠠᠭᠠᠯ᠂ ᠵᠠᠷᠯᠠᠯ᠂ ᠸᠢᠳᠢᠣ᠋ ᠵᠡᠷᠭᠡ ᠠᠭᠤᠯᠭ᠎ᠠ ᠶᠢ ᠨᠡᠶᠢᠲᠡᠯᠡᠪᠡ᠃ ᠨᠠᠰᠤᠲᠠᠶᠢᠴᠤᠳ ᠤᠨ ᠬᠠᠮᠲᠤᠯᠢᠭ᠂ ᠰᠦᠯᠵᠢᠶᠡᠨ ᠤ ᠠᠵᠢᠯᠲᠠᠨ ᠡᠷᠦᠬᠡ ᠳᠤ ᠬᠦᠷᠴᠦ | ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠵᠤ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠵᠣᠭᠤᠭ ᠳᠡᠯᠭᠡᠬᠦ ᠠᠷᠭ᠎ᠠ ᠮᠠᠶ᠋ᠢᠭ ᠢᠶᠠᠷ ᠲᠡᠳᠡᠨ ᠤ ᠠᠮᠢᠳᠤᠷᠠᠯ ᠤᠨ | ᠳᠤᠮᠳᠠ ᠲᠤᠯᠭᠠᠷᠠᠭᠰᠠᠨ ᠠᠰᠠᠭᠤᠳᠠᠯ ᠪᠠ ᠬᠦᠴᠢᠷᠳᠡᠯ ᠢ ᠣᠶᠢᠯᠠᠭᠠᠵᠤ᠂ ᠲᠡᠳᠡᠨ ᠤ ᠦᠨᠳᠦᠰᠦᠲᠡᠨ ᠤ ᠪᠦᠯᠬᠦᠮᠳᠡᠯ ᠤᠨ ᠠᠵᠢᠯ ᠤᠨ ᠲᠤᠬᠠᠶ ᠰᠠᠨᠠᠯ ᠪᠠ | ᠰᠠᠨᠠᠭᠤᠯᠭ᠎ᠠ ᠶᠢ ᠰᠣᠨᠣᠰᠪᠠ᠃ | ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠨᠠᠮ ᠤᠨ ᠦᠨᠳᠦᠰᠦᠲᠡᠨ ᠤ ᠲᠥᠷᠥ ᠶᠢᠨ | ᠪᠣᠳᠣᠯᠭ᠎ᠠ ᠶᠢᠨ ᠲᠤᠬᠠᠶ ᠨᠠᠩ ᠭᠦᠨᠵᠡᠭᠡᠶ ᠣᠶᠢᠯᠠᠭᠠᠯᠲᠠ ᠲᠠᠢ ᠪᠣᠯᠭᠠᠵᠤ᠂ ᠦᠨᠳᠦᠰᠦᠲᠡᠨ ᠤ ᠪᠦᠯᠬᠦᠮᠳᠡᠯ ᠤᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠪᠠ᠃ | ᠬᠤᠶᠠᠷ᠂ ᠭᠤᠤᠯ ᠰᠡᠳᠦᠪᠲᠦ ᠲᠣᠭᠯᠠᠯᠲᠠ᠄ ᠬᠤᠪᠢᠰᠬᠠᠯ ᠤᠨ ᠰᠣᠩᠭᠤᠳᠠᠭ ᠪᠦᠲᠦᠭᠡᠯ ᠢ ᠳᠠᠬᠢᠨ ᠡᠷᠭᠢᠴᠡᠭᠦᠯᠵᠦ ᠦᠨᠳᠦᠰᠦᠲᠡᠨ ᠤ ᠬᠦᠴᠦᠨ ᠢ ᠨᠢᠭᠲᠠᠷᠠᠭᠤᠯᠤᠨ᠎ᠠ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠭᠦᠨᠵᠡᠭᠡᠶᠢᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠪᠠᠬᠢ ᠪᠣᠶ ᠪᠣᠯᠭᠠᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ | 5 ᠰᠠᠷ᠎ᠠ ᠶᠢᠨ 21 ᠤ ᠡᠳᠦᠷ᠂ ᠰᠤᠶᠤᠯ ᠨᠡᠶᠢᠭᠡᠮ ᠲᠣᠭᠤᠷᠢᠭ ᠦᠨᠳᠦᠰᠦᠲᠡᠨ ᠤ ᠪᠦᠯᠬᠦᠮᠳᠡᠯ ᠤᠨ ᠭᠤᠤᠯ ᠰᠡᠳᠦᠪᠲᠦ ᠺᠢᠨᠣ᠋ ᠭᠠᠷᠭᠠᠬᠤ ᠠᠵᠢᠯᠯᠠᠭ᠎ᠠ ᠥᠷᠨᠢᠭᠦᠯᠵᠦ᠂ | ᠰᠠᠭᠤᠭᠠᠯᠢ ᠠᠷᠠᠳ ᠢ ᠵᠣᠬᠢᠶᠠᠨ ᠪᠠᠶᠢᠭᠤᠯᠤᠨ ᠦᠨᠳᠦᠰᠦᠲᠡᠨ ᠤ ᠪᠦᠯᠬᠦᠮᠳᠡᠯ ᠤᠨ ᠭᠤᠤᠯ ᠰᠡᠳᠦᠪᠲᠦ ᠺᠢᠨᠣ᠋ ᠶᠢ ᠰᠣᠨᠢᠷᠬᠠᠵᠤ᠂ ᠴᠠᠭ ᠣᠷᠣᠨ ᠵᠠᠶ ᠶᠢ ᠠᠯᠤᠰᠯᠠᠭᠰᠠᠨ | ᠣᠶᠤᠨ ᠰᠠᠨᠠᠭᠠᠨ ᠤ ᠠᠶᠠᠯᠠᠯ ᠢ ᠡᠬᠢᠯᠡᠭᠦᠯᠪᠡ᠃ | ︽ᠭᠤᠷᠪᠠᠨ ᠮᠢᠩᠭᠠᠨ ᠥᠨᠥᠴᠢᠨ ᠬᠡᠦᠬᠡᠳ ᠢ ᠥᠪᠥᠷ ᠮᠣᠩᠭᠤᠯ ᠳᠤ ᠣᠷᠣᠭᠤᠯᠬᠤ︾ ᠦᠨᠡᠨ ᠪᠣᠳᠠᠲᠠᠶ ᠬᠡᠷᠡᠭ ᠢ ᠦᠨᠳᠦᠰᠦᠯᠡᠨ ᠥᠭᠡᠷᠡᠴᠢᠯᠡᠨ ᠨᠠᠶᠢᠷᠠᠭᠤᠯᠵᠤ᠂ | 20 ᠳ᠋ᠤᠭᠠᠷ ᠵᠠᠭᠤᠨ ᠤ ᠲᠠᠪᠢᠭᠠᠳ ᠣᠨ ᠤ ᠰᠡᠭᠦᠯᠴᠢ ᠪᠠᠷ ᠰᠢᠨ᠎ᠡ ᠳᠤᠮᠳᠠᠳᠤ ᠤᠯᠤᠰ ᠬᠦᠨᠳᠦ ᠨᠣᠴᠢᠲᠠᠶ ᠪᠠᠶᠢᠭᠠᠯᠢ ᠶᠢᠨ ᠭᠠᠮᠰᠢᠭ ᠲᠤ ᠤᠴᠠᠷᠠᠵᠤ᠂ ᠥᠪᠥᠷ | ᠮᠣᠩᠭᠤᠯ ᠤᠨ ᠮᠠᠯᠴᠢᠳ ︽ᠨᠢᠭᠡ ᠶᠢ ᠲᠤᠰᠪᠠᠯ ᠨᠢᠭᠡ ᠶᠢ ᠠᠮᠢᠯᠠᠭᠤᠯᠵᠤ᠂ ᠨᠢᠭᠡ ᠶᠢ ᠪᠦᠲᠦᠭᠡᠬᠦ︾ ᠡᠷᠡᠰ ᠪᠠᠲᠤ ᠢᠲᠡᠭᠡᠯ ᠪᠢᠰᠢᠷᠡᠯ ᠢ ᠡᠪᠦᠷᠯᠡᠨ᠂ ᠡᠮᠦᠨᠡᠲᠦ | ᠣᠷᠣᠨ ᠠᠴᠠ ᠢᠷᠡᠭᠰᠡᠨ ᠥᠨᠥᠴᠢᠨ ᠬᠡᠦᠬᠡᠳ ᠢ ᠬᠦᠯᠢᠶᠡᠨ ᠠᠪᠤᠪᠠ᠃ ᠡᠭᠡᠯ ᠵᠢᠷ ᠤᠨ ᠮᠠᠯᠴᠢᠨ ᠪᠠᠭ᠎ᠠ ᠭᠡᠷ ᠪᠦᠯᠢ ᠶᠢᠨ ᠠᠷᠤ ᠳᠤ ᠦᠨᠳᠦᠰᠦᠲᠡᠨ ᠤ ᠬᠠᠶᠢᠷ᠎ᠠ ᠶᠢ | ᠢᠯᠡᠷᠡᠭᠦᠯᠵᠦ᠂ ᠲᠡᠳᠡ ᠦᠢᠯᠡ ᠠᠵᠢᠯᠯᠠᠭ᠎ᠠ ᠪᠠᠷ ᠢᠶᠠᠨ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠦᠨ ᠮᠡᠲᠦ ᠳᠣᠲᠣᠨᠣ︾ ᠪᠠᠶᠢᠬᠤ ᠤᠶᠤᠨ ᠰᠠᠨᠠᠭᠠᠨ ᠤ | ᠠᠭᠤᠯᠤᠭᠳᠠᠬᠤᠨ ᠢ ᠲᠠᠶᠢᠯᠪᠤᠷᠢᠯᠠᠪᠠ᠃ ᠭᠤᠷᠪᠠᠨ ᠮᠢᠩᠭᠠᠨ ᠥᠨᠥᠴᠢᠨ ᠬᠡᠦᠬᠡᠳ ᠢ ᠥᠪᠥᠷ ᠮᠣᠩᠭᠤᠯ ᠳᠤ ᠣᠷᠣᠭᠤᠯᠵᠤ᠂ ᠳᠤᠮᠳᠠᠳᠤ ᠶᠢᠨ ᠦᠨᠳᠦᠰᠦᠲᠡᠨ ᠭᠡᠬᠦ ᠡᠨᠡ | ᠬᠦ ᠶᠡᠭᠡ ᠭᠡᠷ ᠪᠦᠯᠢ ᠳᠤ ᠦᠨᠳᠦᠰᠦᠲᠡᠨ ᠨᠦᠭᠦᠳ ᠠᠯᠢ ᠡᠷᠲᠡ ᠴᠢᠰᠤᠨ ᠰᠤᠳᠠᠰᠤ ᠬᠤᠯᠪᠣᠯᠳᠤᠵᠤ᠂ ᠬᠤᠪᠢ ᠵᠠᠶᠠᠭ᠎ᠠ ᠪᠠᠨ ᠬᠠᠮᠲᠤᠳᠬᠠᠭᠰᠠᠨ ᠭᠡᠳᠡᠭ ᠢ ᠭᠦᠨᠵᠡᠭᠡᠶ | ᠣᠶᠢᠯᠠᠭᠠᠭᠤᠯᠪᠠ᠃ | ᠺᠢᠨᠣ᠋ ᠦᠵᠡᠬᠦ ᠠᠵᠢᠯᠯᠠᠭ᠎ᠠ ᠳᠤᠮᠳᠠ᠂ ᠰᠠᠭᠤᠭᠠᠯᠢ ᠠᠷᠠᠳ᠂ ᠺᠢᠨᠣ᠋ ᠦᠵᠡᠬᠦ ᠪᠠᠷ ᠳᠠᠮᠵᠢᠭᠤᠯᠤᠨ ᠦᠨᠳᠦᠰᠦᠲᠡᠨ ᠤ ᠪᠦᠯᠬᠦᠮᠳᠡᠯ ᠤᠨ ᠴᠢᠬᠤᠯᠠ ᠴᠢᠨᠠᠷ ᠤᠨ ᠲᠤᠬᠠᠶ | ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠤᠶᠢᠰᠢᠳᠠ ᠶᠢᠨ ᠠᠵᠢᠯ ᠠᠮᠢᠳᠤᠷᠠᠯ ᠳᠤᠮᠳᠠ ᠤᠬᠠᠮᠰᠠᠷ ᠠᠴᠠ ᠪᠠᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠦᠢᠯᠡᠰ ᠤᠨ ᠰᠢᠳᠤᠷᠭᠤ ᠦᠢᠯᠡᠳᠦᠯᠭᠡᠵᠢᠭᠦᠯᠦᠭᠴᠢ᠂ ᠠᠬᠢᠭᠤᠯᠤᠭᠴᠢ ᠪᠣᠯᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠢ ᠬᠥᠲᠥᠯᠥᠨ | ᠵᠢᠯᠣᠭᠤᠳᠴᠤ ᠪᠠᠶᠢᠭᠠᠳ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠭᠦᠯᠵᠦ᠂ ᠡᠷᠬᠡ ᠲᠡᠭᠰᠢ ᠪᠦᠯᠬᠦᠮᠳᠡᠯ ᠲᠠᠢ ᠬᠠᠷᠢᠯᠴᠠᠨ ᠬᠠᠪᠰᠤᠷᠤᠯᠴᠠᠭᠰᠠᠨ ᠡᠶ᠎ᠡ | ᠵᠣᠬᠢᠴᠠᠯ ᠲᠠᠢ ᠨᠡᠶᠢᠭᠡᠮ ᠵᠢᠷᠤᠮ ᠤᠨ ᠦᠨᠳᠦᠰᠦᠲᠡᠨ ᠤ ᠬᠠᠷᠢᠴᠠᠭ᠎ᠠ ᠶᠢ ᠢᠳᠡᠪᠬᠢᠲᠡᠶ ᠪᠠᠷ ᠪᠠᠬᠢᠵᠢᠭᠦᠯᠦᠨ ᠬᠥᠭᠵᠢᠭᠦᠯᠵᠦ᠂ ᠦᠨᠳᠦᠰᠦᠲᠡᠨ ᠨᠦᠭᠦᠳ ᠡᠶ᠎ᠡ | ᠨᠠᠶᠢᠷᠲᠠᠢ ᠪᠠᠷ ᠬᠠᠮᠲᠤ ᠣᠷᠣᠰᠢᠬᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ᠂ ᠡᠶ᠎ᠡ ᠵᠣᠬᠢᠴᠠᠯ ᠲᠠᠢ ᠬᠥᠭᠵᠢᠬᠦ ᠶᠢ ᠠᠬᠢᠭᠤᠯᠵᠤ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠵᠡᠭᠡᠪᠡ᠃ | ᠳᠠᠷᠠᠭᠠᠴᠢ ᠶᠢᠨ ᠠᠯᠬᠤᠮ ᠳᠤ᠂ ᠰᠤᠶᠤᠯ ᠨᠡᠶᠢᠭᠡᠮ ᠲᠣᠭᠤᠷᠢᠭ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ | ᠪᠣᠯᠭᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠨᠡᠶᠢᠭᠡᠮ ᠲᠣᠭᠤᠷᠢᠭ ᠤᠨ ᠦᠨᠳᠦᠰᠦᠲᠡᠨ ᠨᠦᠭᠦᠳ ᠤᠨ ᠤᠯᠠᠨ ᠲᠦᠮᠡᠨ ᠢ ᠠᠵᠢᠯ ᠠᠮᠢᠳᠤᠷᠠᠯ ᠤᠨ | ᠳᠤᠮᠳᠠ ᠨᠥᠬᠦᠷᠯᠡᠯ ᠢᠶᠠᠨ ᠵᠤᠵᠠᠭᠠᠳᠬᠠᠵᠤ᠂ ᠪᠦᠯᠬᠦᠮᠳᠡᠨ ᠲᠡᠮᠡᠴᠡᠬᠦ ᠶᠢ ᠬᠥᠲᠥᠯᠥᠨ ᠵᠢᠯᠣᠭᠤᠳᠴᠤ ᠵᠣᠷᠢᠭᠵᠢᠭᠤᠯᠵᠤ᠂ ᠦᠨᠳᠦᠰᠦᠲᠡᠨ ᠤ ᠪᠦᠯᠬᠦᠮᠳᠡᠯ ᠤᠨ | ᠬᠦᠴᠦᠨ ᠢ ᠨᠢᠭᠲᠠᠷᠠᠭᠤᠯᠵᠤ᠂ ᠦᠨᠳᠦᠰᠦᠲᠡᠨ ᠤ ᠪᠦᠯᠬᠦᠮᠳᠡᠯ ᠤᠨ ᠤᠬᠠᠭᠤᠯᠤᠭᠴᠢ ᠪᠠ ᠦᠢᠯᠡᠳᠦᠯᠭᠡᠵᠢᠭᠦᠯᠦᠭᠴᠢ ᠪᠣᠯᠭᠠᠨ᠎ᠠ᠃ | | |