| | ᠴᠠᠭ ᠤᠨ ᠲᠤᠬᠢᠷᠠᠭᠤᠯᠤᠯᠳᠠ | ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ᠄ 5 ᠰᠠᠷ᠎ᠠ ᠶᠢᠨ 1 ᠤ ᠡᠳᠦᠷ ᠠᠴᠠ 5 ᠰᠠᠷ᠎ᠠ ᠶᠢᠨ 31 ᠤ ᠡᠳᠦᠷ ᠪᠣᠯᠲᠠᠯ᠎ᠠ | ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ᠄ 5 ᠰᠠᠷ᠎ᠠ ᠶᠢᠨ 25 ᠤ ᠡᠳᠦᠷ ᠠᠴᠠ 5 ᠰᠠᠷ᠎ᠠ ᠶᠢᠨ 31 ᠤ ᠡᠳᠦᠷ ᠪᠣᠯᠲᠠᠯ᠎ᠠ | ᠠᠵᠢᠯ ᠤᠨ ᠭᠤᠣᠯ ᠰᠡᠳᠦᠪ | ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠨ᠂ ᠪᠦᠯᠬᠦᠮᠳᠡᠨ ᠲᠡᠮᠡᠴᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ | ᠪᠦᠬᠦ ᠲᠠᠯ᠎ᠠ ᠪᠠᠷ ᠠᠬᠢᠭᠤᠯᠤᠨ᠎ᠠ | ᠭᠤᠣᠯᠳᠠᠯᠭ᠎ᠠ ᠲᠠᠢ ᠤᠬᠠᠭᠤᠯᠬᠤ ᠠᠭᠤᠯᠭ᠎ᠠ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ | ᠭᠤᠷᠪᠠᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ︔ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ | ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠂ ᠶᠡᠷᠦᠩᠬᠡᠢ ᠱᠦᠵᠢ | ᠰᠢ ᠶᠢᠨ ᠫᠢᠩ ᠤᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ | ᠵᠣᠷᠢᠭ ᠰᠠᠨᠠᠭ᠎ᠠ︔ ᠲᠥᠪ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠤᠨ | ᠬᠤᠷᠠᠯᠳᠤᠭᠠᠨ ᠤ ᠵᠣᠷᠢᠭ ᠰᠠᠨᠠᠭ᠎ᠠ︔ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ | ᠠᠭᠤᠰᠤᠯᠴᠠᠭ᠎ᠠ ᠶᠢ ᠠᠬᠢᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ︽ᠮᠣᠩᠭᠤᠯ ᠮᠤᠷᠢᠨ ᠤ | ᠵᠣᠷᠢᠭ ᠰᠠᠨᠠᠭ᠎ᠠ︾ ᠪᠣᠯᠤᠨ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾ ᠶᠢ ᠪᠠᠳᠠᠷᠠᠭᠤᠯᠬᠤ ᠪᠠᠷ ᠦᠨᠳᠦᠰᠦᠨ ᠠᠭᠤᠯᠤᠭᠳᠠᠬᠤᠨ ᠪᠣᠯᠭᠠᠭᠰᠠᠨ | ᠤᠮᠠᠷᠠᠲᠤ ᠬᠢᠯᠢ ᠶᠢᠨ ᠰᠣᠶᠣᠯ︔ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠤᠯᠢ﹀ ᠶᠢ ᠬᠡᠷᠡᠭᠵᠢᠭᠦᠯᠬᠦ ᠠᠷᠭ᠎ᠠ︾ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠶᠢ ᠠᠬᠢᠭᠤᠯᠬᠤ ᠲᠦᠷᠢᠮ︾ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ | ᠠᠬᠢᠭᠤᠯᠬᠤ ᠲᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠯᠢ ᠬᠢᠵᠠᠭᠠᠷ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ | ᠲᠦᠷᠢᠮ︾ ︽ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠲᠣᠭᠲᠠᠭᠠᠯ︾ ᠵᠡᠷᠭᠡ ᠲᠦᠷᠦ ᠶᠢᠨ ᠪᠤᠳᠤᠯᠭ᠎ᠠ ᠬᠠᠤᠯᠢ ᠲᠤᠭᠲᠠᠭᠠᠯ᠃ | ᠠᠵᠢᠯ ᠤᠨ ᠲᠣᠬᠢᠷᠠᠭᠤᠯᠤᠯᠲᠠ | ᠲᠤᠰᠬᠠᠶ ᠠᠵᠢᠯ ᠤᠨ ᠬᠦᠷᠢᠶ᠎ᠡ ᠴᠠᠷᠠᠭ᠎ᠠ | ᠭᠠᠴᠠᠭ᠎ᠠ ᠲᠣᠰᠬᠤᠨ ᠪᠠ ᠨᠡᠶᠢᠭᠡᠮ ᠲᠣᠭᠤᠷᠢᠭ ᠲᠤ ᠭᠤᠤᠯᠳᠠᠯᠭ᠎ᠠ ᠲᠠᠢ ᠬᠠᠨᠳᠤᠭᠤᠯᠵᠤ᠂ ᠠᠯᠪᠠᠨ ᠪᠠᠶᠢᠭᠤᠯᠭ᠎ᠠ᠂ ᠠᠵᠤ ᠠᠬᠤᠶᠢᠯᠠᠯ᠂ ᠰᠤᠷᠭᠠᠭᠤᠯᠢ᠂ ᠴᠡᠷᠢᠭ | ᠠᠩᠭᠢ᠂ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ᠂ ᠰᠣᠶᠣᠯ ᠵᠢᠭᠤᠯᠴᠢᠯᠠᠯ ᠤᠨ ᠲᠠᠯᠠᠪᠤᠷ ᠭᠠᠵᠠᠷ᠂ ᠰᠦᠯᠵᠢᠶ᠎ᠡ ᠵᠡᠷᠭᠡ 9 ᠬᠦᠷᠢᠶ᠎ᠡ ᠴᠠᠷᠠᠭ᠎ᠠ ᠵᠢᠴᠢ | ᠨᠡᠶᠢᠭᠡᠮ ᠤᠨ ᠡᠯ᠎ᠡ ᠬᠦᠷᠢᠶ᠎ᠡ ᠴᠠᠷᠠᠭ᠎ᠠ ᠳᠤ ᠭᠤᠤᠯᠳᠠᠯᠭ᠎ᠠ ᠲᠠᠢ ᠴᠢᠭᠯᠡᠬᠦᠯᠦᠨ ᠠᠵᠢᠯ ᠥᠷᠨᠢᠭᠦᠯᠦᠨ᠎ᠡ᠃ ᠡᠯ᠎ᠡ ᠰᠠᠯᠠᠭ᠎ᠠ ᠮᠥᠴᠢᠷ ᠨᠢᠭᠡᠴᠢ ᠶᠢᠨ ᠬᠢᠨ ᠲᠤᠷᠰᠢᠯᠭ᠎ᠠ ᠪᠠᠨ | ᠭᠦᠨᠵᠡᠭᠡᠢ ᠳ᠋ᠦᠩᠨᠡᠭᠰᠡᠨ ᠰᠠᠭᠤᠷᠢᠨ ᠳᠡᠭᠡᠷ᠎ᠡ᠂ ᠠᠵᠢᠯ ᠲᠦᠷᠦᠯ ᠤᠨ ᠬᠦᠷᠢᠶᠡᠨ ᠤ ᠣᠨᠴᠠᠯᠢᠭ ᠢᠶᠠᠨ ᠦᠨᠳᠦᠰᠦᠯᠡᠨ᠂ ᠰᠤᠷᠲᠠᠯ ᠤᠬᠠᠭᠤᠯᠭ᠎ᠠ ᠶᠢᠨ ᠠᠵᠢᠯ ᠤᠨ | ᠠᠷᠭ᠎ᠠ ᠪᠠᠨ ᠰᠢᠯᠢᠳᠡᠭᠵᠢᠭᠦᠯᠵᠦ᠂ ᠪᠦᠬᠦ ᠢᠶᠠᠷ ᠢᠶᠠᠨ ᠤᠷᠤᠯᠴᠠᠭᠰᠠᠨ᠂ ᠲᠦᠷᠦᠯ ᠡᠲᠡᠭᠡᠳ ᠢᠶᠠᠷ ᠬᠤᠪᠢᠶᠠᠭᠰᠠᠨ᠂ ᠪᠠᠶᠢᠩᠭᠤᠵᠢᠭᠰᠠᠨ ᠨᠠᠮ ᠤᠨ ᠦᠨᠳᠦᠰᠦᠲᠡᠨ ᠤ | ᠤᠨᠤᠯ ᠲᠦᠷᠦ ᠶᠢᠨ ᠪᠤᠳᠤᠯᠭ᠎ᠠ ᠪᠣᠯᠤᠨ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠲᠠᠶᠢᠯᠪᠤᠷᠢᠯᠠᠬᠤ ᠶᠢ ᠴᠢᠩᠭᠠᠳᠬᠠᠨ᠎ᠠ᠃ | ᠠᠯᠪᠠᠨ ᠪᠠᠶᠢᠭᠤᠯᠭ᠎ᠠ ᠳᠤ ᠦᠷᠨᠢᠬᠦᠯᠦᠨ᠎ᠡ | ︽ᠭᠤᠷᠪᠠᠨ ᠬᠤᠷᠠᠯ ᠨᠢᠭᠡ ᠬᠢᠴᠢᠶᠡᠯ︾᠂ ᠭᠤᠤᠯ ᠰᠡᠳᠦᠪᠲᠦ ᠨᠠᠮ ᠤᠨ ᠡᠳᠦᠷᠯᠢᠭ᠂ ᠠᠯᠪᠠᠨ ᠪᠠᠶᠢᠭᠤᠯᠭ᠎ᠠ ᠶᠢᠨ ᠺᠠᠳ᠋ᠷᠴᠤᠳ ᠤᠨ ᠤᠯᠤᠰ ᠲᠥᠷᠥ ᠣᠨᠣᠯ ᠤᠨ | ᠰᠤᠷᠤᠯᠴᠠᠯᠭ᠎ᠠ ᠵᠡᠷᠭᠡ ᠶᠢ ᠥᠷᠨᠢᠭᠦᠯᠬᠦ ᠪᠠᠷ ᠳᠠᠮᠵᠢᠭᠤᠯᠤᠨ᠂ ᠨᠠᠮ ᠤᠨ ᠭᠡᠰᠢᠭᠦᠨ ᠺᠠᠳ᠋ᠷᠴᠤᠳ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠡᠯᠪᠡᠭ ᠪᠠᠶᠠᠯᠢᠭ ᠠᠭᠤᠯᠤᠭᠳᠠᠬᠤᠨ ᠢ ᠨᠠᠩ ᠭᠦᠨᠵᠡᠭᠡᠶ ᠲᠠᠨᠢᠭᠤᠯᠬᠤ ᠶᠢ ᠬᠦᠲᠦᠯᠦᠨ ᠵᠢᠯᠤᠭᠤᠳᠤᠨ᠎ᠠ᠃ ᠠᠯᠪᠠᠨ ᠪᠠᠶᠢᠭᠤᠯᠭ᠎ᠠ ᠶᠢᠨ | ᠨᠠᠮ ᠤᠨ ᠭᠡᠰᠢᠭᠦᠨ ᠺᠠᠳ᠋ᠷ᠂ ᠠᠵᠢᠯ ᠠᠴᠠ ᠪᠠᠨ ᠠᠮᠠᠷᠠᠭᠰᠠᠨ ᠺᠠᠳ᠋ᠷ᠂ ᠲᠤᠰᠬᠠᠶ ᠮᠡᠷᠭᠡᠵᠢᠯᠲᠡᠨ ᠡᠷᠳᠡᠮᠲᠡᠳ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ | ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ | ᠤᠬᠠᠭᠤᠯᠤᠯ ᠲᠠᠶᠢᠯᠤᠮᠵᠢ ᠶᠢ ᠰᠠᠶᠢᠲᠤᠷ ᠬᠢᠨ᠎ᠠ᠃ ︽ᠬᠥᠯᠥᠨ ᠪᠤᠶᠢᠷ ᠬᠤᠲᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ︾ ᠣᠯᠠᠨ | ᠨᠡᠶᠢᠲᠡ ᠶᠢᠨ ᠲᠠᠪᠴᠠᠩ ᠳᠤ ︽ᠠᠨᠠᠷ ᠤᠨ ᠦᠷ᠎ᠡ ᠮᠡᠳᠤ ᠰᠡᠳᠬᠢᠯ ᠨᠢᠭᠡᠳᠦᠨ ᠡᠷᠡᠮᠡᠬᠡᠶᠢᠯᠡᠨ ᠤᠷᠤᠭᠰᠢᠯᠠᠬᠤ︾ ᠲᠤᠰᠬᠠᠶ ᠪᠤᠯᠤᠩ ᠭᠠᠷᠭᠠᠵᠤ᠂ ᠬᠤᠲᠠ ᠶᠢᠨ | ᠰᠢᠭᠤᠳ ᠬᠠᠷᠢᠶ᠎ᠠ ᠪᠠᠶᠢᠭᠤᠯᠭ᠎ᠠ ᠶᠢᠨ ᠡᠯ᠎ᠡ ᠱᠠᠲᠤᠨ ᠤ ᠲᠡᠷᠢᠭᠦᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ | ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠤᠯ ᠰᠢᠵᠢᠮ ᠤᠨ ᠲᠣᠭᠤᠷᠢᠨ ᠳᠤ ᠠᠵᠢᠯ ᠢᠶᠠᠨ ᠥᠷᠨᠢᠭᠦᠯᠦᠭᠰᠡᠨ ᠪᠠᠶᠢᠳᠠᠯ ᠢ ᠳᠡᠯᠭᠡᠨ ᠦᠵᠡᠬᠦᠯᠦᠨ᠎ᠡ᠃ | ᠬᠤᠤᠰᠯᠠᠨ ᠬᠠᠮᠲᠤᠪᠠᠷ ᠪᠠᠶᠢᠭᠤᠯᠬᠤ᠂ ︽ᠬᠤᠤᠰ ᠦᠢᠯᠡᠴᠢᠯᠡᠬᠦ᠂ ᠬᠤᠤᠰ ᠨᠡᠷ᠎ᠡ ᠮᠡᠳᠡᠬᠦᠯᠬᠦ᠂ ᠬᠤᠤᠰ ᠮᠡᠳᠡᠬᠦᠯᠬᠦ︾ ᠵᠡᠷᠭᠡ ᠠᠷᠭ᠎ᠠ ᠬᠡᠯᠪᠡᠷᠢ ᠪᠠᠷ᠂ | ᠦᠢᠯᠡᠴᠢᠯᠡᠬᠦ ᠡᠲᠡᠭᠡᠳ ᠪᠠ ᠦᠨᠳᠦᠰᠦᠲᠡᠨ ᠨᠦᠭᠦᠳ ᠤᠨ ᠣᠯᠠᠨ ᠲᠦᠮᠡᠨ ᠤ ᠪᠠᠴᠢᠮᠳᠠᠵᠤ᠂ ᠬᠦᠴᠢᠷᠳᠡᠵᠦ᠂ ᠵᠤᠪᠠᠵᠤ ᠬᠦᠰᠡᠵᠦ ᠪᠠᠶᠢᠭ᠎ᠠ ᠠᠰᠠᠭᠤᠳᠠᠯ ᠳᠤ | ᠠᠩᠬᠠᠷᠤᠯ ᠢᠶᠠᠨ ᠲᠥᠪᠯᠡᠷᠡᠭᠦᠯᠵᠦ᠂ ᠨᠢᠭᠡ ᠪᠦᠯᠦᠭ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠰᠢᠢᠳᠪᠦᠷᠢᠯᠡᠵᠦ᠂ ᠠᠯᠪᠠᠨ ᠪᠠᠶᠢᠭᠤᠯᠭ᠎ᠠ ᠶᠢᠨ | ᠺᠠᠳ᠋ᠷᠴᠤᠳ ᠤᠨ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠰᠤᠷᠤᠯᠴᠠᠨ ᠤᠬᠠᠭᠤᠯᠬᠤ ᠪᠠ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠯ᠎ᠠ ᠪᠠᠷ ᠬᠡᠪ ᠳᠠᠭᠤᠷᠢᠶᠠᠯ ᠪᠤᠯᠭᠠᠬᠤ ᠶᠢ ᠬᠦᠲᠦᠯᠦᠨ ᠵᠢᠯᠤᠭᠤᠳᠤᠨ᠎ᠠ᠃ | ᠠᠵᠤ ᠠᠬᠤᠶᠢᠯᠠᠯ ᠳᠤ ᠦᠷᠨᠢᠬᠦᠯᠦᠨ᠎ᠡ ︽ᠠᠵᠤ ᠠᠬᠤᠶᠢᠯᠠᠯ ᠢ ᠲᠤᠰᠠᠯᠠᠬᠤ ᠠᠵᠢᠯᠯᠠᠭᠠᠨ︾ ᠯᠤᠭ᠎ᠠ ᠤᠶᠠᠯᠳᠤᠭᠤᠯᠤᠨ᠂ ᠠᠵᠤ ᠠᠬᠤᠶᠢᠯᠠᠯ ᠳᠤ ᠬᠤᠯᠪᠣᠭᠳᠠᠬᠤ | ᠲᠥᠷᠥ ᠶᠢᠨ ᠪᠣᠳᠣᠯᠭ᠎ᠠ ᠶᠢ ᠤᠬᠠᠭᠤᠯᠤᠨ ᠲᠤᠭᠤᠰᠢᠯᠠᠭᠤᠯᠬᠤ ᠬᠦᠴᠦᠨ ᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠤᠨ | ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠨ᠎ᠠ᠃ ᠰᠤᠷᠤᠯᠴᠠᠯᠭ᠎ᠠ᠂ ᠪᠣᠯᠪᠠᠰᠤᠷᠠᠯ᠂ ᠲᠥᠷᠥ ᠶᠢᠨ ᠪᠣᠳᠣᠯᠭ᠎ᠠ᠂ ᠬᠠᠤᠯᠢ ᠴᠠᠭᠠᠵᠠ᠂ ᠦᠢᠯᠡᠴᠢᠯᠡᠭᠡ ᠶᠢ | ᠦᠢᠯᠡᠳᠪᠦᠷᠢ ᠶᠢᠨ ᠲᠠᠰᠤᠭ ᠪᠠ ᠠᠩᠭᠢ ᠳᠤᠭᠤᠶᠢᠯᠠᠩ ᠳᠤ ᠬᠦᠷᠭᠡᠬᠦ ᠠᠵᠢᠯ ᠢ ᠦᠷᠨᠢᠬᠦᠯᠦᠨ᠂ ︽ᠠᠵᠤ ᠠᠬᠤᠶᠢᠯᠠᠯ ᠳᠤ ᠠᠰᠢᠭ ᠬᠦᠷᠲᠡᠭᠡᠵᠦ ᠬᠠᠪᠰᠤᠷᠤᠨ | ᠬᠥᠭᠵᠢᠭᠦᠯᠬᠦ︾ ᠰᠢᠷᠢᠰ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠡᠮᠡᠭᠲᠡᠶᠢᠴᠦᠳ ᠤᠨ ᠠᠵᠢᠯ ᠣᠯᠵᠤ ᠦᠢᠯᠡᠰ ᠪᠣᠰᠬᠠᠬᠤ ᠲᠥᠷᠥ ᠶᠢᠨ ᠪᠣᠳᠣᠯᠭ᠎ᠠ ᠶᠢ | ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠪᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠤᠬᠠᠮᠰᠠᠷ ᠢ ᠪᠠᠲᠤ ᠴᠤᠭᠴᠠᠯᠠᠬᠤ ᠲᠤᠰᠬᠠᠢ ᠰᠡᠳᠦᠪᠲᠦ ᠨᠠᠮ ᠤᠨ ᠬᠢᠴᠢᠶᠡᠯ ᠶᠠᠷᠢᠭᠤᠯᠬᠤ᠂ ᠬᠠᠮᠲᠤᠪᠠᠷ ᠪᠠᠶᠢᠭᠤᠯᠬᠤ ᠠᠵᠢᠯᠯᠠᠭᠠᠨ ᠵᠢᠴᠢ ᠰᠢᠯᠢᠳᠡᠭ ᠨᠠᠮ | ᠭᠡᠰᠢᠬᠦᠨ᠂ ᠠᠵᠢᠯ ᠲᠦᠷᠦᠯ ᠤᠨ ᠬᠤᠰᠢᠭᠤᠴᠢᠯᠠᠭᠴᠢ᠂ ᠬᠦᠳᠡᠯᠮᠦᠷᠢ ᠶᠢᠨ ᠵᠢᠱᠢᠶᠡᠴᠢ᠂ ᠤᠷᠠᠨ ᠳᠠᠷᠬᠠᠳ ᠵᠡᠷᠭᠡ ᠳᠡᠷᠢᠬᠦᠨ ᠤ ᠨᠡᠶᠢᠳᠡᠯᠢᠭ ᠵᠢᠱᠢᠶ᠎ᠠ ᠶᠢᠨ ᠭᠤᠤᠯ | ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠵᠤᠬᠢᠶᠠᠨ ᠪᠠᠶᠢᠭᠤᠯᠤᠨ ᠦᠷᠨᠢᠬᠦᠯᠵᠦ᠂ ᠠᠵᠢᠯᠳᠠᠨ ᠠᠵᠢᠯᠴᠢᠨ ᠤ ᠦᠰᠦᠨ ᠪᠤᠶᠢᠵᠢᠯᠲᠠ ᠪᠠ ᠠᠵᠤ | ᠠᠬᠤᠶᠢᠯᠠᠯ ᠤᠨ ᠬᠦᠭᠵᠢᠯᠳᠡ ᠶᠢ ᠬᠤᠯᠪᠤᠯᠳᠤᠭᠤᠯᠤᠭᠰᠠᠨ ︽ᠰᠡᠳᠬᠢᠯ ᠤᠨ ᠬᠤᠯᠪᠤᠭᠠᠰᠤ︾ ᠶᠢ ᠪᠠᠶᠢᠭᠤᠯᠵᠤ᠂ ᠡᠶ᠎ᠡ ᠵᠤᠬᠢᠴᠠᠯ ᠲᠠᠢ ᠬᠦᠳᠡᠯᠮᠦᠷᠢ ᠶᠢᠨ ᠬᠠᠷᠢᠴᠠᠭ᠎ᠠ ᠶᠢ | ᠪᠠᠶᠢᠭᠤᠯᠤᠨ᠎ᠠ᠃ | ᠨᠡᠶᠢᠭᠡᠮ ᠲᠣᠭᠤᠷᠢᠭ ᠲᠤ ᠦᠷᠨᠢᠬᠦᠯᠦᠨ᠎ᠡ | ᠨᠠᠮ ᠤᠨ ᠭᠡᠰᠢᠬᠦᠨ ᠪᠠ ᠣᠯᠠᠨ ᠲᠦᠮᠡᠨ ᠤ ᠦᠢᠯᠡᠴᠢᠯᠡᠬᠡᠨ ᠤ ᠲᠥᠪ᠂ ᠰᠠᠶᠢᠨ ᠳᠤᠷ᠎ᠠ ᠶᠢᠨ ᠦᠢᠯᠡᠴᠢᠯᠡᠬᠡᠨ ᠤ ᠠᠩᠭᠢ ᠪᠣᠯᠤᠨ ᠠᠳᠠᠯ ᠠᠬᠤᠢ ᠶᠢᠨ ᠬᠢᠨ ᠤ | ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ᠠᠳᠠᠯ ᠠᠬᠤᠢ ᠶᠢᠨ ᠸᠢᠴᠠᠲ ᠤᠨ ᠴᠤᠭᠯᠠᠷᠠᠯ᠂ ᠬᠤᠪᠢᠰᠬᠠᠯᠳᠤ ᠰᠦᠯᠵᠢᠶᠡᠨ ᠤ ᠴᠤᠭᠯᠠᠷᠠᠯ᠂ ᠦᠵᠡᠬᠦᠯᠭᠡ ᠶᠢᠨ ᠰᠠᠮᠪᠠᠷ᠎ᠠ | ᠵᠡᠷᠭᠡ ᠶᠢ ᠠᠰᠢᠭᠯᠠᠨ᠂ ︽ᠬᠤᠤᠰ ᠦᠢᠯᠡᠴᠢᠯᠡᠬᠦ᠂ ᠬᠤᠤᠰ ᠨᠡᠷ᠎ᠡ ᠮᠡᠳᠡᠭᠦᠯᠬᠦ᠂ ᠬᠤᠤᠰ ᠮᠡᠳᠡᠬᠦᠯᠬᠦ︾ ᠲᠣᠭᠲᠠᠴᠠ ᠶᠢ ᠨᠠᠶᠢᠳᠠᠪᠤᠷᠢᠵᠢᠭᠤᠯᠬᠤ᠂ ᠨᠠᠮ ᠤᠨ ᠠᠷᠠᠳ ᠲᠤ | ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠪᠠ ᠦᠨᠳᠦᠰᠦᠲᠡᠨ ᠨᠦᠭᠦᠳ ᠤᠨ ᠣᠯᠠᠨ ᠲᠦᠮᠡᠨ ᠲᠠᠢ ᠨᠢᠭᠲᠠ ᠬᠤᠯᠪᠣᠭ᠎ᠠ ᠲᠠᠢ ᠬᠠᠤᠯᠢ ᠴᠠᠭᠠᠵᠠ ᠬᠠᠤᠯᠢ | ᠲᠣᠭᠲᠠᠭᠠᠯ ᠢ ᠤᠬᠠᠭᠤᠯᠤᠨ᠎ᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠭᠤᠣᠯ ᠰᠡᠳᠦᠪᠲᠦ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠰᠢᠯᠢᠳᠡᠭ ᠤᠳᠬ᠎ᠠ | ᠤᠷᠠᠯᠢᠭ ᠤᠨ ᠰᠣᠳᠣᠨ ᠪᠦᠲᠦᠭᠡᠯ ᠢ ᠲᠤᠭᠯᠠᠨ ᠨᠡᠪᠲᠡᠷᠡᠭᠦᠯᠬᠦ᠂ ᠬᠥᠷᠰᠢ ᠵᠡᠷᠭᠡᠯᠡᠳᠡᠭᠡ ᠯᠦᠭᠡ ᠪᠦᠯᠬᠦᠮᠳᠡᠨ ᠬᠠᠷᠢᠯᠴᠠᠨ ᠬᠠᠪᠰᠤᠷᠤᠯᠴᠠᠬᠤ ᠰᠢᠷᠢᠰ ᠠᠵᠢᠯᠯᠠᠭ᠎ᠠ ᠶᠢ | ᠥᠷᠨᠢᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠮᠲᠤᠪᠠᠷ ᠰᠠᠭᠤᠷᠢᠰᠢᠵᠤ ᠬᠠᠮᠲᠤᠪᠠᠷ ᠰᠤᠷᠤᠯᠴᠠᠬᠤ᠂ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ | ᠂ ᠬᠠᠮᠲᠤᠪᠠᠷ ᠠᠵᠢᠯᠯᠠᠵᠤ ᠬᠠᠮᠲᠤᠪᠠᠷ ᠪᠠᠶᠠᠰᠬᠤ ᠨᠡᠶᠢᠭᠡᠮ ᠤᠨ ᠨᠥᠬᠦᠴᠡᠯ ᠢ ᠢᠳᠡᠪᠬᠢᠲᠡᠶ ᠪᠤᠢ ᠪᠤᠯᠭᠠᠨ᠎ᠠ᠃ | ᠭᠠᠴᠠᠭ᠎ᠠ ᠲᠣᠰᠬᠤᠨ ᠳᠤ ᠦᠷᠨᠢᠬᠦᠯᠦᠨ᠎ᠡ | ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠥᠯᠢᠭᠡᠷ ᠢ ᠰᠠᠶᠢᠲᠤᠷ ᠶᠠᠷᠢᠬᠤ︾ ᠠᠵᠢᠯᠯᠠᠭᠠᠨ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠭᠠᠴᠠᠭ᠎ᠠ | ᠲᠣᠰᠬᠤᠨ ᠤ ︽ᠬᠤᠶᠠᠷ ᠵᠥᠪᠯᠡᠯ︾ ᠤᠨ ᠪᠠᠭ ᠤᠨ ᠪᠦᠷᠢᠯᠳᠦᠬᠦᠨ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ᠂ ᠠᠬᠠᠮᠠᠳ ᠨᠠᠮ ᠤᠨ ᠭᠡᠰᠢᠭᠦᠨ᠂ ︽ᠬᠠᠤᠯᠢ | ᠴᠠᠭᠠᠵᠠ ᠮᠡᠳᠡᠬᠦ ᠬᠥᠮᠦᠨ︾᠂ ᠮᠠᠯᠵᠢᠬᠤ ᠲᠠᠷᠢᠶᠠᠯᠠᠬᠤ ᠣᠷᠣᠨ ᠤ ᠬᠠᠤᠯᠢ ᠰᠤᠷᠴᠤ ᠬᠠᠤᠯᠢ ᠬᠡᠷᠡᠭᠯᠡᠭᠰᠡᠨ ᠵᠢᠱᠢᠶ᠎ᠡ ᠦᠵᠡᠭᠦᠯᠬᠦ ᠡᠷᠦᠬᠡ᠂ ᠣᠯᠠᠨ ᠲᠦᠮᠡᠨ ᠤ | ᠪᠦᠯᠬᠦᠮ ᠤᠨ ᠵᠣᠬᠢᠶᠠᠨ ᠪᠠᠶᠢᠭᠤᠯᠤᠯᠲᠠ ᠵᠡᠷᠭᠡ ᠨᠢ ᠡᠳᠦᠷ ᠲᠤᠲᠤᠮ ᠤᠨ ᠠᠵᠢᠯ ᠲᠠᠢ ᠪᠠᠨ ᠤᠶᠠᠯᠳᠤᠭᠤᠯᠤᠨ ᠠᠶᠢᠯ ᠡᠷᠦᠬᠡ ᠳᠤ ᠬᠦᠷᠴᠦ ᠰᠤᠷᠪᠤᠯᠵᠢᠯᠠᠬᠤ᠂ | ᠦᠨᠳᠦᠰᠦᠲᠡᠨ ᠨᠦᠭᠦᠳ ᠤᠨ ᠣᠯᠠᠨ ᠲᠦᠮᠡᠨ ᠲᠠᠢ ᠬᠠᠮᠲᠤ ᠵᠣᠭᠤᠭ ᠳᠡᠯᠭᠡᠵᠦ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠬᠡᠷᠡᠯ ᠰᠠᠴᠤᠷᠠᠩᠭᠤᠶ | ᠠᠮᠵᠢᠯᠲᠠ ᠪᠦᠲᠦᠮᠵᠢ ᠶᠢ ᠶᠠᠷᠢᠯᠴᠠᠵᠤ᠂ ᠦᠨᠳᠦᠰᠦᠲᠡᠨ ᠨᠦᠭᠦᠳ ᠤᠨ ᠮᠠᠯᠴᠢᠨ ᠲᠠᠷᠢᠶᠠᠴᠢᠨ ᠢ ᠠᠵᠤ ᠦᠢᠯᠡᠰ ᠤᠨ ᠬᠥᠭᠵᠢᠯᠲᠡ᠂ ᠦᠵᠡᠰᠬᠦᠯᠡᠩᠲᠦ ᠰᠠᠶᠢᠬᠠᠨ | ᠬᠥᠳᠡᠭᠡ ᠲᠣᠰᠬᠤᠨ ᠢ ᠪᠥᠲᠥᠭᠡᠨ ᠪᠠᠶᠢᠭᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠢᠯᠡᠳᠦᠯᠭᠡ ᠳᠤ ᠢᠳᠡᠪᠬᠢᠲᠡᠶ ᠤᠷᠤᠯᠴᠠᠭᠤᠯᠬᠤ ᠶᠢ | ᠬᠥᠲᠥᠯᠥᠨ ᠵᠢᠯᠤᠭᠤᠳᠤᠨ᠎ᠠ᠃ ︽ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠣᠯᠠᠨ ᠲᠦᠮᠡᠨᠴᠢ ᠬᠥᠮᠦᠵᠢᠯ ᠤᠨ | ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠨᠠᠮ ᠤᠨ ᠭᠡᠰᠢᠭᠦᠨ ᠺᠠᠳ᠋ᠷ ᠰᠠᠨᠠᠭᠠᠴᠢᠯᠠᠭ᠎ᠠ ᠠᠴᠠ ᠪᠠᠨ ᠭᠠᠴᠠᠭ᠎ᠠ ᠲᠣᠰᠬᠤᠨ ᠳᠤ ᠬᠦᠷᠴᠦ᠂ ᠣᠨᠣᠯ ᠤᠨ ᠤᠬᠠᠭᠤᠯᠭ᠎ᠠ᠂ | ᠭᠤᠤᠯ ᠰᠡᠳᠦᠪᠲᠦ ᠨᠠᠮ ᠤᠨ ᠡᠳᠦᠷᠯᠢᠭ ᠵᠡᠷᠭᠡ ᠬᠡᠯᠪᠡᠷᠢ ᠪᠠᠷ ᠳᠠᠮᠵᠢᠭᠤᠯᠤᠨ᠂ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢ ︽ᠡᠬᠡᠯ ᠠᠷᠠᠳ ᠤᠨ | ᠬᠡᠷ ᠲᠤ ᠬᠦᠷᠭᠡᠵᠦ︾᠂ ᠣᠯᠠᠨ ᠲᠦᠮᠡᠨ ᠤ ᠨᠠᠮ ᠤᠨ ᠲᠤᠬᠠᠶ ᠤᠯᠤᠰ ᠲᠥᠷᠥ ᠶᠢᠨ ᠬᠠᠮᠲᠤ ᠶᠢᠨ ᠲᠠᠨᠢᠯᠲᠠ᠂ ᠦᠵᠡᠯ ᠰᠠᠨᠠᠭᠠᠨ ᠤ ᠬᠠᠮᠲᠤ ᠶᠢᠨ ᠲᠠᠨᠢᠯᠲᠠ᠂ | ᠬᠠᠶᠢᠷ᠎ᠠ ᠰᠡᠳᠬᠢᠯᠭᠡ ᠶᠢᠨ ᠬᠠᠮᠲᠤ ᠶᠢᠨ ᠲᠠᠨᠢᠯᠲᠠ ᠶᠢ ᠴᠢᠩᠭᠠᠳᠬᠠᠨ᠎ᠠ᠃ | ᠰᠤᠷᠭᠠᠭᠤᠯᠢ ᠳᠤ ᠦᠷᠨᠢᠬᠦᠯᠦᠨ᠎ᠡ | ᠵᠠᠯᠠᠭᠤᠴᠤᠳ ᠪᠠᠭᠠᠴᠤᠳ ᠤᠨ ᠣᠨᠴᠠᠯᠢᠭ ᠲᠠᠢ ᠤᠶᠠᠯᠳᠤᠭᠤᠯᠤᠨ ᠪᠡᠶ᠎ᠡ ᠶᠢᠨ ᠲᠠᠮᠢᠷ ᠤᠨ ᠬᠥᠳᠡᠯᠭᠡᠭᠡᠨ᠂ ᠤᠷᠠᠯᠢᠭ ᠤᠨ ᠦᠵᠡᠭᠦᠯᠭᠡ ᠶᠢᠨ ᠲᠣᠭᠯᠠᠯᠲᠠ᠂ | ᠬᠠᠤᠯᠢ ᠪᠠᠷ ᠵᠠᠰᠠᠬᠤ ᠲᠠᠶᠢᠯᠤᠮᠵᠢ᠂ ᠳᠠᠭᠤᠷᠢᠶᠠᠮᠠᠯ ᠰᠢᠭᠦᠬᠦ ᠲᠢᠩᠬᠢᠮ᠂ ᠰᠣᠩᠭᠤᠳᠠᠭ ᠵᠣᠬᠢᠶᠠᠯ ᠢ ᠨᠡᠶᠢᠳᠡᠮ ᠤᠩᠰᠢᠬᠤ ᠵᠡᠷᠭᠡ ᠤᠯᠠᠨ ᠵᠦᠢᠯ ᠤᠨ ᠬᠡᠯᠪᠡᠷᠢ ᠶᠢᠨ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠪᠠ ᠬᠠᠤᠯᠢ ᠪᠠᠷ ᠵᠠᠰᠠᠬᠤ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠭᠤᠣᠯ | ᠰᠡᠳᠦᠪᠲᠦ ᠠᠵᠢᠯᠯᠠᠭ᠎ᠠ ᠶᠢ ᠥᠷᠨᠢᠭᠦᠯᠦᠨ᠎ᠡ᠃ ᠰᠤᠷᠭᠠᠭᠤᠯᠢ ᠶᠢᠨ ᠬᠦᠷᠢᠶᠡᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠭᠤᠣᠯ ᠰᠡᠳᠦᠪᠲᠦ ᠠᠵᠢᠯᠯᠠᠭ᠎ᠠ ᠶᠢ | ᠥᠷᠨᠢᠭᠦᠯᠵᠦ᠂ ︽ᠲᠤᠯᠤᠭᠠᠨ ᠨᠢᠭᠡ︾ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ︽ᠠᠨᠠᠷ ᠤᠨ ᠦᠷ᠎ᠡ︾ ᠬᠥᠮᠦᠨ ᠬᠥᠮᠦᠵᠢᠭᠦᠯᠬᠦ ᠢᠨᠵᠧᠨᠧᠷᠢᠩ ᠪᠣᠯᠤᠨ ︽ | ᠬᠡᠦᠬᠡᠳ ᠤᠨ ᠬᠡᠯᠡ ᠬᠠᠮᠲᠤ ᠶᠢᠨ ᠳᠠᠭᠤᠨ︾ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠪᠦᠬᠦ | ᠲᠠᠯ᠎ᠠ ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠦᠬᠦ ᠲᠠᠯ᠎ᠠ ᠪᠠᠷ ᠳᠡᠯᠭᠡᠷᠡᠭᠦᠯᠦᠨ ᠬᠡᠷᠡᠭᠯᠡᠵᠦ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠡᠳᠦᠪᠲᠦ ᠦᠵᠡᠯ ᠰᠠᠨᠠᠭ᠎ᠠ ᠤᠯᠤᠰ ᠲᠦᠷᠦ ᠶᠢᠨ | ᠬᠢᠴᠢᠶᠡᠯ ᠢ ᠰᠠᠶᠢᠲᠤᠷ ᠶᠠᠷᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠬᠠᠷᠠᠬᠠᠨ ᠪᠠᠭ᠎ᠠ ᠠᠴᠠ ᠨᠢ ᠬᠡᠦᠬᠡᠳ ᠤᠨ ᠰᠡᠳᠬᠢᠯ ᠳᠤ | ᠬᠠᠲᠠᠩᠰᠢᠭᠤᠯᠤᠨ᠎ᠠ᠃ | ᠴᠡᠷᠢᠭ ᠠᠩᠭᠢ ᠳᠤ ᠦᠷᠨᠢᠬᠦᠯᠦᠨ᠎ᠡ | ᠭᠤᠣᠯ ᠰᠡᠳᠦᠪᠲᠦ ᠨᠠᠮ ᠤᠨ ᠡᠳᠦᠷᠯᠢᠭ ᠤᠨ ᠠᠵᠢᠯᠯᠠᠭ᠎ᠠ᠂ ᠡᠯ᠎ᠡ ᠲᠦᠷᠦᠯ ᠤᠨ ᠲᠥᠪᠯᠡᠷᠡᠭᠦᠯᠦᠨ ᠪᠣᠯᠪᠠᠰᠤᠷᠠᠭᠤᠯᠬᠤ ᠡᠭᠡᠯᠵᠢᠯᠡᠨ ᠪᠣᠯᠪᠠᠰᠤᠷᠠᠭᠤᠯᠬᠤ᠂ ᠶᠡᠭᠡ | ᠳᠡᠭᠡᠳᠦ ᠰᠤᠷᠭᠠᠭᠤᠯᠢ ᠶᠢᠨ ᠬᠥᠮᠦᠵᠢᠯ ᠪᠣᠯᠪᠠᠰᠤᠷᠠᠭᠤᠯᠤᠯ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠪᠠ ᠬᠠᠤᠯᠢ ᠪᠠᠷ ᠵᠠᠰᠠᠬᠤ | ᠬᠥᠮᠦᠵᠢᠯ ᠤᠨ ᠬᠠᠪᠰᠤᠷᠤᠨ ᠵᠢᠯᠣᠭᠤᠳᠬᠤ ᠬᠢᠴᠢᠶᠡᠯ ᠢ ᠲᠤᠬᠢᠷᠠᠭᠤᠯᠵᠤ᠂ ᠬᠠᠪᠰᠤᠷᠤᠨ ᠳᠠᠭᠠᠭᠤᠯᠬᠤ ᠬᠠᠪᠰᠤᠷᠤᠨ ᠪᠠᠶᠢᠭᠤᠯᠬᠤ᠂ ᠴᠡᠭ ᠲᠤ ᠰᠠᠭᠤᠵᠤ ᠪᠠᠶᠢᠴᠠᠭᠠᠨ | ᠰᠤᠳᠤᠯᠬᠤ ᠵᠡᠷᠭᠡ ᠲᠠᠢ ᠤᠶᠠᠯᠳᠤᠭᠤᠯᠤᠨ᠂ ᠨᠠᠮ ᠤᠨ ᠦᠨᠳᠦᠰᠦᠲᠡᠨ ᠤ ᠤᠨᠤᠯ ᠤᠨ ᠲᠦᠷᠦ ᠶᠢᠨ ᠪᠤᠳᠤᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ | ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠥᠷᠨᠢᠭᠦᠯᠵᠦ᠂ ᠦᠨᠳᠦᠰᠦᠲᠡᠨ ᠨᠦᠭᠦᠳ ᠤᠨ ᠴᠡᠷᠢᠭ ᠪᠠᠶᠢᠯᠳᠤᠭᠴᠢᠳ ᠢ ᠳᠡᠭᠡᠳᠦ ᠬᠡᠮᠵᠢᠶᠡᠨ ᠤ ᠬᠠᠷᠢᠭᠤᠴᠠᠯᠭᠠᠲᠤ | ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠤᠯᠤᠰ ᠢᠶᠠᠨ ᠬᠦᠴᠦᠷᠬᠡᠭᠵᠢᠭᠦᠯᠬᠦ ᠴᠡᠷᠢᠭ ᠢᠶᠠᠨ ᠬᠦᠴᠦᠷᠬᠡᠭᠵᠢᠭᠦᠯᠬᠦ ᠦᠢᠯᠡᠳᠦᠯᠭᠡ ᠳᠤ ᠤᠷᠤᠯᠴᠠᠭᠤᠯᠬᠤ ᠶᠢ | ᠬᠦᠮᠦᠵᠢᠬᠦᠯᠦᠨ ᠵᠢᠯᠤᠭᠤᠳᠤᠨ᠎ᠠ᠃ | ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠲᠤ ᠦᠷᠨᠢᠬᠦᠯᠦᠨ᠎ᠡ | ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠪᠠ ᠱᠠᠰᠢᠨ ᠰᠤᠷᠲᠠᠬᠤᠨ ᠤ ᠠᠵᠢᠯ ᠤᠨ ᠦᠨᠳᠦᠰᠦᠨ ᠴᠢᠭᠯᠡᠯᠲᠡ ᠶᠢ ᠪᠥᠬᠦ ᠲᠠᠯ᠎ᠠ ᠪᠠᠷ | ᠲᠤᠭᠤᠰᠢᠯᠠᠭᠤᠯᠵᠤ᠂ ᠱᠠᠰᠢᠨ ᠰᠤᠷᠲᠠᠬᠤᠨ ᠤ ᠪᠠᠭᠰᠢ ᠠᠵᠢᠯᠲᠠᠨ ᠪᠠ ᠱᠠᠰᠢᠨ ᠰᠢᠲᠦᠭᠴᠢᠳ ᠲᠤ ᠬᠠᠨᠳᠤᠭᠤᠯᠤᠨ ᠦᠨᠳᠦᠰᠦᠨ ᠬᠠᠤᠯᠢ ᠪᠠ ᠦᠨᠳᠦᠰᠦᠲᠡᠨ ᠱᠠᠰᠢᠨ | ᠰᠤᠷᠲᠠᠬᠤᠨ ᠤ ᠬᠦᠷᠢᠶᠡᠨ ᠳᠠᠬᠢ ᠬᠠᠤᠯᠢ ᠴᠠᠭᠠᠵᠠ ᠬᠠᠤᠯᠢ ᠲᠣᠭᠲᠠᠭᠠᠯ ᠢ ᠶᠡᠭᠡ ᠪᠠᠷ ᠤᠬᠠᠭᠤᠯᠵᠤ᠂ ᠡᠬᠡ ᠣᠷᠣᠨᠴᠢ ᠦᠵᠡᠯ ᠤᠨ ᠬᠥᠮᠦᠵᠢᠯ᠂ ᠨᠡᠶᠢᠭᠡᠮ ᠵᠢᠷᠤᠮ ᠤᠨ | ᠭᠤᠤᠯᠯᠠᠭᠴᠢ ᠥᠷᠲᠡᠭ ᠤᠨ ᠦᠵᠡᠯᠲᠡ ᠶᠢᠨ ᠬᠥᠮᠦᠵᠢᠯ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠤᠬᠠᠭᠤᠯᠭ᠎ᠠ | ᠬᠥᠮᠦᠵᠢᠯ ᠢ ᠥᠷᠨᠢᠭᠦᠯᠵᠦ᠂ ᠱᠠᠰᠢᠨ ᠰᠤᠷᠲᠠᠬᠤᠨ ᠤ ᠪᠠᠭᠰᠢ ᠠᠵᠢᠯᠲᠠᠨ ᠪᠠ ᠱᠠᠰᠢᠨ ᠰᠢᠲᠦᠭᠴᠢᠳ ᠢ ᠦᠨᠳᠦᠰᠦᠲᠡᠨ ᠤ ᠪᠦᠯᠬᠦᠮᠳᠡᠯ᠂ ᠱᠠᠰᠢᠨ ᠰᠤᠷᠲᠠᠬᠤᠨ ᠤ ᠡᠶ᠎ᠡ | ᠵᠣᠬᠢᠴᠠᠯ᠂ ᠨᠡᠶᠢᠭᠡᠮ ᠤᠨ ᠲᠣᠭᠲᠠᠭᠤᠨ ᠪᠠᠶᠢᠳᠠᠯ ᠢ ᠤᠬᠠᠮᠰᠠᠷ ᠠᠴᠠ ᠪᠠᠨ ᠬᠠᠮᠠᠭᠠᠯᠠᠬᠤ ᠶᠢ ᠢᠳᠡᠪᠬᠢᠲᠡᠶ ᠬᠥᠲᠥᠯᠥᠨ ᠵᠢᠯᠣᠭᠤᠳᠤᠨ᠎ᠠ᠃ | ᠰᠤᠶᠤᠯ ᠵᠢᠭᠤᠯᠴᠢᠯᠠᠯ ᠤᠨ ᠲᠠᠯᠠᠪᠤᠷ ᠭᠠᠵᠠᠷ ᠲᠤ ᠦᠷᠨᠢᠬᠦᠯᠦᠨ᠎ᠡ | ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠲᠤᠰᠬᠠᠵᠤ ᠳᠡᠶᠢᠯᠬᠦ ᠲᠡᠦᠬᠡ ᠶᠢᠨ ᠳᠤᠷᠠᠰᠬᠠᠯᠲᠤ ᠵᠦᠢᠯᠡᠰ ᠪᠣᠯᠤᠨ ᠲᠡᠦᠬᠡ ᠶᠢᠨ | ᠪᠣᠳᠠᠲᠤ ᠬᠡᠷᠡᠭ ᠢᠶᠠᠷ ᠠᠴᠢᠶᠠᠯᠠᠪᠤᠷᠢ ᠪᠣᠯᠭᠠᠵᠤ᠂ ᠵᠢᠷᠤᠭ ᠦᠰᠦᠭ ᠬᠤᠤᠰᠯᠠᠭᠤᠯᠤᠭᠰᠠᠨ ᠳᠡᠯᠭᠡᠨ ᠦᠵᠡᠭᠦᠯᠭᠡ ᠶᠢᠨ ᠰᠠᠮᠪᠠᠷ᠎ᠠ᠂ ᠪᠦᠷᠢᠨ ᠵᠠᠭᠤᠴᠢᠲᠤ ᠳᠡᠯᠭᠡᠨ | ᠦᠵᠡᠭᠦᠯᠭᠡ ᠵᠡᠷᠭᠡ ᠠᠷᠭ᠎ᠠ ᠪᠠᠷᠢᠯ ᠢᠶᠠᠷ ᠲᠡᠦᠬᠡ ᠶᠢᠨ ᠳᠤᠷᠠᠰᠬᠠᠯᠲᠤ ᠵᠦᠢᠯᠡᠰ ᠲᠤ ᠠᠭᠤᠯᠤᠭᠳᠠᠵᠤ ᠪᠠᠶᠢᠭ᠎ᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠬᠢᠵᠢᠭᠦᠯᠬᠦ ᠠᠭᠤᠯᠤᠭᠳᠠᠬᠤᠨ ᠢ ᠲᠣᠳᠣᠷᠬᠠᠶᠢᠯᠠᠨ ᠥᠭᠦᠯᠡᠨ᠎ᠡ᠃ ᠣᠲᠣ ᠶᠢᠨ ᠪᠠᠶᠢᠭ᠎ᠠ ᠳᠡᠯᠭᠡᠨ ᠦᠵᠡᠭᠦᠯᠬᠦ ᠪᠠᠶᠢᠷᠢᠰᠢᠭᠤᠯᠤᠯᠲᠠ ᠲᠠᠢ | ᠤᠶᠠᠯᠳᠤᠭᠤᠯᠤᠨ᠂ ᠦᠨᠳᠦᠰᠦᠲᠡᠨ ᠨᠦᠭᠦᠳ ᠬᠠᠮᠲᠤᠪᠠᠷ ᠭᠥᠷᠳᠡᠬᠦ ᠳᠤᠮᠳᠠᠳᠤ ᠶᠢᠨ ᠰᠣᠶᠣᠯ ᠤᠨ ᠲᠡᠮᠳᠡᠭ ᠪᠠ ᠳᠦᠷᠢ ᠲᠥᠷᠬᠦ ᠶᠢ ᠰᠢᠭᠢᠳᠬᠡᠨ ᠣᠷᠣᠭᠤᠯᠵᠤ᠂ | ᠤᠬᠠᠭᠤᠯᠤᠨ ᠳᠡᠯᠭᠡᠨ ᠦᠵᠡᠭᠦᠯᠬᠦ ᠶᠢ ᠴᠢᠩᠭᠠᠳᠬᠠᠨ᠂ ᠰᠣᠶᠣᠯ ᠵᠢᠭᠤᠯᠴᠢᠯᠠᠯ ᠤᠨ ᠠᠭᠤᠰᠤᠯᠴᠠᠯ ᠢ ᠠᠬᠢᠭᠤᠯᠵᠤ᠂ ᠰᠣᠶᠣᠯ ᠵᠢᠭᠤᠯᠴᠢᠯᠠᠯ ᠤᠨ ᠲᠠᠯᠠᠪᠤᠷ ᠭᠠᠵᠠᠷ ᠢ | ᠨᠠᠮ ᠤᠨ ᠦᠨᠳᠦᠰᠦᠲᠡᠨ ᠤ ᠲᠤᠬᠠᠢ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠬᠤ ᠴᠢᠬᠤᠯᠠ ᠴᠤᠩᠬᠤᠪᠴᠢ ᠪᠣᠯᠭᠠᠨ᠎ᠠ᠃ | | ᠰᠦᠯᠵᠢᠶᠡᠨ ᠳᠤ ᠦᠷᠨᠢᠬᠦᠯᠦᠨ᠎ᠡ | ︽ᠢᠨᠲ᠋ᠧᠷ ᠰᠦᠯᠵᠢᠶ᠎ᠡ + ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠠᠵᠢᠯᠯᠠᠭᠠᠨ ᠢ ᠭᠦᠨᠵᠡᠭᠡᠶ | ᠬᠡᠷᠡᠭᠵᠢᠭᠦᠯᠵᠦ᠂ ᠡᠯ᠎ᠡ ᠰᠠᠯᠠᠭ᠎ᠠ ᠮᠥᠴᠢᠷ ᠨᠢᠭᠡᠴᠢ ᠢᠯᠠᠩᠭᠤᠶ᠎ᠠ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠭᠡᠰᠢᠭᠦᠨ ᠨᠢᠭᠡᠴᠢ ᠨᠢ ᠫᠤᠷᠲ᠋ᠧᠯ ᠰᠦᠯᠵᠢᠶ᠎ᠡ ᠪᠤᠶᠤ | ᠸᠢᠴᠠᠲ ᠤᠨ ᠣᠯᠠᠨ ᠨᠡᠶᠢᠲᠡ ᠶᠢᠨ ᠲᠠᠪᠴᠠᠩ ᠳᠤ ᠤᠬᠠᠭᠤᠯᠭ᠎ᠠ ᠶᠢᠨ ᠲᠤᠰᠬᠠᠶ ᠪᠤᠯᠤᠩ ᠭᠠᠷᠭᠠᠵᠤ᠂ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ | ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠲᠠᠶᠢᠯᠪᠤᠷᠢᠯᠠᠬᠤ ᠠᠵᠢᠯ ᠢ ᠰᠠᠶᠢᠲᠤᠷ ᠬᠢᠨ᠎ᠡ᠃ ᠡᠯ᠎ᠡ ᠭᠤᠤᠯ ᠵᠠᠭᠤᠴᠢᠯᠠᠭᠤᠷ ᠤᠨ ᠬᠢᠨ ᠰᠢᠨ᠎ᠡ | ᠵᠠᠭᠤᠴᠢᠯᠠᠭᠤᠷ ᠤᠨ ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠦᠯᠵᠢᠶᠡᠨ ᠢᠷᠭᠡᠳ ᠤᠨ ᠳᠤᠷᠠᠲᠠᠶ᠎ᠠ ᠭᠥᠯᠢᠶᠡᠨ ᠠᠪᠬᠤ ᠣᠬᠤᠷ ᠸᠢᠳᠢᠣ᠋ ᠵᠡᠷᠭᠡ | ᠪᠦᠲᠦᠭᠡᠯ ᠢ ᠵᠣᠬᠢᠶᠠᠨ ᠪᠦᠲᠦᠭᠡᠵᠦ ᠤᠬᠠᠭᠤᠯᠤᠨ ᠲᠠᠨᠢᠯᠴᠠᠭᠤᠯᠵᠤ᠂ ᠢᠨᠲ᠋ᠧᠷ ᠰᠦᠯᠵᠢᠶ᠎ᠡ ᠶᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠬᠠᠮᠤᠭ ᠤᠨ ᠶᠡᠭᠡ ᠨᠡᠮᠡᠭᠳᠡᠯ ᠪᠤᠯᠭᠠᠨ᠎ᠠ᠃ ᠡᠯ᠎ᠡ ᠬᠦᠷᠢᠶ᠎ᠡ ᠴᠠᠷᠠᠭᠠᠨ ᠳᠤ ᠦᠷᠨᠢᠬᠦᠯᠦᠨ᠎ᠡ | ᠡᠯ᠎ᠡ ᠠᠵᠢᠯ ᠲᠥᠷᠥᠯ ᠤᠨ ᠬᠢᠨ ᠡᠷᠬᠡ ᠴᠢᠳᠠᠮᠵᠢ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ᠂ ᠠᠷᠭ᠎ᠠ ᠬᠡᠯᠪᠡᠷᠢ ᠪᠠ ᠠᠴᠢᠶᠠᠯᠠᠪᠤᠷᠢ ᠶᠢᠨ ᠲᠠᠯ᠎ᠠ ᠪᠠᠷ | ᠢᠳᠡᠪᠬᠢᠲᠡᠶ ᠪᠠᠷ ᠰᠢᠨ᠎ᠡ ᠶᠢ ᠡᠭᠦᠳᠴᠦ᠂ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠭᠦᠨᠵᠡᠭᠡᠶ | ᠤᠬᠠᠭᠤᠯᠤᠨ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠬᠠᠮᠲᠤ ᠶᠢᠨ ᠤᠬᠠᠮᠰᠠᠷ᠂ ᠡᠵᠡᠨ ᠬᠥᠮᠦᠨ ᠤ ᠤᠬᠠᠮᠰᠠᠷ᠂ ᠰᠠᠬᠢᠨ ᠪᠡᠷᠡᠯᠡᠵᠦ ᠬᠠᠷᠢᠯᠴᠠᠨ | ᠬᠠᠪᠰᠤᠷᠤᠯᠴᠠᠬᠤ ᠤᠬᠠᠮᠰᠠᠷ᠂ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ ᠤᠬᠠᠮᠰᠠᠷ ᠢ ᠪᠠᠲᠤ ᠪᠣᠶ ᠪᠤᠯᠭᠠᠬᠤ ᠶᠢ ᠬᠦᠲᠦᠯᠦᠨ ᠵᠢᠯᠤᠭᠤᠳᠴᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠠᠶᠢᠭᠤᠯᠬᠤ ᠠᠭᠤᠤ ᠶᠡᠭᠡ ᠦᠢᠯᠡᠳᠦᠯᠭᠡ ᠳᠤ ᠤᠬᠠᠮᠰᠠᠷ ᠠᠴᠠ ᠪᠠᠨ ᠤᠷᠤᠯᠴᠠᠬᠤ ᠪᠤᠯᠭᠠᠨ᠎ᠠ᠃ | ᠭᠤᠣᠯ ᠲᠠᠯᠠᠪᠤᠷ ᠤᠨ ᠭᠤᠣᠯᠳᠠᠯᠭ᠎ᠠ ᠲᠠᠢ ᠠᠵᠢᠯ | 1. ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠦᠨ᠎ᠡ᠃ | ︽ᠬᠥᠯᠥᠨ ᠪᠤᠶᠢᠷ ᠢ ᠤᠶᠢᠯᠠᠭᠠᠬᠤ︾ ᠤᠮᠠᠷᠠᠲᠤ ᠬᠢᠯᠢ ᠶᠢᠨ ᠰᠣᠶᠣᠯ ᠤᠨ ᠴᠤᠭᠯᠠᠭᠠᠨ ᠵᠢᠴᠢ ︽ᠠᠨᠠᠷ ᠤᠨ ᠦᠷ᠎ᠡ ᠶᠢᠨ ᠬᠡᠷ ᠣᠷᠣᠨ︾ ᠤ ᠣᠷᠴᠢᠭᠤᠯᠭ᠎ᠠ ᠶᠢᠨ | ᠪᠦᠲᠦᠭᠡᠯ ᠰᠣᠯᠢᠯᠴᠠᠬᠤ ᠬᠤᠷᠠᠯ ᠢ ᠦᠷᠨᠢᠬᠦᠯᠦᠨ᠎ᠡ᠄ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ︽ᠠᠨᠠᠷ ᠤᠨ | ᠴᠡᠴᠡᠭ ᠤᠮᠠᠷᠠᠲᠤ ᠬᠢᠯᠢ ᠳᠡᠯᠭᠡᠷᠡᠬᠦ︾ ᠭᠤᠤᠯ ᠰᠡᠳᠦᠪᠲᠦ ᠵᠣᠬᠢᠶᠠᠯ ᠡᠯᠰᠡᠬᠦ ᠠᠵᠢᠯᠯᠠᠭ᠎ᠠ ᠦᠷᠨᠢᠬᠦᠯᠦᠨ᠎ᠡ᠄ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠥᠬᠦ ᠬᠤᠲᠠ ᠶᠢᠨ ᠲᠠᠪᠤᠳᠤᠭᠠᠷ ᠬᠤᠭᠤᠴᠠᠭᠠᠨ ᠤ ᠣᠷᠴᠢᠭᠤᠯᠤᠭᠴᠢᠳ ᠤᠨ ᠪᠣᠯᠪᠠᠰᠤᠷᠠᠯ ᠤᠨ ᠠᠩᠭᠢ ᠡᠷᠬᠢᠯᠡᠨ᠎ᠡ︔ | ᠬᠥᠯᠥᠨ ᠪᠤᠶᠢᠷ ᠬᠤᠲᠠ ᠶᠢᠨ ᠤᠤᠯ ᠤᠨ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭᠰᠠᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠠᠷᠪᠠᠨ | ᠨᠢᠭᠡᠳᠦᠭᠡᠷ ᠬᠤᠭᠤᠴᠠᠭᠠᠨ ᠤ ᠨᠡᠷᠡᠨ ᠭᠡᠷᠡᠯᠲᠦ ᠰᠤᠷᠭᠠᠭᠤᠯᠢ ᠶᠢᠨ ᠬᠦᠷᠢᠶᠡᠨ ᠤ ︽ᠣᠳᠣᠨ ᠨᠡᠪᠲᠡᠷᠡᠭᠦᠯᠥᠭᠴᠢ︾ ᠶᠢᠨ ᠤᠷᠤᠯᠳᠤᠭᠠᠨ ᠵᠢᠴᠢ ᠲᠠᠪᠤᠳᠤᠭᠠᠷ | ᠬᠤᠭᠤᠴᠠᠭᠠᠨ ᠤ ᠰᠣᠨᠣᠰᠴᠤ ᠪᠢᠴᠢᠬᠦ ᠤᠷᠤᠯᠳᠤᠭᠠᠨ ᠢ ᠥᠷᠨᠢᠭᠦᠯᠦᠨ᠎ᠡ᠃ ᠭᠤᠤᠯᠯᠠᠨ ᠡᠷᠬᠢᠯᠡᠬᠦ ᠨᠢᠭᠡᠴᠢ᠄ ᠬᠤᠲᠠ ᠶᠢᠨ ᠦᠨᠳᠦᠰᠦᠳᠡᠨ ᠤ ᠬᠡᠷᠡᠭ ᠡᠷᠬᠢᠯᠡᠬᠦ ᠵᠥᠪᠯᠡᠯ | 2. ︽ᠦᠨᠳᠦᠰᠦᠲᠡᠨ ᠤ ᠪᠦᠯᠬᠦᠮᠳᠡᠯ ᠤᠨ ᠡᠮᠡᠭᠲᠡᠶᠢᠴᠦᠳ ᠤᠨ ᠠᠵᠢᠯᠯᠠᠭ᠎ᠠ︾ ᠶᠢᠨ ᠰᠢᠷᠢᠰ ᠠᠵᠢᠯᠯᠠᠭ᠎ᠠ ᠦᠷᠨᠢᠬᠦᠯᠵᠦ ︽ᠠᠨᠠᠷ ᠤᠨ ᠮᠣᠳᠣ ᠦᠨᠳᠦᠰᠦ ᠪᠠᠷ ᠢᠶᠠᠨ | ᠵᠠᠯᠭᠠᠯᠳᠤᠬᠤ᠂ ᠠᠨᠠᠷ ᠤᠨ ᠦᠷ᠎ᠡ ᠰᠡᠳᠬᠢᠯ ᠢᠶᠠᠷ ᠢᠶᠠᠨ ᠬᠤᠯᠪᠤᠯᠳᠤᠬᠤ᠂ ᠠᠨᠠᠷ ᠤᠨ ᠴᠡᠴᠡᠭ ᠤᠮᠠᠷᠠᠲᠤ ᠬᠢᠯᠢ ᠪᠠᠷ ᠪᠠᠳᠠᠷᠠᠨ ᠳᠡᠯᠭᠡᠷᠡᠬᠦ︾ ᠪᠠᠷ ᠭᠤᠤᠯ ᠰᠡᠳᠦᠪ | ᠪᠤᠯᠭᠠᠵᠤ᠂ ︽ᠬᠥᠯᠥᠨ ᠪᠤᠶᠢᠷ ᠤᠨ ᠡᠮᠡᠭᠲᠡᠶᠢᠴᠦᠳ ᠤᠨ ᠶᠠᠷᠢᠶᠠᠨ ᠤ ᠲᠠᠶᠢᠯᠤᠮᠵᠢ︾ ᠶᠢ ᠭᠦᠨᠵᠡᠭᠡᠶᠢᠷᠡᠭᠦᠯᠵᠦ᠂ ︽ᠠᠷᠪᠠᠨ ᠵᠠᠭᠤᠨ ᠮᠢᠩᠭᠠᠨ ᠲᠦᠮᠡᠨ︾ ᠤᠮᠠᠷᠠᠲᠤ | ᠬᠢᠯᠢ ᠶᠢᠨ ᠡᠮᠡᠭᠲᠡᠶᠢᠴᠦᠳ ᠤᠨ ᠶᠡᠭᠡ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ᠂ ︽ᠦᠨᠳᠦᠰᠦᠲᠡᠨ ᠤ ᠪᠦᠯᠬᠦᠮᠳᠡᠯ ᠤᠨ ᠬᠠᠮᠤᠭ ᠤᠨ ᠭᠤᠶᠣ ᠬᠡᠷ ᠪᠦᠯᠢ ᠶᠢᠨ | ᠦᠵᠡᠭᠦᠯᠭᠡ︾ ︽ᠰᠢᠨ᠎ᠡ ᠠᠶᠠᠨ ᠵᠠᠮ ᠤᠨ ᠴᠤᠤᠷᠢᠶ᠎ᠠ · ᠤᠮᠠᠷᠠᠲᠤ ᠬᠢᠯᠢ ᠶᠢᠨ ᠡᠮᠡᠭᠲᠡᠶᠢᠴᠦᠳ ᠤᠨ ᠶᠠᠷᠢᠶ᠎ᠠ︾ ︽ᠬᠡᠷ ᠤᠨ ᠰᠤᠷᠭᠠᠯ ᠤᠨ ᠬᠦᠮᠦᠵᠢᠯ ᠪᠤᠶᠢᠵᠢᠯᠲᠠ︾ | ᠬᠡᠷ ᠪᠦᠯᠢ ᠶᠢᠨ ᠬᠥᠮᠦᠵᠢᠯ ᠤᠨ ᠤᠬᠠᠭᠤᠯᠭ᠎ᠠ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠬᠦᠯᠦᠨ ᠪᠤᠶᠢᠷ ᠬᠤᠲᠠ ᠶᠢᠨ ᠡᠮᠡᠭᠲᠡᠶᠢᠴᠦᠳ ᠤᠨ | ᠰᠠᠶᠢᠨ ᠳᠤᠷ᠎ᠠ ᠶᠢᠨ ᠦᠢᠯᠡᠴᠢᠯᠡᠭᠡ ᠶᠢᠨ ᠠᠷᠪᠠᠨ ᠶᠡᠭᠡ ᠠᠵᠢᠯᠯᠠᠭᠠᠨ ᠢ ᠠᠬᠢᠭᠤᠯᠵᠤ᠂ ᠲᠦᠮᠡᠨ ᠨᠡᠷ᠎ᠡ ᠡᠮᠡᠭᠲᠡᠶᠢᠴᠦᠳ ᠤᠨ ᠰᠠᠶᠢᠨ ᠳᠤᠷ᠎ᠠ ᠶᠢᠨ ᠦᠢᠯᠡᠴᠢᠯᠡᠭᠡ ᠶᠢᠨ | ᠠᠵᠢᠯᠯᠠᠭᠠᠨ ᠦᠷᠨᠢᠬᠦᠯᠦᠨ᠎ᠡ᠃ ᠭᠤᠤᠯᠯᠠᠨ ᠡᠷᠬᠢᠯᠡᠬᠦ ᠨᠢᠭᠡᠴᠢ᠄ ᠬᠤᠲᠠ ᠶᠢᠨ ᠡᠮᠡᠭᠲᠡᠶᠢᠴᠦᠳ ᠤᠨ ᠬᠤᠯᠪᠣᠭ᠎ᠠ | 3. ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠠᠵᠢᠯᠯᠠᠭ᠎ᠠ ᠶᠢ ᠥᠷᠨᠢᠭᠦᠯᠦᠨ᠎ᠡ᠃ ᠡᠯ᠎ᠡ ᠱᠠᠲᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠵᠢᠱᠢᠶ᠎ᠡ ᠦᠵᠡᠭᠦᠯᠬᠦ ᠨᠢᠭᠡᠴᠢ ᠨᠦᠭᠦᠳ ᠵᠢᠱᠢᠶ᠎ᠡ ᠦᠵᠡᠭᠦᠯᠵᠦ ᠦᠯᠢᠭᠡᠷ ᠳᠠᠭᠤᠷᠢᠶᠠᠯ ᠪᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠣᠯᠠᠨ ᠠᠷᠭ᠎ᠠ ᠵᠠᠮ ᠢᠶᠠᠷ | ᠤᠬᠠᠭᠤᠯᠭ᠎ᠠ ᠶᠢᠨ ᠠᠵᠢᠯ ᠢ ᠰᠠᠶᠢᠲᠤᠷ ᠬᠢᠨ᠎ᠡ᠃ ᠡᠯ᠎ᠡ ᠱᠠᠲᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠲᠦᠷᠦᠭᠦᠯᠡᠨ ᠦᠨᠳᠦᠰᠦᠨ | ᠱᠠᠲᠤᠨ ᠳᠤ ᠭᠦᠨᠵᠡᠭᠡᠶᠢᠷᠡᠵᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠦᠷᠨᠢᠬᠦᠯᠦᠨ᠎ᠡ᠃ ᠡᠯ᠎ᠡ ᠱᠠᠲᠤᠨ ᠤ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠤᠨ ᠬᠢᠨ ᠬᠤᠯᠪᠤᠭᠠᠯᠠᠨ ᠰᠤᠷᠤᠯᠴᠠᠵᠤ ᠬᠤᠯᠪᠤᠭᠠᠯᠠᠨ ᠪᠠᠶᠢᠭᠤᠯᠬᠤ | ᠵᠡᠷᠭᠡ ᠭᠤᠣᠯ ᠰᠡᠳᠦᠪᠲᠦ ᠠᠵᠢᠯᠯᠠᠭ᠎ᠠ ᠦᠷᠨᠢᠬᠦᠯᠦᠨ᠎ᠡ᠃ | ᠭᠤᠤᠯᠯᠠᠨ ᠡᠷᠬᠢᠯᠡᠬᠦ ᠨᠢᠭᠡᠴᠢ᠄ ᠬᠤᠲᠠ ᠶᠢᠨ ᠦᠨᠳᠦᠰᠦᠳᠡᠨ ᠤ ᠬᠡᠷᠡᠭ ᠡᠷᠬᠢᠯᠡᠬᠦ ᠵᠥᠪᠯᠡᠯ | 4. ᠦᠨᠳᠦᠰᠦᠲᠡᠨ ᠤ ᠠᠵᠢᠯ ᠤᠨ ᠰᠡᠳᠦᠪ ᠤᠨ ᠰᠤᠳᠤᠯᠭᠠᠨ ᠤ ᠪᠠᠷᠢᠮᠵᠢᠶ᠎ᠠ ᠶᠢ ᠳᠡᠭᠡᠭᠰᠢᠯᠡᠭᠦᠯᠦᠨ ᠴᠢᠨᠠᠷ ᠢ ᠨᠡᠮᠡᠭᠳᠡᠭᠦᠯᠬᠦ ᠠᠵᠢᠯᠯᠠᠭ᠎ᠠ ᠶᠢ ᠥᠷᠨᠢᠭᠦᠯᠦᠨ᠎ᠡ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠣᠨᠣᠯ ᠪᠠ ᠪᠣᠳᠠᠲᠤ ᠠᠰᠠᠭᠤᠳᠠᠯ ᠤᠨ ᠰᠤᠳᠤᠯᠭᠠᠨ ᠢ ᠪᠠᠲᠤ ᠴᠣᠭᠴᠠᠯᠠᠬᠤ ᠶᠢ | ᠠᠬᠢᠭᠤᠯᠵᠤ᠂ ᠮᠠᠨ ᠤ ᠬᠤᠲᠠ ᠶᠢᠨ ᠳᠠᠭᠠᠭᠠᠨ ᠠᠪᠤᠭᠰᠠᠨ 2025 ᠣᠨ ᠤ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ | ᠰᠤᠳᠤᠯᠭᠠᠨ ᠤ ᠰᠡᠳᠦᠪ ︽ᠬᠥᠯᠥᠨ ᠪᠤᠶᠢᠷ ᠤᠨ ︿ᠠᠭᠤᠰᠤᠯᠴᠠᠯ ᠤᠨ ᠵᠠᠮ﹀ ᠤᠨ ᠣᠨᠣᠯ ᠪᠠ ᠦᠢᠯᠡᠳᠦᠯᠭᠡ ᠶᠢᠨ ᠰᠤᠳᠤᠯᠤᠯ︾ ᠤᠨ ᠲᠥᠷᠥᠯ ᠵᠦᠢᠯ ᠢ ᠪᠠᠲᠤᠲᠠᠶ | ᠠᠬᠢᠭᠤᠯᠵᠤ᠂ ᠬᠥᠯᠥᠨ ᠪᠤᠶᠢᠷ ᠬᠤᠲᠠ ᠶᠢᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠡᠬᠢᠯᠡᠭᠦᠯᠦᠭᠰᠡᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ︿ᠣᠷᠣᠨ ᠨᠤᠲᠤᠭ ᠠᠵᠤ ᠠᠬᠤᠶᠢᠯᠠᠯ ᠬᠤᠯᠪᠣᠭᠠᠯᠠᠨ ᠬᠥᠳᠡᠯᠦᠯᠴᠡᠬᠦ﹀ ᠦᠢᠯᠡᠳᠦᠯᠭᠡ ᠶᠢᠨ ᠲᠤᠷᠰᠢᠯᠭ᠎ᠠ ᠶᠢᠨ | ᠰᠥᠪᠡᠭᠴᠢᠯᠡᠯᠲᠡ︾ ︽ᠬᠥᠯᠥᠨ ᠪᠤᠶᠢᠷ ᠬᠤᠲᠠ ᠶᠢᠨ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠪᠠᠷ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠴᠣᠭᠴᠠᠯᠠᠬᠤ ᠦᠢᠯᠡᠳᠦᠯᠭᠡ ᠶᠢᠨ ᠠᠷᠭ᠎ᠠ ᠵᠠᠮ ᠤᠨ ᠰᠤᠳᠤᠯᠤᠯ︾ ᠵᠡᠷᠭᠡ 4 ᠰᠤᠳᠤᠯᠭᠠᠨ ᠤ ᠰᠡᠳᠦᠪ ᠢ | ᠪᠡᠶᠡᠯᠡᠭᠦᠯᠬᠦ ᠶᠢᠨ ᠬᠠᠮᠲᠤ ᠰᠤᠳᠤᠯᠭᠠᠨ ᠤ ᠦᠷ᠎ᠡ ᠪᠦᠲᠦᠭᠡᠯ ᠢ ᠤᠯᠠᠷᠢᠭᠤᠯᠬᠤ ᠶᠢ ᠪᠡᠶᠡᠯᠡᠭᠦᠯᠦᠨ᠎ᠡ᠃ ᠭᠤᠤᠯᠯᠠᠨ ᠡᠷᠬᠢᠯᠡᠬᠦ ᠨᠢᠭᠡᠴᠢ᠄ ᠬᠤᠲᠠ ᠶᠢᠨ ᠦᠨᠳᠦᠰᠦᠳᠡᠨ ᠤ | ᠬᠡᠷᠡᠭ ᠡᠷᠬᠢᠯᠡᠬᠦ ᠵᠥᠪᠯᠡᠯ | 5. ᠰᠦᠯᠵᠢᠶᠡᠨ ᠤ ᠦᠷᠢᠰᠦᠯᠳᠦᠭᠡᠨᠲᠦ ᠬᠠᠷᠢᠭᠤᠯᠲᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠣᠷᠣᠯᠴᠠᠨ᠎ᠠ᠃ ︽ᠦᠨᠳᠦᠰᠦᠲᠡᠨ ᠤ ᠬᠠᠤᠯᠢ ᠪᠠᠷ ᠵᠠᠰᠠᠬᠤ | ᠤᠬᠠᠭᠤᠯᠭ᠎ᠠ ᠶᠢᠨ ᠭᠠᠷᠠᠭ︾ ᠤᠨ ᠬᠤᠭᠤᠴᠠᠭᠠᠨ ᠳᠤ᠂ ᠪᠥᠬᠦ ᠣᠷᠣᠨ ᠤ ︽ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ | ᠬᠠᠤᠯᠢ ᠲᠣᠭᠲᠠᠭᠠᠯ ᠤᠨ ᠮᠡᠳᠡᠯᠭᠡ ᠶᠢᠨ ᠰᠦᠯᠵᠢᠶᠡᠨ ᠤ ᠱᠠᠩᠨᠠᠯᠲᠤ ᠮᠡᠳᠡᠯᠭᠡ ᠶᠢᠨ ᠤᠷᠤᠯᠳᠤᠭᠠᠨ ᠤ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠣᠷᠣᠯᠴᠠᠨ᠎ᠠ᠂ ᠡᠯ᠎ᠡ | ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢᠭᠡᠴᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠨᠠᠷᠢᠨ ᠨᠢᠮᠪᠠᠶ ᠵᠣᠬᠢᠶᠠᠨ ᠪᠠᠶᠢᠭᠤᠯᠵᠤ ᠲᠤᠬᠢᠷᠠᠭᠤᠯᠤᠨ᠎ᠠ᠄ | ᠥᠷᠭᠡᠨ ᠢᠶᠠᠷ ᠳᠠᠶᠢᠴᠢᠯᠠᠨ ᠣᠷᠣᠯᠴᠠᠭᠤᠯᠵᠤ᠂ ᠲᠣᠰ ᠰᠠᠯᠠᠭ᠎ᠠ ᠮᠥᠴᠢᠷ᠂ ᠲᠣᠰ ᠨᠢᠭᠡᠴᠡ ᠶᠢᠨ ᠢᠶᠠᠨ ᠠᠯᠪᠠᠨ ᠰᠦᠯᠵᠢᠶ᠎ᠡ ᠪᠠ ᠸᠢᠴᠠᠲ ᠤᠨ ᠣᠯᠠᠨ ᠨᠡᠶᠢᠲᠡ ᠶᠢᠨ | ᠳᠠᠪᠴᠠᠩ ᠳᠡᠭᠡᠷ᠎ᠡ ᠰᠠᠶᠢᠲᠤᠷ ᠤᠬᠠᠭᠤᠯᠵᠤ᠂ ᠠᠵᠢᠯᠯᠠᠭ᠎ᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠨ᠂ ᠨᠡᠶᠢᠭᠡᠮ ᠤᠨ ᠨᠦᠯᠦᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃ | | ᠳᠠᠭᠠᠭᠠᠴᠢᠯᠠᠨ ᠭᠦᠢᠴᠡᠳᠬᠡᠬᠦ ᠨᠢᠭᠡᠴᠢ᠄ ᠡᠯ᠎ᠡ ᠬᠤᠰᠢᠭᠤ ᠬᠤᠲᠠ ᠲᠣᠭᠤᠷᠢᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠬᠤᠲᠠ ᠶᠢᠨ ᠰᠢᠭᠤᠳ | ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠭᠡᠴᠢ ᠠᠵᠢᠯ ᠤᠨ ᠱᠠᠭᠠᠷᠳᠠᠯᠭ᠎ᠠ ︵ᠨᠢᠭᠡ︶ ᠵᠥᠪ ᠴᠢᠭᠯᠡᠯ ᠢ ᠡᠵᠡᠮᠳᠡᠨ᠎ᠡ᠃ ᠨᠠᠮ ᠤᠨ ᠦᠨᠳᠦᠰᠦᠲᠡᠨ ᠤ | ᠤᠨᠤᠯ ᠲᠦᠷᠦ ᠶᠢᠨ ᠪᠤᠳᠤᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠠᠵᠢᠯ ᠳᠤ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ᠂ | ᠤᠳᠤᠷᠢᠳᠤᠮᠵᠢ ᠶᠢ ᠰᠠᠶᠢᠲᠤᠷ ᠡᠵᠡᠮᠳᠡᠵᠦ᠂ ᠴᠠᠭ ᠬᠡᠮᠵᠢᠶ᠎ᠡ ᠦᠷ᠎ᠡ ᠪᠦᠲᠦᠮᠵᠢ ᠶᠢ ᠰᠠᠶᠢᠲᠤᠷ ᠡᠵᠡᠮᠳᠡᠬᠦ ᠬᠡᠷᠡᠭᠲᠡᠢ᠃ | ︵ᠬᠤᠶᠠᠷ︶ ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠬᠦ ᠶᠢ ᠴᠢᠬᠤᠯᠠᠴᠢᠯᠠᠨ᠎ᠠ᠃ ᠡᠯ᠎ᠡ ᠰᠠᠯᠠᠭ᠎ᠠ ᠮᠥᠴᠢᠷ ᠨᠢᠭᠡᠴᠢ ᠨᠢ ᠦᠨᠳᠦᠰᠦᠲᠡᠨ ᠨᠦᠭᠦᠳ ᠤᠨ ᠣᠯᠠᠨ | ᠲᠦᠮᠡᠨ ᠤ ᠠᠮᠠᠷᠬᠠᠨ ᠭᠥᠯᠢᠶᠡᠨ ᠠᠪᠬᠤ ᠬᠡᠯᠪᠡᠷᠢ ᠪᠠᠷ ᠤᠬᠠᠭᠤᠯᠭ᠎ᠠ ᠶᠢᠨ ᠠᠵᠢᠯ ᠢ ᠥᠷᠨᠢᠭᠦᠯᠵᠦ᠂ ᠪᠣᠳᠠᠲᠤ ᠬᠡᠷᠡᠭ ᠤᠨ ᠲᠤᠭ᠎ᠠ ᠪᠠᠷᠢᠮᠲᠠ᠂ ᠨᠡᠶᠢᠲᠡᠯᠢᠭ ᠬᠡᠷᠡᠭ ᠤᠨ | ᠵᠢᠱᠢᠶ᠎ᠡ ᠪᠠᠷ ᠶᠣᠰᠣ ᠤᠴᠢᠷ ᠢ ᠲᠣᠳᠣᠷᠬᠠᠶ ᠶᠠᠷᠢᠬᠤ ᠳᠠᠭᠠᠨ ᠴᠢᠳᠠᠮᠠᠭᠠᠶ ᠪᠠᠶᠢᠬᠤ ᠬᠡᠷᠡᠭᠲᠡᠶ᠃ | ︵ᠭᠤᠷᠪᠠ︶ ᠲᠤᠷᠰᠢᠯᠭ᠎ᠠ ᠪᠠᠨ ᠳ᠋ᠦᠩᠨᠡᠬᠦ ᠶᠢ ᠴᠢᠩᠭᠠᠳᠬᠠᠨ᠎ᠠ᠃ ᠡᠯ᠎ᠡ ᠰᠠᠯᠠᠭ᠎ᠠ ᠮᠥᠴᠢᠷ ᠨᠢᠭᠡᠴᠢ ᠶᠢᠨ ᠬᠢᠨ ᠬᠡᠷᠡᠭᠵᠢᠭᠦᠯᠵᠦ ᠪᠠᠶᠢᠭ᠎ᠠ ᠪᠦᠲᠦᠮᠵᠢᠲᠡᠶ | ᠲᠤᠷᠰᠢᠯᠭ᠎ᠠ ᠪᠠ ᠠᠷᠭ᠎ᠠ ᠬᠢᠳᠡᠯ ᠢᠶᠠᠨ ᠴᠠᠭ ᠲᠤᠬᠠᠶ ᠳᠤᠨᠢ ᠳ᠋ᠦᠩᠨᠡᠵᠦ᠂ ᠨᠠᠮ ᠤᠨ ᠦᠨᠳᠦᠰᠦᠲᠡᠨ ᠤ ᠲᠤᠬᠠᠢ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ | ᠬᠠᠤᠯᠢ ᠲᠣᠭᠲᠠᠭᠠᠯ ᠤᠨ ᠤᠬᠠᠭᠤᠯᠭ᠎ᠠ ᠬᠥᠮᠦᠵᠢᠯ ᠤᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠶ᠃ | ᠬᠥᠯᠥᠨ ᠪᠤᠶᠢᠷ ᠬᠤᠲᠠ ᠶᠢᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠬᠠᠭᠤᠯᠪᠠ | |