ᠸᠠᠩ ᠸᠠᠩ ᠱᠧᠩ ᠣᠢ ᠰᠢᠭᠤᠶ ᠶᠢᠨ ᠥᠭᠡᠷᠡᠴᠢᠯᠡᠯᠲᠡ ᠶᠢᠨ ᠬᠤᠯᠪᠣᠭᠳᠠᠯ ᠪᠦᠬᠦᠢ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/5/28
       5 ᠰᠠᠷ᠎ᠠ ᠶᠢᠨ 15 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠸᠠᠩ ᠱᠧᠩ ᠬᠤᠩᠭᠤᠯᠵᠢ ᠣᠢ ᠰᠢᠭᠤᠶ ᠶᠢᠨ ᠲᠣᠪᠴᠢᠶ᠎ᠠ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠤᠯᠤᠰ ᠤᠨ ᠦᠮᠴᠢᠯᠡᠯᠲᠦ ᠣᠢ ᠰᠢᠭᠤᠶ ᠶᠢᠨ ᠲᠠᠯᠠᠪᠠᠢ ᠶᠢᠨ ᠥᠭᠡᠷᠡᠴᠢᠯᠡᠯᠲᠡ᠂ ᠤᠢ ᠰᠢᠭᠤᠶ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯᠲᠠ᠂ ᠤᠢ ᠶᠢᠨ ᠬᠤᠷᠮᠣᠶ ᠶᠢᠨ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ᠂ ᠷᠠᠰᠢᠶᠠᠨ ᠠᠴᠠ ᠴᠠᠶᠢᠾᠧ ᠬᠦᠷᠬᠦ ᠦᠵᠡᠮᠵᠢ ᠶᠢᠨ ᠣᠷᠣᠨ ᠢ ᠨᠢᠭᠡ ᠴᠣᠭᠴᠠᠵᠢᠭᠤᠯᠤᠭᠰᠠᠨ ᠵᠡᠷᠭᠡ ᠬᠤᠯᠪᠣᠭᠳᠠᠯ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠤᠨᠤᠰᠴᠤ ᠂ ᠴᠢᠨᠠᠷ ᠰᠠᠶᠢᠲᠠᠶ ᠬᠥᠭᠵᠢᠯᠲᠡ ᠪᠠ ᠥᠨᠳᠥᠷ ᠲᠦᠪᠰᠢᠨᠲᠦ ᠬᠠᠮᠠᠭᠠᠯᠠᠯᠲᠠ ᠶᠢ ᠨᠢᠭᠡᠳᠦᠯᠲᠡᠶ ᠲᠥᠯᠥᠪᠯᠡᠬᠦ ᠶᠢ ᠪᠠᠷᠢᠮᠲᠠᠯᠠᠬᠤ ᠬᠡᠷᠡᠭᠲᠡᠶ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ︽ᠨᠢᠭᠡ ᠵᠢᠷᠤᠭ︾ ︽ᠨᠢᠭᠡ ᠰᠦᠯᠵᠢᠶ᠎ᠡ︾ ᠶᠢᠨ ᠪᠦᠲᠦᠭᠡᠨ ᠪᠠᠶᠢᠭᠤᠯᠤᠯᠲᠠ᠂ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠰᠠᠭᠤᠳᠠᠯ ᠢ ᠰᠢᠢᠳᠪᠦᠷᠢᠯᠡᠬᠦ᠂ ᠤᠢ ᠶᠢᠨ ᠳᠤᠮᠳᠠᠬᠢ ᠡᠪᠡᠰᠦ ᠶᠢ ᠨᠢᠭᠡᠳᠦᠯᠲᠡᠶ ᠲᠥᠯᠥᠪᠯᠡᠨ ᠠᠰᠢᠭᠯᠠᠬᠤ᠂ ᠣᠢ ᠰᠢᠭᠤᠶ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠯ᠂ ᠶᠡᠭᠡ ᠬᠢᠩᠭᠠᠨ ᠳᠠᠪᠠᠭ᠎ᠠ ᠶᠢᠨ ᠣᠷᠣᠨ ᠪᠦᠰᠡ ᠶᠢᠨ ᠬᠤᠯᠪᠣᠭᠠᠯᠠᠨ ᠬᠥᠳᠡᠯᠦᠯᠴᠡᠬᠦ ᠵᠡᠷᠭᠡ ᠲᠠᠯ᠎ᠠ ᠶᠢᠨ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠭᠡᠯ ᠢ ᠪᠠᠬᠢᠵᠢᠬᠦᠯᠦᠨ ᠦᠷᠭᠡᠳᠬᠡᠵᠦ᠂ ᠣᠶᠤᠨ ᠰᠠᠨᠠᠭᠠᠨ ᠤ ᠡᠷᠴᠢ ᠵᠣᠷᠢᠭ ᠢᠶᠠᠨ ᠦᠷᠭᠦᠯᠵᠢᠯᠡᠨ ᠪᠠᠲᠤᠯᠠᠵᠤ᠂ ᠡᠯ᠎ᠡ ᠵᠦᠢᠯ ᠤᠨ ᠭᠤᠤᠯᠳᠠᠯᠭ᠎ᠠ ᠲᠠᠢ ᠠᠵᠢᠯ ᠤᠨ ᠨᠠᠶᠢᠳᠠᠪᠤᠷᠢᠵᠢᠭᠤᠯᠤᠯᠲᠠ ᠶᠢ ᠨᠠᠩ ᠶᠡᠭᠡ ᠡᠷᠴᠢᠮ ᠢᠶᠠᠷ ᠰᠠᠶᠢᠲᠤᠷ ᠠᠳᠬᠤᠬᠤ ᠬᠡᠷᠡᠭᠲᠡᠶ ᠭᠡᠵᠦ ᠴᠢᠬᠤᠯᠠᠴᠢᠯᠠᠪᠠ᠃     ᠸᠠᠩ ᠸᠠᠩ ᠱᠧᠩ᠂ ᠤᠯᠤᠰ ᠤᠨ ᠦᠮᠴᠢᠯᠡᠯᠲᠦ ᠣᠶ ᠰᠢᠭᠤᠶ ᠶᠢᠨ ᠲᠠᠯᠠᠪᠠᠶ ᠶᠢᠨ ᠥᠭᠡᠷᠡᠴᠢᠯᠡᠯᠲᠡ ᠶᠢᠨ ᠡᠭᠦᠷᠭᠡ ᠶᠢ ᠥᠨᠳᠥᠷ ᠪᠦᠲᠦᠮᠵᠢᠲᠡᠶ ᠪᠡᠶᠡᠯᠡᠭᠦᠯᠵᠦ᠂ ᠪᠣᠳᠠᠲᠤ ᠪᠠᠶᠢᠳᠠᠯ ᠳᠤ ᠰᠠᠭᠤᠷᠢᠯᠠᠨ ᠲᠥᠷᠥ ᠶᠢᠨ ᠪᠣᠳᠣᠯᠭ᠎ᠠ ᠶᠢᠨ ᠵᠣᠯᠭᠠᠯᠴᠠᠭ᠎ᠠ ᠶᠢ ᠰᠠᠶᠢᠲᠤᠷ ᠬᠢᠵᠦ᠂ ᠥᠭᠡᠷᠡᠴᠢᠯᠡᠯᠲᠡ ᠳᠤ ᠬᠤᠯᠪᠣᠭᠳᠠᠭᠰᠠᠨ ᠠᠵᠢᠯᠲᠠᠨ ᠠᠵᠢᠯᠴᠢᠨ ᠤ ᠬᠠᠷᠠᠭᠠᠯᠵᠠᠯ ᠢ ᠨᠠᠶᠢᠳᠠᠪᠤᠷᠢᠵᠢᠭᠤᠯᠬᠤ᠂ ᠠᠵᠢᠯ ᠤᠨ ᠪᠠᠶᠢᠷᠢ ᠲᠣᠬᠢᠷᠠᠭᠤᠯᠬᠤ ᠪᠠ ᠤᠷᠢᠵᠤ ᠬᠡᠷᠡᠭᠯᠡᠬᠦ᠂ ᠵᠠᠬᠢᠳᠠᠯ ᠰᠤᠷᠪᠤᠯᠵᠢᠯᠠᠯ ᠤᠨ ᠵᠥᠷᠢᠴᠡᠯ ᠢ ᠨᠠᠮᠳᠠᠭᠤᠯᠬᠤ ᠵᠡᠷᠭᠡ ᠠᠵᠢᠯ ᠢ ᠯᠠᠪᠳᠠᠭᠤᠨ ᠢᠶᠠᠷ ᠠᠬᠢᠭᠤᠯᠵᠤ᠂ ᠥᠭᠡᠷᠡᠴᠢᠯᠡᠯᠲᠡ ᠶᠢᠨ ᠶᠠᠪᠤᠴᠠ ᠳᠤ ᠢᠯᠡᠷᠡᠭᠰᠡᠨ ᠰᠢᠨ᠎ᠡ ᠪᠠᠶᠢᠳᠠᠯ ᠰᠢᠨ᠎ᠡ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠦᠨ ᠰᠢᠢᠳᠪᠦᠷᠢᠯᠡᠵᠦ᠂ ︽ᠵᠠᠯᠭᠠᠮᠵᠢ ᠣᠶ ᠰᠢᠭᠤᠶ ᠲᠠᠢ᠂ ᠵᠠᠯᠭᠠᠮᠵᠢ ᠬᠥᠮᠦᠨ ᠲᠠᠢ︾ ᠠᠷᠭ᠎ᠠ ᠵᠠᠮ ᠢ ᠰᠢᠰᠲ᠋ᠧᠮ ᠲᠠᠢ ᠰᠤᠳᠤᠯᠤᠨ ᠲᠥᠰᠦᠪᠯᠡᠵᠦ᠂ ᠰᠢᠭᠤᠶᠢᠲᠤ ᠣᠷᠣᠨ ᠤ ᠣᠳᠣᠬᠢᠴᠢᠯᠠᠯᠲᠠ ᠶᠢᠨ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠬᠦ ᠬᠡᠷᠡᠭᠲᠡᠶ᠃ ᠣᠶ ᠰᠢᠭᠤᠶ ᠶᠢᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠵᠤ᠂ ᠲᠣᠭᠲᠠᠴᠠ ᠶᠢ ᠤᠯᠠᠮ ᠨᠢᠭᠡ ᠠᠯᠬᠤᠮ ᠰᠢᠯᠤᠭᠤᠳᠬᠠᠬᠤ᠂ ᠲᠠᠰ ᠳᠠᠪᠬᠤᠷᠭ᠎ᠠ ᠶᠢᠨ ᠪᠦᠲᠦᠴᠡ ᠶᠢ ᠰᠢᠯᠢᠳᠡᠭᠵᠢᠭᠦᠯᠬᠦ᠂ ᠬᠦᠴᠦᠨ ᠢ ᠳᠣᠷᠣᠭᠰᠢ ᠪᠠᠭᠤᠯᠭᠠᠬᠤ ᠪᠠᠷ ᠳᠠᠮᠵᠢᠭᠤᠯᠤᠨ᠂ ᠡᠷᠬᠡ ᠬᠠᠷᠢᠭᠤᠴᠠᠯᠭ᠎ᠠ ᠨᠢᠭᠡᠳᠦᠯᠲᠡᠶ᠂ ᠥᠨᠳᠥᠷ ᠪᠦᠲᠦᠮᠵᠢᠲᠡᠶ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠣᠶ ᠰᠢᠭᠤᠶ ᠶᠢᠨ ᠬᠠᠤᠯᠢ ᠬᠡᠷᠡᠭᠵᠢᠭᠦᠯᠬᠦ ᠲᠤᠭᠲᠠᠯᠴᠠᠭ᠎ᠠ ᠶᠢ ᠪᠠᠶᠢᠭᠤᠯᠵᠤ᠂ ︽ᠨᠢᠭᠡ ᠯᠡ ᠲᠤᠤᠷ︾ ᠤᠨ ᠬᠠᠮᠢᠶᠠᠷᠤᠯᠲᠠ ᠪᠠ ᠬᠠᠤᠯᠢ ᠬᠡᠷᠡᠭᠵᠢᠬᠦᠯᠬᠦ ᠬᠢᠨᠠᠯᠲᠠ ᠬᠠᠮᠢᠶᠠᠷᠤᠯᠲᠠ ᠶᠢᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠣᠶ ᠰᠢᠭᠤᠶ ᠡᠪᠡᠰᠦ ᠪᠡᠯᠴᠢᠭᠡᠷ ᠢ ᠡᠪᠳᠡᠵᠦ ᠨᠤᠭᠤ ᠭᠠᠵᠠᠷ ᠢ ᠰᠦᠢᠳᠬᠡᠬᠦ᠂ ᠬᠢᠯᠢ ᠪᠠᠷ ᠥᠩᠭᠡᠷᠡᠵᠦ ᠪᠡᠯᠴᠢᠭᠡᠷᠯᠡᠭᠦᠯᠬᠦ ᠵᠡᠷᠭᠡ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠬᠦᠴᠦᠲᠡᠶ ᠰᠢᠢᠳᠪᠦᠷᠢᠯᠡᠬᠦ ᠬᠡᠷᠡᠭᠲᠡᠶ᠃ ᠪᠦᠬᠦ ᠬᠦᠷᠢᠶ᠎ᠡ ᠪᠦᠬᠦ ᠡᠯᠧᠮᠧᠨ᠋ᠲ ᠤᠨ ᠵᠢᠭᠰᠠᠭᠠᠨ ᠪᠠᠶᠢᠴᠠᠭᠠᠯᠲᠠ ᠶᠢᠨ ᠦᠷ᠎ᠡ ᠪᠦᠲᠦᠭᠡᠯ ᠢ ᠣᠨᠳᠣᠣᠰᠢᠭᠤᠯᠬᠤ ᠲᠠᠢ ᠤᠶᠠᠯᠳᠤᠭᠤᠯᠵᠤ᠂ ᠵᠦᠢ ᠵᠣᠬᠢᠰᠲᠠᠢ ᠲᠥᠯᠥᠪᠵᠢᠭᠦᠯᠦᠨ ᠨᠡᠭᠡᠭᠡᠨ ᠬᠥᠭᠵᠢᠭᠦᠯᠵᠦ᠂ ᠬᠤᠳᠠ ᠶᠢᠨ ᠬᠡᠪᠴᠢᠶᠡᠨ ᠳᠠᠬᠢ ᠤᠢ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠢ ᠨᠢᠭᠡᠳᠦᠯᠲᠡᠢ ᠵᠢᠷᠤᠮᠵᠢᠭᠤᠯᠤᠨ ᠬᠠᠮᠢᠶᠠᠷᠴᠤ᠂ ᠲᠠᠷᠠᠭᠠᠴᠢ ᠶᠢᠨ ᠠᠯᠬᠤᠮ ᠳᠤ ᠡᠵᠡᠩᠨᠡᠯᠲᠡ᠂ ᠲᠦᠷᠦᠯ ᠵᠦᠢᠯ ᠤᠨ ᠪᠣᠭᠤᠳᠠᠯ ᠪᠠᠭᠯᠠᠭ᠎ᠠ᠂ ᠠᠵᠤ ᠦᠢᠯᠡᠰ ᠤᠨ ᠲᠥᠯᠥᠪᠵᠢᠭᠦᠯᠭᠡ ᠶᠢ ᠠᠮᠢᠳᠤᠯᠢᠭ ᠪᠣᠯᠭᠠᠬᠤ ᠳᠤ ᠪᠠᠲᠤ ᠰᠠᠭᠤᠷᠢ ᠲᠠᠯᠪᠢᠵᠤ ᠥᠭᠬᠦ ᠬᠡᠷᠡᠭᠲᠡᠢ᠃ ᠷᠠᠰᠢᠶᠠᠨ ᠠᠴᠠ ᠴᠠᠶᠢᠾᠧ ᠦᠵᠡᠮᠵᠢ ᠶᠢᠨ ᠣᠷᠣᠨ ᠢ ᠨᠢᠭᠡ ᠴᠣᠭᠴᠠᠵᠢᠭᠤᠯᠬᠤ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠪᠠᠯᠭᠠᠰᠤᠨ ᠤ ᠲᠣᠭᠤᠷᠢᠭ᠂ ᠦᠵᠡᠮᠵᠢ ᠶᠢᠨ ᠣᠷᠣᠨ ᠤ ᠬᠤᠯᠪᠣᠭᠠᠯᠠᠨ ᠬᠥᠳᠡᠯᠦᠯᠴᠡᠵᠦ ᠰᠠᠭᠤᠷᠢ ᠲᠥᠬᠦᠭᠡᠷᠦᠮᠵᠢ ᠶᠢ ᠨᠥᠬᠦᠪᠥᠷᠢᠯᠡᠨ᠂ ᠢᠵᠢ ᠪᠥᠷᠢᠳᠦᠭᠦᠯᠦᠨ ᠦᠢᠯᠡᠴᠢᠯᠡᠬᠦ ᠳᠤᠲᠠᠭᠤᠳᠠᠯ ᠢ ᠨᠥᠬᠦᠪᠥᠷᠢᠯᠡᠵᠦ᠂ ᠵᠢᠭᠤᠯᠴᠢᠯᠠᠯ ᠤᠨ ᠦᠢᠯᠡᠰ ᠤᠨ ᠪᠠᠶᠢᠳᠠᠯ ᠢ ᠲᠠᠰᠤᠷᠠᠯᠲᠠ ᠥᠬᠡᠶ ᠪᠠᠶᠠᠯᠢᠭᠵᠢᠭᠤᠯᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠬᠢᠩᠭᠠᠨ ᠠᠶᠢᠮᠠᠭ᠂ ᠣᠶ ᠰᠢᠭᠤᠶ ᠶᠢᠨ ᠠᠵᠤ ᠦᠢᠯᠡᠳᠪᠦᠷᠢ ᠶᠢᠨ ᠪᠦᠯᠦᠭᠯᠡᠯ ᠯᠦᠭᠡ ᠶᠢᠨ ᠣᠯᠣᠯᠴᠠᠭ᠎ᠠ ᠵᠣᠯᠭᠠᠯᠴᠠᠭ᠎ᠠ ᠶᠢ ᠴᠢᠩᠭᠠᠳᠬᠠᠵᠤ᠂ ᠬᠤᠯᠪᠣᠭᠠᠯᠠᠨ ᠤᠬᠠᠭᠤᠯᠬᠤ᠂ ᠵᠠᠮ ᠱᠤᠭᠤᠮ ᠢ ᠬᠠᠮᠲᠤ ᠪᠠᠷ ᠪᠠᠶᠢᠭᠤᠯᠬᠤ᠂ ᠵᠤᠭᠠᠴᠠᠭᠰᠠᠳ ᠢ ᠬᠠᠷᠢᠯᠴᠠᠨ ᠠᠬᠢᠭᠤᠯᠬᠤ ᠵᠡᠷᠭᠡ ᠠᠵᠢᠯ ᠢ ᠥᠷᠨᠢᠭᠦᠯᠵᠦ᠂ ᠵᠢᠭᠤᠯᠴᠢᠯᠠᠯ ᠤᠨ ᠬᠥᠭᠵᠢᠶᠡᠨᠲᠦ ᠤᠯᠠᠷᠢᠯ ᠤᠨ ᠵᠣᠴᠢᠳ ᠢ ᠤᠭᠲᠤᠬᠤ ᠪᠡᠯᠡᠳᠬᠡᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ ᠭᠡᠵᠡᠢ᠃   
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ