| ᠤᠶᠢᠷ᠎ᠠ ᠳᠤ᠂ ᠬᠥᠯᠥᠨ ᠪᠤᠶᠢᠷ ᠬᠤᠲᠠ ᠶᠢᠨ ᠬᠢᠯᠢ ᠶᠢᠨ ᠬᠠᠮᠠᠭᠠᠯᠠᠯᠲᠠ ᠶᠢᠨ ᠵᠥᠪᠯᠡᠯ ᠤᠨ ᠠᠯᠪᠠᠨ ᠭᠡᠷ᠂ ᠬᠥᠯᠥᠨ ᠪᠤᠶᠢᠷ ᠬᠤᠲᠠ ᠶᠢᠨ ᠬᠢᠯᠢ ᠶᠢᠨ | ᠬᠠᠮᠢᠶᠠᠷᠤᠯᠲᠠ ᠶᠢᠨ ᠰᠠᠯᠪᠤᠷᠢ ᠠᠩᠭᠢ᠂ ᠬᠥᠯᠥᠨ ᠪᠤᠶᠢᠷ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠬᠤᠯᠪᠤᠭᠳᠠᠯ ᠪᠦᠬᠦᠢ ᠨᠦᠭᠦᠳ ᠮᠠᠨ ᠤ | ᠬᠤᠰᠢᠭᠤᠨ ᠳᠤ ᠢᠷᠡᠵᠦ᠂ ᠬᠢᠯᠢ ᠶᠢᠨ ᠬᠠᠮᠠᠭᠠᠯᠠᠭᠴᠢ ᠶᠢᠨ ᠡᠩᠨᠡᠭᠡ ᠶᠢᠨ ᠪᠤᠯᠪᠠᠰᠤᠷᠠᠯ᠂ ᠬᠢᠯᠢ ᠶᠢᠨ ᠬᠠᠮᠠᠭᠠᠯᠠᠯᠲᠠ ᠶᠢᠨ ᠲᠥᠷᠥ ᠶᠢᠨ ᠪᠣᠳᠣᠯᠭ᠎ᠠ ᠬᠠᠤᠯᠢ | ᠲᠣᠭᠲᠠᠭᠠᠯ ᠤᠨ ᠤᠬᠠᠭᠤᠯᠭ᠎ᠠ ᠵᠢᠴᠢ ᠲᠣᠭᠤᠷᠢᠨ ᠡᠮᠴᠢᠯᠡᠭᠡ ᠶᠢ ᠬᠢᠯᠢ ᠶᠢᠨ ᠪᠣᠭᠤᠮᠲᠠ ᠳᠤ ᠣᠷᠣᠭᠤᠯᠬᠤ ᠶᠢ ᠪᠠᠭᠲᠠᠭᠠᠭᠰᠠᠨ ︽ᠠᠷᠪᠠ ᠵᠠᠭᠤ ᠮᠢᠩᠭ᠎ᠠ ᠲᠦᠮᠡ︾ | ᠶᠢᠨ ᠢᠨᠵᠧᠨᠧᠷᠢᠩ ᠤᠨ ᠰᠢᠷᠢᠰ ᠠᠵᠢᠯᠯᠠᠭ᠎ᠠ ᠦᠷᠨᠢᠬᠦᠯᠵᠦ᠂ ᠬᠢᠯᠢ ᠶᠢᠨ ᠬᠠᠮᠠᠭᠠᠯᠠᠭᠴᠢ ᠶᠢᠨ ᠶᠡᠷᠦᠩᠬᠡᠶᠢᠯᠡᠭᠰᠡᠨ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠬᠢᠯᠢ | ᠬᠢᠵᠠᠭᠠᠷ ᠣᠷᠣᠨ ᠤ ᠠᠮᠤᠷ ᠲᠣᠭᠲᠠᠭᠤᠨ ᠳᠤ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠬᠤ ᠳᠤ ᠢᠳᠡᠪᠬᠢ ᠬᠤᠪᠢ ᠨᠡᠮᠡᠷᠢ ᠦᠵᠡᠬᠦᠯᠦᠭᠰᠡᠨ ᠪᠠᠶᠢᠨ᠎ᠠ | ᠃ | ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠳᠤ᠂ ᠬᠥᠯᠥᠨ ᠪᠤᠶᠢᠷ ᠬᠤᠲᠠ ᠶᠢᠨ ᠬᠢᠯᠢ ᠶᠢᠨ ᠬᠠᠮᠢᠶᠠᠷᠤᠯᠲᠠ ᠶᠢᠨ ᠰᠠᠯᠪᠤᠷᠢ ᠠᠩᠭᠢ ᠶᠢᠨ | ᠲᠤᠰᠬᠠᠢ ᠮᠡᠷᠭᠡᠵᠢᠯᠲᠡᠨ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠯᠢ ᠬᠠᠮᠠᠭᠠᠯᠠᠭᠴᠢ ᠶᠢᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ | ᠦᠨᠡᠯᠡᠬᠦ ᠶᠢ ᠬᠡᠷᠡᠭᠵᠢᠭᠦᠯᠬᠦ ᠠᠷᠭ᠎ᠠ︾ ᠶᠢᠨ ᠲᠤᠬᠠᠢ ᠭᠦᠨᠵᠡᠭᠡᠢ ᠪᠥᠭᠡᠳ ᠨᠠᠷᠢᠨ ᠲᠠᠶᠢᠯᠤᠮᠵᠢ ᠬᠢᠵᠦ᠂ ᠬᠢᠯᠢ ᠬᠠᠮᠠᠭᠠᠯᠠᠭᠴᠢ ᠶᠢᠨ ᠡᠭᠦᠷᠭᠡ ᠬᠠᠷᠢᠭᠤᠴᠠᠯᠭ᠎ᠠ ᠶᠢᠨ | ᠬᠦᠷᠢᠶ᠎ᠡ ᠬᠡᠪᠴᠢᠶ᠎ᠡ ᠶᠢ ᠲᠣᠳᠣᠷᠬᠠᠶᠢᠯᠠᠭᠰᠠᠨ ᠢᠶᠠᠷ ᠪᠠᠷᠠᠬᠤ ᠦᠭᠡᠢ᠂ ᠨᠠᠩ ᠴᠤ ᠰᠢᠯᠭᠠᠨ ᠦᠨᠡᠯᠡᠬᠦ ᠲᠣᠭᠲᠠᠴᠠ ᠶᠢ ᠲᠡᠭᠦᠯᠳᠡᠷᠵᠢᠭᠦᠯᠬᠦ ᠵᠢᠴᠢ ᠠᠵᠢᠯ ᠤᠨ | ᠪᠦᠲᠦᠴᠡ ᠶᠢ ᠪᠦᠷᠢᠨᠰᠢᠭᠦᠯᠬᠦ ᠵᠡᠷᠭᠡ ᠲᠠᠯ᠎ᠠ ᠠᠴᠠ ᠨᠠᠷᠢᠨ ᠲᠠᠶᠢᠯᠪᠤᠷᠢᠯᠠᠯᠲᠠ ᠬᠢᠭᠰᠡᠨ ᠪᠠᠶᠢᠨ᠎ᠠ᠃ ᠬᠤᠰᠢᠭᠤᠨ ᠤ ᠬᠢᠯᠢ ᠶᠢᠨ ᠬᠠᠮᠢᠶᠠᠷᠤᠯᠲᠠ ᠶᠢᠨ ᠶᠡᠭᠡ ᠠᠩᠭᠢ ᠶᠢᠨ | ᠠᠷᠠᠳ ᠤᠨ ᠴᠠᠭᠳᠠᠭ᠎ᠠ ᠠᠴᠠ ᠪᠠᠰᠠ ᠬᠢᠯᠢ ᠬᠢᠵᠠᠭᠠᠷ ᠤᠷᠤᠨ ᠤ ᠬᠠᠤᠯᠢ ᠴᠠᠭᠠᠵᠠ ᠶᠢᠨ ᠮᠡᠳᠡᠯᠭᠡ ᠲᠠᠢ ᠨᠢᠭᠲᠠ ᠤᠶᠠᠯᠳᠤᠭᠤᠯᠤᠨ᠂ ᠪᠤᠯᠪᠠᠰᠤᠷᠠᠯ ᠳᠤ | ᠤᠷᠤᠯᠴᠠᠭᠰᠠᠳ ᠲᠤ ᠨᠢᠭᠡ ᠤᠳᠠᠭᠠᠨ ᠤ ᠬᠠᠤᠯᠢ ᠴᠠᠭᠠᠵᠠ ᠶᠢᠨ ᠤᠬᠠᠭᠤᠯᠭ᠎ᠠ ᠶᠢᠨ ᠲᠠᠶᠢᠯᠤᠮᠵᠢ ᠬᠢᠵᠦ ᠦᠭᠭᠦᠭᠰᠡᠨ ᠪᠠᠶᠢᠨ᠎ᠠ᠃ | ᠠᠵᠢᠯᠯᠠᠭ᠎ᠠ ᠳᠤ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶᠠᠨ ᠤ ᠲᠤᠰᠬᠠᠢ ᠮᠡᠷᠭᠡᠵᠢᠯᠲᠡᠨ ᠤ ᠪᠦᠯᠬᠦᠮ ᠠᠴᠠ ᠬᠢᠯᠢ ᠬᠠᠮᠠᠭᠠᠯᠠᠭᠴᠢ ᠪᠤᠯᠤᠨ ᠬᠢᠯᠢ | ᠶᠢᠨ ᠴᠠᠭᠳᠠᠭ᠎ᠠ ᠨᠠᠷ ᠲᠤ ᠠᠯᠪᠠᠨ ᠵᠢᠷᠤᠮ ᠤᠨ ᠡᠮᠴᠢᠯᠡᠭᠡ ᠬᠢᠵᠦ ᠦᠭᠭᠦᠨ᠂ ᠳᠣᠲᠣᠷ ᠡᠮᠨᠡᠯᠭᠡ᠂ ᠭᠠᠳᠠᠷ ᠡᠮᠨᠡᠯᠭᠡ᠂ ᠶᠠᠰᠤᠨ ᠤ ᠰᠠᠯᠠᠭ᠎ᠠ ᠵᠡᠷᠭᠡ ᠣᠯᠠᠨ | ᠬᠦᠷᠢᠶ᠎ᠡ ᠴᠠᠷ᠎ᠠ ᠲᠠᠬᠢ ᠲᠤᠰᠬᠠᠢ ᠮᠡᠷᠭᠡᠵᠢᠯ ᠤᠨ ᠪᠠᠶᠢᠴᠠᠭᠠᠯᠲᠠ ᠶᠠᠪᠤᠭᠳᠠᠭᠤᠯᠤᠨ᠂ ᠠᠵᠢᠯᠯᠠᠭ᠎ᠠ ᠳᠤ ᠤᠷᠤᠯᠴᠠᠭᠰᠠᠨ ᠬᠢᠯᠢ ᠬᠠᠮᠠᠭᠠᠯᠠᠭᠴᠢ᠂ ᠠᠷᠠᠳ ᠤᠨ | ᠴᠠᠭᠳᠠᠭ᠎ᠠ ᠨᠠᠷ ᠤᠨ ᠬᠠᠯᠠᠭᠤᠨ ᠬᠦᠷᠢᠶᠡᠯᠡᠯ ᠢ ᠤᠯᠤᠭᠰᠠᠨ ᠪᠠᠶᠢᠨ᠎ᠠ᠃ ᠠᠵᠢᠯᠯᠠᠭ᠎ᠠ ᠳᠤ ᠪᠠᠰᠠ ᠪᠠᠶᠠᠨᠬᠦ᠋ᠷᠢᠶ᠎ᠡ ᠪᠠᠯᠭᠠᠰᠤᠨ ᠤ ᠪᠠᠷᠭᠤ ᠠᠭᠤᠳᠠᠮ ᠲᠠᠯᠠᠪᠠᠢ ᠳᠤ | ᠤᠬᠠᠭᠤᠯᠭ᠎ᠠ ᠶᠢᠨ ᠰᠠᠮᠪᠠᠷ᠎ᠠ ᠭᠠᠷᠭᠠᠵᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠬᠡᠯᠪᠡᠷᠢ ᠪᠠᠷ ᠠᠷᠠᠳ ᠤᠯᠠᠨ ᠳᠤ ᠬᠢᠯᠢ ᠶᠢᠨ ᠬᠠᠮᠠᠭᠠᠯᠠᠯᠲᠠ ᠶᠢᠨ | ᠲᠦᠷᠦ ᠶᠢᠨ ᠪᠣᠳᠣᠯᠭ᠎ᠠ ᠬᠠᠤᠯᠢ ᠳᠦᠷᠢᠮ ᠢ ᠲᠦᠭᠡᠮᠡᠯᠵᠢᠬᠦᠯᠬᠦ ᠶᠢᠨ ᠬᠠᠮᠳᠤ ᠬᠢᠯᠢ ᠬᠠᠮᠠᠭᠠᠯᠠᠭᠴᠢ ᠪᠣᠯᠣᠨ ᠠᠷᠠᠳ ᠤᠨ ᠴᠠᠭᠳᠠᠭ᠎ᠠ ᠶᠢ ᠵᠣᠬᠢᠶᠠᠨ ᠪᠠᠶᠢᠭᠤᠯᠤᠨ᠂ | ᠬᠠᠭᠤᠴᠢᠨ ᠪᠠᠷᠭᠤ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠰᠠᠭᠤᠷᠢᠨ ᠭᠠᠵᠠᠷ ᠵᠢᠴᠢ ᠨᠠᠮᠴᠢ ᠴᠢᠨᠠᠷ ᠤᠨ ᠬᠥᠮᠦᠵᠢᠯ ᠤᠨ | ᠦᠵᠡᠭᠦᠯᠦᠯᠭᠡ ᠶᠢᠨ ᠲᠢᠩᠬᠢᠮ ᠢ ᠲᠣᠭᠤᠷᠢᠨ ᠦᠵᠡᠭᠦᠯᠵᠦ᠂ ᠬᠢᠯᠢ ᠬᠢᠵᠠᠭᠠᠷ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠯᠢᠭᠡᠷ ᠢ ᠭᠦᠨᠵᠡᠭᠡᠢ | ᠤᠬᠠᠭᠤᠯᠵᠤ ᠂ ᠬᠠᠭᠤᠴᠢᠨ ᠪᠠᠷᠭᠤ ᠬᠤᠰᠢᠭᠤᠨ ᠤ ᠬᠥᠭᠵᠢᠯᠲᠡ ᠶᠢᠨ ᠲᠡᠥᠬᠡᠨ ᠶᠠᠪᠤᠴᠠ ᠶᠢ ᠡᠷᠭᠢᠴᠡᠭᠦᠯᠵᠦ᠂ ᠢᠷᠠᠭᠤ ᠠᠯᠳᠠᠷᠲᠤ ᠤᠯᠠᠮᠵᠢᠯᠠᠯ ᠪᠣᠯᠣᠨ | ᠬᠤᠪᠢᠰᠬᠠᠯ ᠤᠨ ᠦᠵᠡᠯ ᠰᠠᠨᠠᠭ᠎ᠠ ᠠᠴᠠ ᠡᠷᠡᠯᠬᠡᠭᠯᠡᠨ ᠤᠷᠤᠭᠰᠢᠯᠠᠬᠤ ᠬᠦᠴᠦᠨ ᠢ ᠰᠢᠩᠭᠡᠬᠡᠨ ᠠᠪᠴᠤ᠂ ᠬᠢᠯᠢ ᠬᠢᠵᠠᠭᠠᠷ ᠤᠨ ᠲᠣᠭᠲᠠᠭᠤᠨ ᠬᠥᠭᠵᠢᠯᠲᠡ ᠳᠤ ᠤᠶᠤᠨ | ᠰᠠᠨᠠᠭᠠᠨ ᠤ ᠬᠥᠳᠡᠯᠭᠡᠬᠦ ᠬᠦᠴᠦᠨ ᠤᠯᠭᠤᠬᠤ ᠳᠤ ᠬᠦᠮᠦᠵᠢᠯ ᠬᠦᠷᠳᠡᠭᠡᠭᠰᠡᠨ ᠪᠠᠶᠢᠨ᠎ᠠ᠃ | | | | | |