ᠬᠠᠭᠤᠴᠢᠨ ᠪᠠᠷᠭᠤ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠵᠢᠷᠭᠤᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠭᠤᠯᠤᠭᠰᠠᠨ
ᠨᠡᠶᠢᠲᠡᠯᠡᠭᠰᠡᠨ ᠴᠠᠭ᠄
2025/5/29
    ᠤᠶᠢᠷ᠎ᠠ ᠶᠢᠨ ᠡᠳᠦᠷ᠂ ᠬᠠᠭᠤᠴᠢᠨ ᠪᠠᠷᠭᠤ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠵᠢᠷᠭᠤᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ  ᠬᠤᠷᠠᠯᠳᠤᠭᠤᠯᠵᠤ᠂ ᠬᠤᠷᠠᠯ ᠠᠴᠠ ᠬᠠᠭᠤᠴᠢᠨ ᠪᠠᠷᠭᠤ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶᠠᠨ ᠤ ᠬᠤᠯᠪᠣᠭᠠᠲᠤ ᠬᠤᠷᠰᠢᠶᠠᠨ ᠤ ᠠᠵᠢᠯ ᠤᠨ ᠮᠡᠳᠡᠭᠦᠯᠦᠯᠲᠡ᠂ ᠬᠠᠭᠤᠴᠢᠨ ᠪᠠᠷᠭᠤ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶᠠᠨ ᠤ ᠬᠤᠯᠪᠣᠭᠠᠲᠤ ᠬᠤᠷᠰᠢᠶᠠᠨ ᠤ ᠳᠦᠷᠢᠮ ᠢ ᠰᠣᠨᠣᠰᠴᠤ ᠬᠢᠨᠠᠨ ᠵᠥᠪᠯᠡᠭᠰᠡᠨ ᠪᠥᠭᠡᠳ ᠳᠦᠷᠢᠮ ᠤᠨ ᠲᠣᠭᠲᠠᠭᠠᠯ ᠶᠣᠰᠣᠭᠠᠷ ᠬᠠᠭᠤᠴᠢᠨ ᠪᠠᠷᠭᠤ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶᠠᠨ ᠤ ᠬᠤᠯᠪᠣᠭᠠᠲᠤ ᠬᠤᠷᠰᠢᠶᠠᠨ ᠤ ᠵᠢᠷᠭᠤᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ ᠡᠷᠬᠢᠯᠡᠭᠴᠢ᠂ ᠳᠡᠳ᠋ ᠡᠷᠬᠢᠯᠡᠭᠴᠢ ᠵᠢᠴᠢ ᠬᠢᠨᠠᠭᠴᠢᠳ ᠤᠨ ᠵᠥᠪᠯᠡᠯ ᠤᠨ ᠡᠷᠬᠢᠯᠡᠭᠴᠢ ᠶᠢ ᠰᠣᠩᠭᠤᠨ ᠭᠠᠷᠭᠠᠪᠠ᠃
D:\桌面\公众号\5月\来源-陈巴尔虎旗人民政府\5.30\陈巴尔虎旗供销合作社联合社第六次代表大会\11.jpg
    ᠬᠤᠷᠠᠯ ᠠᠴᠠ ᠵᠢᠭᠠᠨ ᠭᠠᠷᠭᠠᠬᠤ ᠳᠠᠭᠠᠨ᠂ ᠣᠶᠢᠷ᠎ᠠ ᠶᠢᠨ ᠵᠢᠯ ᠤᠨ ᠲᠤᠷᠰᠢ᠂ ᠪᠦᠬᠦ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠰᠢᠰᠲ᠋ᠧᠮ ᠤᠨ  ᠬᠢᠨ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠥᠪ᠂ ᠥᠪᠡᠷᠲᠡᠭᠡᠨ ᠵᠠᠰᠠᠬᠤ ᠣᠷᠣᠨ᠂ ᠬᠤᠲᠠ ᠪᠣᠯᠣᠨ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ  ᠪᠠᠷ ᠨᠠᠶᠢᠳᠠᠪᠤᠷᠢᠵᠢᠭᠤᠯᠵᠤ᠂ ᠪᠥᠬᠦ ᠤᠯᠤᠰ ᠤᠨ ᠶᠡᠷᠦᠩᠬᠡᠢ ᠬᠤᠷᠰᠢᠶ᠎ᠠ᠂ ᠥᠪᠡᠷᠲᠡᠭᠡᠨ ᠵᠠᠰᠠᠬᠤ ᠣᠷᠣᠨ ᠤ ᠬᠠᠩᠭᠠᠨ ᠪᠣᠷᠣᠯᠠᠭᠤᠯᠬᠤ ᠬᠤᠷᠰᠢᠶ᠎ᠠ᠂ ᠬᠤᠲᠠ ᠶᠢᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠠᠵᠢᠯ ᠤᠨ ᠲᠣᠬᠢᠷᠠᠭᠤᠯᠤᠯᠲᠠ ᠶᠢᠨ ᠲᠣᠭᠤᠷᠢᠨ ᠳᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠂ ᠵᠣᠷᠢᠭᠲᠠᠢ ᠪᠠᠷ ᠰᠢᠨ᠎ᠡ ᠶᠢ ᠡᠭᠦᠳᠴᠦ᠂ ᠮᠠᠯ ᠠᠵᠤ ᠠᠬᠤᠢ ᠳᠤ ᠦᠢᠯᠡᠴᠢᠯᠡᠬᠦ ᠵᠣᠷᠢᠯᠲᠠ ᠪᠠᠨ ᠦᠨᠡᠨᠴᠢ  ᠪᠠᠷ ᠦᠢᠯᠡᠳᠦᠯᠭᠡᠵᠢᠭᠦᠯᠦᠨ᠂ ︽ᠭᠤᠷᠪᠠ ᠶᠢ ᠨᠢᠭᠡ ᠴᠣᠭᠴᠠᠵᠢᠭᠤᠯᠬᠤ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠰᠠᠭᠤᠷᠢ ᠶᠢ ᠪᠠᠲᠤᠳᠬᠠᠬᠤ ᠂ ᠮᠠᠯ ᠠᠵᠤ ᠠᠬᠤᠢ ᠳᠤ ᠦᠢᠯᠡᠴᠢᠯᠡᠬᠦ ᠬᠦᠷᠢᠶ᠎ᠡ ᠴᠠᠷᠠᠭ᠎ᠠ ᠶᠢ ᠥᠷᠭᠡᠳᠬᠡᠬᠦ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠ ᠨᠡᠶᠢᠭᠡᠮ ᠢ ᠴᠢᠩᠭ᠎ᠠ ᠵᠠᠰᠠᠬᠤ ᠶᠢ ᠠᠬᠢᠭᠤᠯᠬᠤ ᠵᠡᠷᠭᠡ ᠲᠠᠯ᠎ᠠ ᠪᠠᠷ ᠢᠯᠡᠳᠲᠡ ᠦᠷ᠎ᠡ ᠪᠦᠲᠦᠮᠵᠢ ᠤᠯᠤᠭᠰᠠᠨ ᠪᠠᠶᠢᠨ᠎ᠠ ᠭᠡᠵᠡᠢ᠃
D:\桌面\公众号\5月\来源-陈巴尔虎旗人民政府\5.30\陈巴尔虎旗供销合作社联合社第六次代表大会\22.jpg
    ᠬᠤᠷᠠᠯ ᠠᠴᠠ ᠴᠢᠬᠤᠯᠠᠴᠢᠯᠠᠭᠰᠠᠨ ᠨᠢ᠂ ᠬᠤᠶᠢᠰᠢᠳᠠ ᠶᠢᠨ ᠨᠢᠭᠡ ᠬᠤᠭᠤᠴᠠᠭᠠᠨ ᠳᠤ᠂ ᠪᠥᠬᠦ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠰᠢᠰᠲ᠋ᠧᠮ ᠤᠨ ᠬᠢᠨ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠶᠢᠨ ᠲᠣᠭᠤᠷᠢᠨ ᠳᠤ᠂ ︽ᠮᠠᠯ ᠠᠵᠤ ᠠᠬᠤᠢ᠂  ᠮᠠᠯᠵᠢᠬᠤ ᠲᠠᠷᠢᠶᠠᠯᠠᠬᠤ ᠣᠷᠣᠨ᠂ ᠮᠠᠯᠴᠢᠨ ᠲᠠᠷᠢᠶᠠᠴᠢᠨ︾ ᠳᠤ ᠦᠢᠯᠡᠴᠢᠯᠡᠬᠦ ᠦᠨᠳᠦᠰᠦᠨ ᠵᠣᠷᠢᠯᠲᠠ ᠪᠠᠨ ᠪᠠᠲᠤ ᠴᠡᠭᠡᠵᠢᠯᠡᠵᠦ᠂ ᠥᠭᠡᠷᠡᠴᠢᠯᠡᠯᠲᠡ ᠬᠥᠭᠵᠢᠯᠲᠡ ᠪᠠᠷ ᠭᠤᠣᠯ ᠱᠤᠭᠤᠮ ᠪᠣᠯᠭᠠᠬᠤ ᠶᠢ ᠪᠠᠷᠢᠮᠲᠠᠯᠠᠨ᠂ ᠮᠠᠯ ᠠᠵᠤ ᠠᠬᠤᠢ ᠳᠤ ᠦᠢᠯᠡᠴᠢᠯᠡᠬᠦ ᠵᠠᠭᠪᠤᠷ ᠤᠨ ᠰᠢᠨ᠎ᠡ ᠶᠢ ᠦᠷᠭᠦᠯᠵᠢᠯᠡᠨ ᠡᠭᠦᠳᠴᠦ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠡᠭᠦᠷᠭᠡ ᠴᠢᠳᠠᠪᠤᠷᠢ ᠶᠢᠨ ᠳᠠᠪᠠᠭᠤᠯᠢᠭ ᠢᠶᠠᠨ ᠦᠨᠡᠨᠬᠦ ᠪᠠᠳᠠᠷᠠᠭᠤᠯᠵᠤ᠂ ᠪᠥᠬᠦ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠳᠤ ᠨᠠᠩ ᠶᠡᠭᠡ ᠬᠦᠴᠦᠨ ᠴᠢᠳᠠᠯ ᠢᠶᠠᠨ ᠡᠷᠭᠦᠭᠦᠢ ᠪᠠᠷ ᠴᠢᠷᠮᠠᠶᠢᠬᠤ ᠭᠡᠷᠡᠭᠳᠡᠢ ᠭᠡᠰᠡᠨ ᠪᠠᠶᠢᠨ᠎ᠠ᠃
ᠢᠷᠡᠯᠲᠡ᠄ ᠬᠠᠭᠤᠴᠢᠨ ᠪᠠᠷᠭᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ