ᠬᠠᠭᠤᠴᠢᠨ ᠪᠠᠷᠭᠤ ᠬᠤᠰᠢᠭᠤ᠂ ᠲᠤᠰᠬᠠᠢ ᠮᠡᠷᠭᠡᠵᠢᠯᠲᠡᠨ ᠤ ᠠᠯᠪᠠᠨ ᠵᠢᠷᠤᠮ ᠤᠨ ᠡᠮᠴᠢᠯᠡᠭᠡ ᠶᠢ ᠵᠤᠬᠢᠶᠠᠨ ᠪᠠᠶᠢᠭᠤᠯᠵᠤ ᠦᠷᠨᠢᠬᠦᠯᠦᠨ᠂ ᠪᠠᠭᠠᠴᠤᠳ ᠬᠡᠦᠬᠡᠳ ᠤᠨ ᠡᠷᠡᠭᠦᠯ ᠢᠶᠠᠷ ᠦᠰᠦᠨ ᠪᠣᠶᠢᠵᠢᠬᠤ ᠶᠢ  ᠬᠠᠮᠠᠭᠠᠯᠠᠵᠤ  ᠪᠠᠶᠢᠬᠤ
ᠨᠡᠶᠢᠲᠡᠯᠡᠭᠰᠡᠨ ᠴᠠᠭ᠄
2025/5/29
         ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠣᠶᠣᠨ ᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠣᠨ ᠵᠢᠴᠢ ᠠᠷᠠᠳ ᠲᠤ ᠦᠢᠯᠡᠴᠢᠯᠡᠬᠦ ᠪᠣᠳᠠᠲᠤ ᠶᠠᠪᠤᠳᠠᠯ ᠤᠨ ᠲᠥᠷᠥᠯ ᠵᠦᠢᠯ ᠤᠨ ᠲᠤᠬᠠᠢ ᠱᠠᠭᠠᠷᠳᠠᠯᠭ᠎ᠠ ᠶᠢ ᠲᠤᠭᠤᠰᠢᠯᠠᠭᠤᠯᠤᠨ‌ᠨᠠᠶᠢᠳᠠᠪᠤᠷᠢᠵᠢᠭᠤᠯᠵᠤ᠂ ᠪᠠᠭᠠᠴᠤᠳ ᠬᠡᠦᠬᠡᠳ ᠤᠨ ᠡᠷᠡᠭᠦᠯ ᠢᠶᠠᠷ ᠦᠰᠦᠨ ᠪᠣᠶᠢᠵᠢᠬᠤ ᠶᠢ ᠦᠨᠡᠨ ᠬᠦ ᠬᠠᠮᠠᠭᠠᠯᠠᠬᠤ ᠶᠢᠨ ᠲᠥᠯᠥᠭᠡ᠂ 5 ᠰᠠᠷ᠎ᠠ ᠶᠢᠨ 22 ᠤ ᠡᠳᠦᠷ᠂ ᠬᠤᠰᠢᠭᠤᠨ ᠤ ᠡᠬᠡ ᠨᠢᠯᠬᠠᠰ ᠤᠨ ᠡᠷᠡᠭᠦᠯᠵᠢᠯ ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠤ ᠲᠥᠪ ᠠᠴᠠ ᠬᠥᠯᠥᠨ ᠪᠤᠶᠢᠷ ᠬᠤᠲᠠ ᠶᠢᠨ ᠡᠬᠡ ᠨᠢᠯᠬᠠᠰ ᠤᠨ ᠡᠷᠡᠭᠦᠯᠵᠢᠯ ᠤᠨ ᠬᠦᠷᠢᠶᠡᠯᠡᠩ ᠤᠨ ᠲᠤᠰᠬᠠᠢ ᠮᠡᠷᠭᠡᠵᠢᠯᠲᠡᠨ ᠢ ᠤᠷᠢᠵᠤ᠂ ᠮᠠᠨ ᠤ ᠬᠤᠰᠢᠭᠤᠨ ᠳᠤ ᠪᠠᠭᠠᠴᠤᠳ ᠬᠡᠦᠬᠡᠳ ᠤᠨ ᠡᠷᠡᠭᠦᠯ ᠮᠡᠨᠳᠦ ᠶᠢᠨ ᠡᠮᠴᠢᠯᠡᠭᠡᠨ ᠤ ᠠᠵᠢᠯᠯᠠᠭ᠎ᠠ ᠶᠢ ᠥᠷᠨᠢᠭᠦᠯᠪᠡ᠃       ᠠᠯᠪᠠᠨ ᠵᠢᠷᠤᠮ ᠤᠨ ᠡᠮᠴᠢᠯᠡᠭᠡᠨ ᠤ ᠲᠤᠬᠠᠢ ᠶᠢᠨ ᠲᠠᠯᠠᠪᠤᠷ ᠲᠤ᠂ ᠬᠥᠯᠥᠨ ᠪᠤᠶᠢᠷ ᠬᠤᠲᠠ ᠶᠢᠨ ᠡᠬᠡ ᠨᠢᠯᠬᠠᠰ ᠤᠨ ᠡᠷᠡᠭᠦᠯᠵᠢᠯ ᠤᠨ ᠬᠦᠷᠢᠶᠡᠯᠡᠩ ᠤᠨ ᠲᠤᠰᠬᠠᠢ ᠮᠡᠷᠭᠡᠵᠢᠯᠲᠡᠳ ᠠᠴᠠ ᠬᠡᠦᠬᠡᠳ ᠤᠨ ᠨᠢᠳᠦᠨ ᠤ ᠡᠷᠡᠭᠦᠯᠵᠢᠯ᠂ ᠠᠮᠠᠨ ᠬᠥᠨᠳᠡᠢ ᠶᠢᠨ ᠡᠷᠡᠭᠦᠯᠵᠢᠯ᠂ ᠦᠶᠯᠡ ᠠᠵᠢᠯᠯᠠᠭ᠎ᠠ ᠶᠢᠨ ᠪᠤᠶᠢᠵᠢᠯᠲᠠ᠂ ᠮᠣᠩᠭᠤᠯ ᠡᠮᠨᠡᠯᠭᠡ ᠶᠢᠨ ᠡᠷᠡᠭᠦᠯᠵᠢᠯ ᠤᠨ ᠲᠣᠭᠤᠷᠢᠨ ᠳᠤ᠂ ᠡᠮᠨᠡᠭᠦᠯᠬᠦ ᠪᠠᠷ ᠢᠷᠡᠭᠰᠡᠨ ᠬᠡᠦᠬᠡᠳ ᠲᠤ ᠪᠠᠶᠢᠴᠠᠭᠠᠯᠲᠠ ᠬᠢᠵᠦ ᠦᠭᠭᠦᠨ᠂ ᠡᠪᠡᠳᠴᠢᠨ ᠤ ᠲᠡᠦᠬᠡ ᠶᠢ ᠨᠢ ᠨᠠᠷᠢᠨ ᠠᠰᠠᠭᠤᠨ ᠯᠠᠪᠯᠠᠵᠤ᠂  ᠭᠡᠷ ᠤᠨ ᠠᠬᠠᠮᠠᠳ ᠤᠨ ᠬᠡᠦᠬᠡᠳ ᠢ ᠥᠰᠬᠡᠨ ᠬᠥᠮᠥᠵᠢᠭᠦᠯᠬᠦ᠂ ᠠᠩᠬᠠᠨ ᠤ ᠬᠥᠮᠦᠵᠢᠯ ᠬᠢᠬᠦ ᠵᠡᠷᠭᠡ ᠲᠠᠯ᠎ᠠ ᠪᠠᠷ ᠬᠢ ᠠᠰᠠᠭᠤᠯᠲᠠ ᠶᠢ ᠬᠦᠯᠢᠴᠡᠩᠭᠦᠢ ᠪᠠᠷ ᠬᠠᠷᠢᠭᠤᠯᠬᠤ ᠶᠢᠨ ᠬᠠᠮᠲᠤ ᠬᠡᠦᠬᠡᠳ ᠲᠤ ᠢᠯᠢᠵᠦ ᠨᠤᠬᠤᠯᠠᠬᠤ ᠵᠠᠰᠠᠯ ᠬᠢᠵᠦ ᠦᠭᠴᠠᠢ᠃ ᠲᠤᠰᠬᠠᠢ ᠮᠡᠷᠭᠡᠵᠢᠯᠲᠡᠳ ᠠᠴᠠ ᠪᠠᠰᠠ ᠬᠦᠴᠢᠷ ᠲᠦᠪᠡᠭᠲᠡᠢ ᠡᠪᠡᠳᠴᠢᠨ ᠳᠤ ᠨᠡᠷᠪᠡᠭᠳᠡᠭᠰᠡᠨ ᠬᠡᠦᠬᠡᠳ ᠤᠨ  ᠭᠡᠷ ᠤᠨ ᠠᠬᠠᠮᠠᠳ ᠲᠤ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠡᠮᠴᠢᠯᠡᠭᠡᠨ ᠤ ᠲᠥᠰᠥᠯ ᠬᠠᠩᠭᠠᠭᠰᠠᠨ ᠪᠥᠭᠡᠳ ᠡᠳᠦᠷ ᠲᠤᠲᠤᠮ ᠤᠨ ᠰᠤᠪᠢᠯᠠᠯᠲᠠ ᠪᠠ ᠢᠳᠡᠭᠡᠨ ᠤᠮᠳᠠᠭᠠᠨ ᠤ ᠠᠩᠬᠠᠷᠬᠤ ᠵᠦᠢᠯᠡᠰ ᠢ ᠨᠠᠷᠢᠨ ᠲᠠᠶᠢᠯᠪᠤᠷᠢᠯᠠᠵᠤ᠂ ᠭᠡᠷ ᠤᠨ ᠠᠬᠠᠮᠠᠳ ᠲᠤ ᠶᠡᠭᠡ ᠠᠰᠢᠭ ᠲᠤᠰᠠ ᠬᠦᠷᠲᠡᠭᠡᠭᠰᠡᠨ ᠪᠠᠶᠢᠨ᠎ᠠ᠃        ᠠᠵᠢᠯᠯᠠᠭ᠎ᠠ ᠳᠤ ᠲᠤᠰᠬᠠᠢ ᠮᠡᠷᠭᠡᠵᠢᠯ ᠤᠨ ᠠᠯᠪᠠᠨ ᠵᠢᠷᠤᠮ ᠤᠨ ᠡᠮᠴᠢᠯᠡᠭᠡᠨ ᠤ ᠦᠢᠯᠡᠴᠢᠯᠡᠭᠡ ᠠᠴᠠ ᠭᠠᠳᠠᠨ᠎ᠠ ᠪᠠᠰᠠ ᠬᠡᠦᠬᠡᠳ ᠤᠨ ᠡᠷᠡᠭᠦᠯ ᠮᠡᠨᠳᠦ ᠶᠢᠨ ᠲᠠᠶᠢᠯᠤᠮᠵᠢ ᠬᠢᠬᠦ᠂ ᠬᠡᠦᠬᠡᠳ ᠤᠨ ᠴᠡᠴᠡᠷᠯᠢᠭ ᠲᠤ ᠬᠦᠷᠴᠦ ᠤᠬᠠᠭᠤᠯᠤᠨ ᠲᠠᠶᠢᠯᠪᠤᠷᠢᠯᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠬᠡᠦᠬᠡᠳ ᠤᠨ ᠥᠰᠦᠯᠲᠡ ᠪᠤᠶᠢᠵᠢᠯᠲᠠ ᠶᠢᠨ ᠣᠨᠴᠠᠯᠢᠭ᠂ ᠡᠷᠡᠭᠦᠯ ᠮᠡᠨᠳᠦ ᠶᠢᠨ ᠪᠠᠶᠢᠴᠠᠭᠠᠯᠲᠠ ᠵᠢᠴᠢ ᠬᠡᠦᠬᠡᠳ ᠤᠨ ᠪᠠᠶᠢᠩᠭᠤ ᠲᠣᠬᠢᠶᠠᠯᠳᠤᠳᠠᠭ  ᠡᠪᠡᠳᠴᠢᠨ‌ᠢ ᠤᠷᠢᠳᠴᠢᠯᠠᠨ ᠰᠡᠷᠭᠡᠶᠢᠯᠡᠬᠦ ᠵᠡᠷᠭᠡ ᠲᠠᠯ᠎ᠠ ᠪᠠᠷ ᠨᠠᠷᠢᠨ ᠨᠢᠭᠲᠠ ᠤᠬᠠᠭᠤᠯᠤᠨ ᠲᠠᠶᠢᠯᠪᠤᠷᠢᠯᠠᠵᠤ᠂ ᠭᠡᠷ ᠤᠨ ᠠᠬᠠᠮᠠᠳ ᠤᠨ ᠰᠢᠨᠵᠢᠯᠡᠬᠦ ᠤᠬᠠᠭᠠᠨᠴᠢ ᠪᠠᠷ ᠬᠡᠦᠬᠡᠳ ᠢᠶᠠᠨ ᠬᠥᠮᠥᠵᠢᠭᠦᠯᠬᠦ ᠳᠤ ᠲᠤᠰᠬᠠᠢ ᠮᠡᠷᠭᠡᠵᠢᠯ ᠤᠨ ᠵᠢᠯᠣᠭᠤᠳᠤᠯᠭ᠎ᠠ ᠬᠠᠩᠭᠠᠭᠰᠠᠨ ᠪᠠᠶᠢᠨ᠎ᠠ᠃
ᠢᠷᠡᠯᠲᠡ᠄ ᠬᠠᠭᠤᠴᠢᠨ ᠪᠠᠷᠭᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ