ᠬᠠᠭᠤᠴᠢᠨ ᠪᠠᠷᠭᠤ ᠬᠤᠰᠢᠭᠤᠨ ᠤ ᠦᠷᠡᠭᠳᠡᠭᠰᠡᠨ ᠪᠠᠭᠠᠲᠤᠷᠴᠤᠳ ᠤᠨ ᠦᠯᠢᠭᠡᠷ ᠤᠨ ᠲᠠᠶᠢᠯᠪᠤᠷᠢᠯᠠᠭᠴᠢ   ᠶᠠ ᠵᠢᠩ ᠪᠥᠬᠦ ᠣᠷᠣᠨ ᠤ ᠣᠨᠴᠠ ᠢᠷᠠᠭᠤ ᠠᠯᠳᠠᠷ ᠢ ᠳᠠᠬᠢᠨᠲᠠ ᠬᠦᠷᠳᠡᠭᠰᠡᠨ
ᠨᠡᠶᠢᠲᠡᠯᠡᠭᠰᠡᠨ ᠴᠠᠭ᠄
2025/5/29
    ᠰᠠᠶ᠋ᠢᠬᠠᠨ ᠲᠡᠭᠦᠰᠦᠭᠰᠡᠨ ᠪᠥᠬᠦ ᠣᠷᠣᠨ ᠤ ᠦᠷᠡᠭᠳᠡᠭᠰᠡᠨ ᠪᠠᠭᠠᠲᠤᠷᠴᠤᠳ ᠤᠨ ᠥᠯᠢᠭᠡᠷ ᠤᠨ ᠲᠠᠶᠢᠯᠪᠤᠷᠢᠯᠠᠭᠴᠢ ᠶᠢᠨ ᠤᠷᠤᠯᠳᠤᠭᠠᠨ ᠳᠤ᠂ ᠮᠠᠨ ᠤ ᠬᠤᠰᠢᠭᠤ  ᠠᠴᠠ ᠰᠣᠩᠭᠤᠨ ᠲᠣᠮᠢᠯᠠᠭᠰᠠᠨ ᠦᠷᠡᠭᠳᠡᠭᠰᠡᠨ ᠪᠠᠭᠠᠲᠤᠷᠴᠤᠳ ᠤᠨ  ᠦᠯᠢᠭᠡᠷ ᠤᠨ ᠲᠠᠶᠢᠯᠪᠤᠷᠢᠯᠠᠭᠴᠢ ᠶᠠ ᠵᠢᠩ  ᠳᠠᠬᠢᠨᠲᠠ ᠭᠤᠷᠪᠠᠳᠤᠭᠠᠷ ᠳᠡᠰ ᠤᠨ ᠱᠠᠩᠨᠠᠯ ᠭᠥᠷᠳᠡᠪᠡ᠃ ᠡᠨᠡ ᠨᠢ 2023 ᠣᠨ ᠠᠴᠠ ᠨᠠᠰᠢᠬᠢ ᠂ ᠮᠠᠨ ᠤ ᠬᠤᠰᠢᠭᠤᠨ ᠤ ᠲᠣᠰ ᠤᠷᠤᠯᠳᠤᠭᠠᠨ ᠤ ᠳᠤᠮᠳᠠᠬᠢ ᠪᠠᠰᠠ ᠨᠢᠭᠡᠨ  ᠰᠢᠨ᠎ᠡ ᠬᠢᠷᠢ ᠪᠦᠲᠦᠮᠵᠢ ᠪᠣᠯᠣᠨ᠎ᠠ᠃
D:\桌面\公众号\5月\来源-陈巴尔虎旗人民政府\5.30\喜报!陈巴尔虎旗英烈讲解员再获全区殊荣\11.png
    ᠲᠣᠰ ᠤᠳᠠᠭᠠᠨ ᠤ ᠤᠷᠤᠯᠳᠤᠭᠠᠨ ᠳᠤ ᠪᠥᠬᠦ ᠣᠷᠣᠨ ᠤ ᠡᠯ᠎ᠡ ᠭᠠᠵᠠᠷ  ᠠᠴᠠ ᠢᠷᠡᠭᠰᠡᠨ 20  ᠨᠡᠷᠡᠰ‌‍ᠰᠢᠯᠢᠳᠡᠭ ᠲᠠᠶᠢᠯᠪᠤᠷᠢᠯᠠᠭᠴᠢ ᠤᠷᠤᠯᠴᠠᠵᠠᠢ᠃  ᠶᠠ ᠵᠢᠩ ᠮᠠᠨ ᠤ  ᠬᠤᠰᠢᠭᠤ ᠪᠠᠨ ᠲᠦᠯᠦᠭᠡᠯᠡᠵᠦ ᠤᠷᠤᠯᠴᠠᠭᠰᠠᠨ ᠲᠤᠷᠰᠢᠯᠭ᠎ᠠ ᠲᠠᠢ ᠲᠠᠶᠢᠯᠪᠤᠷᠢᠯᠠᠭᠴᠢ ᠪᠤᠯᠤᠭᠰᠠᠨ ᠤ ᠬᠤᠪᠢ ᠳᠤ ᠦᠷᠡᠭᠳᠡᠭᠰᠡᠨ ᠪᠠᠭᠠᠲᠤᠷᠴᠤᠳ ᠤᠨ ᠦᠶᠯᠡ ᠠᠵᠢᠯᠯᠠᠭ᠎ᠠ ᠶᠢ ᠭᠦᠨᠵᠡᠭᠡᠢ ᠠᠭᠤᠳᠠᠯᠵᠤ᠂ ᠰᠢᠨ᠎ᠡ ᠴᠠᠭ ᠦᠶ᠎ᠡ ᠶᠢᠨ ᠬᠠᠷᠠᠭᠠᠰᠤ ᠲᠠᠢ ᠤᠶᠠᠯᠳᠤᠭᠤᠯᠤᠨ᠂  ᠤᠷᠤᠯᠳᠤᠭᠠᠨ ᠤ ᠲᠠᠯᠠᠪᠤᠷ ᠲᠤ  ᠴᠢᠩ ᠦᠨᠡᠨᠴᠢ ᠰᠡᠳᠬᠢᠯᠭᠡ᠂ ᠪᠠ ᠤᠷᠤᠰᠤᠮ᠎ᠠ ᠰᠠᠶᠢᠬᠠᠨ ᠢᠯᠡᠳᠬᠡᠬᠦ ᠴᠢᠳᠠᠪᠤᠷᠢ ᠢᠶᠠᠷ ᠢᠶᠠᠨ ᠰᠢᠯᠭᠠᠷᠠᠭᠤᠯᠬᠤ ᠺᠣᠮᠢᠰ ᠤᠨ ᠭᠡᠰᠢᠭᠦᠨ ᠪᠣᠯᠣᠨ ᠦᠵᠡᠭᠴᠢᠳ ᠤᠨ ᠬᠠᠯᠠᠭᠤᠨ ᠬᠦᠷᠢᠶᠡᠯᠡᠯ ᠢ  ᠤᠯᠵᠤ ᠰᠢᠯᠢᠳᠡᠭ ᠬᠢᠷᠢ ᠪᠦᠳᠦᠮᠵᠢ ᠶᠢ ᠲᠡᠮᠡᠴᠡᠨ ᠤᠯᠤᠭᠰᠠᠨ ᠪᠠᠶᠢᠨ᠎ᠠ᠃    ᠣᠶᠢᠷ᠎ᠠ ᠶᠢᠨ ᠵᠢᠯ ᠳᠤ᠂ ᠮᠠᠨ ᠤ ᠬᠤᠰᠢᠭᠤ ︽ᠬᠤᠪᠢᠰᠬᠠᠯ ᠤᠨ ᠥᠯᠢᠭᠡᠷ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ ︽ᠦᠷᠡᠭᠳᠡᠭᠰᠡᠨ ᠪᠠᠭᠠᠲᠤᠷᠴᠤᠳ ᠤᠨ ᠵᠣᠷᠢᠭ ᠰᠠᠨᠠᠭ᠎ᠠ ᠶᠢ ᠨᠡᠶᠢᠭᠡᠮ ᠲᠣᠭᠤᠷᠢᠭ ᠲᠤ ᠤᠬᠠᠭᠤᠯᠤᠨ ᠲᠠᠶᠢᠯᠪᠤᠷᠢᠯᠠᠬᠤ︾ ᠵᠡᠷᠭᠡ ᠰᠢᠷᠢᠰ ᠠᠵᠢᠯᠯᠠᠭ᠎ᠠ ᠶᠢ ᠥᠷᠨᠢᠭᠦᠯᠬᠦ ᠪᠠᠷ ᠳᠡᠮᠵᠢᠨ᠂ ᠦᠷᠡᠭᠳᠡᠭᠰᠡᠨ ᠪᠠᠭᠠᠲᠤᠷᠴᠤᠳ ᠢ ᠳᠡᠭᠡᠳᠦᠯᠡᠬᠦ ᠨᠡᠶᠢᠭᠡᠮ ᠤᠨ ᠠᠭᠤᠷ ᠠᠮᠢᠰᠬᠤᠯ ᠢ ᠲᠠᠰᠤᠷᠠᠯᠲᠠ ᠦᠭᠡᠢ  ᠭᠦᠨᠵᠡᠭᠡᠶᠢᠷᠡᠬᠦᠯᠦᠭᠰᠡᠨ ᠪᠠᠶᠢᠨ᠎ᠠ᠃ 
ᠢᠷᠡᠯᠲᠡ᠄ ᠬᠠᠭᠤᠴᠢᠨ ᠪᠠᠷᠭᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ