5 ᠰᠠᠷ᠎ᠠ ᠶᠢᠨ 26 ᠠᠴᠠ 27 ᠤ ᠡᠳᠦᠷ ᠪᠤᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠪᠠᠶᠠᠨᠨᠠᠭᠤᠷ | ᠬᠤᠳᠠ ᠳᠤ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠠᠵᠢᠯ ᠢ ᠪᠠᠶᠢᠴᠠᠭᠠᠨ ᠰᠤᠳᠤᠯᠤᠭᠰᠠᠨ ᠪᠥᠭᠡᠳ ᠬᠠᠷᠢᠯᠴᠠᠵᠤ ᠪᠠᠶᠢᠭ᠎ᠠ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠢᠶᠠᠷ ᠲᠣᠭᠤᠷᠢᠨ ᠦᠵᠡᠪᠡ᠃ | | | | | | | ᠰᠦᠨ ᠱᠤᠤ ᠴᠧᠩ ᠤᠷᠢᠳ ᠬᠤᠵᠢᠳ ᠯᠢᠨ ᠾᠧ ᠲᠣᠭᠤᠷᠢᠭ ᠤᠨ ᠱᠤᠸᠠᠩ ᠾᠧ ᠪᠠᠯᠭᠠᠰᠤᠨ ᠤ ᠲᠦᠸᠧ ᠯᠧᠢ ᠪᠣᠯᠣᠨ ᠸᠠᠩ ᠮᠠᠨ ᠫᠢᠩ ᠤᠨ ᠭᠡᠷ ᠲᠤ | ᠬᠦᠷᠴᠦ᠂ ᠬᠦᠷᠢᠶ᠎ᠡ ᠬᠠᠰᠢᠶ᠎ᠠ᠂ ᠭᠡᠷ ᠪᠠᠶᠢᠰᠢᠩ᠂ ᠬᠠᠰᠢᠶ᠎ᠠ ᠰᠠᠷᠠᠪᠴᠢ ᠵᠡᠷᠭᠡ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠨᠢ ᠪᠠᠶᠢᠴᠠᠭᠠᠨ ᠦᠵᠡᠵᠦ᠂ ᠰᠠᠭᠤᠭᠠᠯᠢ | ᠠᠷᠠᠳ ᠪᠣᠯᠣᠨ ᠲᠣᠰᠬᠤᠨ ᠤ ᠺᠠᠳ᠋ᠷ ᠲᠠᠢ ᠬᠠᠮᠲᠤ ᠰᠠᠭᠤᠯᠴᠠᠵᠤ ᠵᠣᠭᠤᠭᠳᠠᠨ᠂ ᠲᠡᠳᠡᠨ ᠤ ᠭᠡᠷ ᠪᠦᠯᠢ ᠶᠢᠨ ᠬᠥᠮᠥᠨ ᠠᠮᠠ᠂ ᠠᠮᠢᠳᠤᠷᠠᠯ ᠤᠨ ᠤᠷᠤᠯᠭ᠎ᠠ ᠶᠢᠨ | ᠢᠷᠡᠯᠲᠡ᠂ ᠠᠵᠢᠯ ᠣᠯᠬᠤ ᠡᠪᠡᠳᠴᠢᠨ ᠥᠵᠡᠭᠦᠯᠭᠦ᠂ ᠨᠡᠶᠢᠭᠡᠮ ᠤᠨ ᠪᠠᠲᠤᠯᠠᠭ᠎ᠠ ᠵᠡᠷᠭᠡ ᠲᠠᠯ᠎ᠠ ᠶᠢᠨ ᠪᠠᠶᠢᠳᠠᠯ ᠢ ᠣᠶᠢᠯᠠᠭᠠᠪᠠ᠃ ᠲᠡᠳᠡᠨ ᠤ ᠢᠳᠡᠵᠦ ᠤᠤᠭᠤᠬᠤ | ᠡᠮᠦᠰᠴᠦ ᠵᠡᠭᠦᠬᠦ ᠶᠠᠪᠤᠵᠤ ᠰᠠᠭᠤᠬᠤ ᠵᠡᠷᠭᠡ ᠨᠥᠬᠦᠴᠡᠯ ᠨᠡᠯᠢᠶᠡᠳ ᠰᠠᠶᠢᠨ᠂ ᠲᠣᠭᠲᠠᠪᠤᠷᠢᠲᠠᠢ ᠣᠷᠣᠯᠭ᠎ᠠ ᠲᠠᠢ ᠪᠠᠶᠢᠬᠤ ᠶᠢ ᠦᠵᠡᠭᠡᠳ ᠰᠦᠨ ᠱᠤᠤ ᠴᠧᠩ ᠮᠠᠰᠢ | ᠪᠠᠶᠠᠷᠯᠠᠵᠤ᠂ ᠲᠤᠬᠠᠢ ᠶᠢᠨ ᠭᠠᠵᠠᠷ ᠤᠨ ᠺᠠᠳ᠋ᠷ ᠲᠤ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠶᠢ ᠨᠡᠩ ᠴᠢᠬᠤᠯᠠᠴᠢᠯᠠᠵᠤ᠂ ᠠᠷᠭ᠎ᠠ ᠪᠦᠭᠦᠨ ᠢ | ᠰᠦᠪᠡᠭᠴᠢᠯᠡᠵᠦ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠵᠦ᠂ ᠭᠤᠣᠯᠳᠠᠭᠤ ᠮᠠᠯᠴᠢᠨ ᠲᠠᠷᠢᠶᠠᠴᠢᠨ ᠢ ᠬᠥᠲᠥᠯᠥᠨ | ᠳᠠᠭᠠᠭᠤᠯᠵᠤ ᠲᠥᠬᠦᠭᠡᠷᠦᠮᠵᠢᠲᠦ ᠲᠠᠷᠢᠶᠠᠯᠠᠩ᠂ ᠬᠠᠰᠢᠶᠠᠯᠠᠨ ᠲᠡᠵᠢᠭᠡᠬᠦ᠂ ᠬᠦᠷᠢᠶ᠎ᠡ ᠬᠠᠰᠢᠶ᠎ᠠ ᠶᠢᠨ ᠠᠵᠤ ᠠᠬᠤᠢ ᠶᠢ ᠬᠥᠭᠵᠢᠭᠦᠯᠬᠦ ᠪᠠᠷ ᠳᠠᠮᠵᠢᠨ ᠣᠷᠣᠯᠭ᠎ᠠ ᠶᠢᠨ | ᠲᠦᠪᠰᠢᠨ ᠢ ᠨᠢ ᠳᠡᠭᠡᠭᠰᠢᠯᠡᠭᠦᠯᠭᠦ ᠬᠡᠷᠡᠭᠲᠡᠢ᠃ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ︽ᠵᠢᠵᠢᠭ ᠲᠠᠷᠢᠶ᠎ᠠ ᠶᠢ ᠨᠡᠶᠢᠯᠡᠭᠦᠯᠦᠨ ᠶᠡᠭᠡ ᠲᠠᠷᠢᠶ᠎ᠠ ᠪᠤᠯᠭᠠᠬᠤ︾ | ᠶᠢ ᠠᠬᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠦᠨᠡᠨ ᠬᠦ ᠰᠠᠶᠢᠲᠤᠷ ᠠᠳᠬᠤᠵᠤ᠂ ᠮᠦ ᠨᠢᠭᠡᠴᠢ ᠶᠢᠨ ᠤᠨᠠᠯᠲᠠ ᠶᠢ | ᠳᠡᠭᠡᠭᠰᠢᠯᠡᠭᠦᠯᠭᠦ ᠳᠤ ᠴᠢᠩᠭ᠎ᠠ ᠲᠦᠰᠢᠭᠯᠡᠵᠦ ᠠᠮᠤ ᠪᠤᠳᠠᠭᠠᠨ ᠤ ᠤᠨᠠᠯᠲᠠ ᠶᠢ ᠲᠣᠭᠲᠠᠪᠤᠷᠢᠵᠢᠭᠤᠯᠵᠤ ᠨᠡᠮᠡᠭᠳᠡᠭᠦᠯᠬᠦ ᠬᠡᠷᠡᠭᠲᠡᠢ ᠭᠡᠵᠦ ᠵᠠᠬᠢᠪᠠ᠃ | | | | ᠹᠧᠩ ᠾᠧ ᠲᠣᠰᠬᠤᠨ ᠤ ᠨᠠᠮ ᠤᠨ ᠭᠡᠰᠢᠭᠦᠨ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ᠂ ᠰᠦᠨ ᠱᠤᠤ ᠴᠧᠩ ᠬᠠᠪᠰᠤᠷᠤᠨ ᠭᠦᠢᠴᠡᠳᠬᠡᠬᠦ | ᠣᠷᠣᠯᠠᠨ ᠭᠦᠢᠴᠡᠳᠬᠡᠬᠦ ᠵᠦᠢᠯᠡᠰ ᠤᠨ ᠨᠠᠷᠢᠨ ᠲᠠᠩᠰᠠ᠂ ᠭᠡᠷᠡᠴᠢ ᠭᠠᠷᠭᠠᠨ ᠭᠡᠷᠡᠴᠢᠯᠡᠬᠦ ᠵᠦᠢᠯᠡᠰ ᠤᠨ ᠨᠠᠷᠢᠨ ᠲᠠᠩᠰᠠ᠂ ᠬᠠᠤᠯᠢ ᠶᠣᠰᠣᠭᠠᠷ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠠᠵᠢᠯ ᠤᠨ ᠵᠦᠢᠯᠡᠰ ᠤᠨ ᠨᠠᠷᠢᠨ ᠲᠠᠩᠰᠠ ᠪᠣᠯᠣᠨ ︽ᠭᠤᠷᠪᠠᠨ ᠶᠠᠪᠤᠳᠠᠯ︾ ᠢ ᠢᠯᠡ ᠨᠡᠶᠢᠲᠡᠯᠡᠬᠦ ᠰᠠᠮᠪᠠᠷ᠎ᠠ ᠶᠢᠨ ᠡᠮᠦᠨ᠎ᠡ | ᠵᠣᠭᠰᠣᠵᠤ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ᠂ ᠣᠯᠠᠨ ᠲᠦᠮᠡᠨ ᠳᠤ ᠦᠢᠯᠡᠴᠢᠯᠡᠬᠦ᠂ ᠦᠨᠳᠦᠰᠦᠨ ᠱᠠᠲᠤᠨ ᠤ ᠳᠠᠷᠤᠭᠠᠰᠤ ᠶᠢ | ᠬᠥᠩᠭᠡᠷᠡᠭᠦᠯᠬᠦ ᠵᠡᠷᠭᠡ ᠪᠠᠶᠢᠳᠠᠯ ᠢ ᠣᠶᠢᠯᠠᠭᠠᠪᠠ᠃ ᠲᠡᠷᠡ᠂ ᠦᠨᠳᠦᠰᠦᠨ ᠱᠠᠲᠤᠨ ᠤ ᠳᠠᠷᠤᠭᠠᠰᠤ ᠶᠢ ᠦᠨᠡᠨ ᠪᠣᠳᠠᠲᠠᠢ ᠬᠥᠩᠭᠡᠷᠡᠭᠦᠯᠵᠦ᠂ ᠬᠥᠳᠡᠭᠡ ᠲᠣᠰᠬᠤᠨ ᠤ | ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠮᠠᠯᠴᠢᠨ ᠲᠠᠷᠢᠶᠠᠴᠢᠨ ᠣᠯᠠᠨ ᠲᠦᠮᠡᠨ ᠢ ᠳᠠᠭᠠᠭᠤᠯᠤᠨ ᠬᠠᠮᠲᠤ ᠪᠠᠷ ᠪᠠᠶᠠᠵᠢᠬᠤ ᠲᠦᠰᠢᠭ | ᠲᠤᠯᠭᠠᠭᠤᠷᠢ ᠪᠠ ᠪᠠᠲᠤ ᠴᠢᠩᠭ᠎ᠠ ᠳᠠᠶᠢᠴᠢᠨ ᠪᠠᠬᠢᠯᠡᠯᠲᠡ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ ᠭᠡᠪᠡ᠃ | | | | ᠲᠠᠯ᠎ᠠ ᠨᠤᠲᠤᠭ ᠤᠨ ᠰᠢᠨ ᠾᠧ ᠢᠳᠡᠭᠡᠨ ᠤ ᠬᠢᠵᠠᠭᠠᠷᠲᠤ ᠺᠤᠮᠫᠠᠨᠢ ᠪᠣᠯ ᠰᠦᠨ ᠱᠤᠤ ᠴᠧᠩ ᠤᠨ ᠬᠠᠷᠢᠯᠴᠠᠵᠤ ᠪᠠᠶᠢᠭ᠎ᠠ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠤᠨ ᠨᠢᠭᠡ ᠪᠣᠯᠣᠨ᠎ᠠ᠃ ᠲᠡᠷᠡ ᠦᠢᠯᠡᠳᠪᠦᠷᠢᠯᠡᠯ ᠤᠨ ᠲᠠᠰᠤᠭ ᠪᠣᠯᠣᠨ ᠦᠢᠯᠡᠳᠬᠦᠨ ᠤ ᠦᠵᠡᠭᠦᠯᠭᠡ ᠶᠢᠨ ᠲᠣᠭᠤᠷᠢᠭ ᠲᠤ ᠬᠦᠷᠴᠦ᠂ ᠮᠢᠬᠠᠨ ᠤ ᠬᠤᠨᠢ ᠶᠢ | ᠨᠢᠲᠤᠯᠵᠤ ᠡᠳ᠋ᠰᠢᠭᠦᠯᠦᠨ ᠪᠣᠷᠣᠯᠠᠭᠤᠯᠬᠤ ᠪᠠ ᠮᠢᠬᠠᠨ ᠤ ᠬᠤᠨᠢ ᠶᠢᠨ ᠡᠭᠦᠯᠳᠡᠷ᠂ ᠦᠢᠯᠡᠳᠬᠦᠨ ᠤ ᠰᠢᠨ᠎ᠡ ᠶᠢ ᠡᠭᠦᠳᠬᠦ᠂ ᠳᠠᠭᠠᠯᠲᠠ ᠪᠦᠲᠦᠭᠡᠭᠳᠡᠬᠦᠨ ᠢ ᠶᠡᠷᠦᠩᠬᠡᠶᠢᠯᠡᠨ | ᠠᠰᠢᠭᠯᠠᠵᠤ ᠪᠠᠶᠢᠭ᠎ᠠ ᠪᠠᠶᠢᠳᠠᠯ ᠢ ᠣᠶᠢᠯᠠᠭᠠᠵᠤ᠂ ᠠᠵᠤ ᠠᠬᠤᠶᠢᠯᠠᠯ ᠤᠨ ᠬᠢᠨ ᠢ ᠨᠠᠩ ᠥᠨᠳᠥᠷ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠨᠢᠨ ᠮᠢᠬ᠎ᠠ ᠶᠢ | ᠨᠠᠷᠢᠯᠢᠭ ᠡᠳ᠋ᠰᠢᠭᠦᠯᠬᠦ ᠠᠵᠢᠯ ᠢ ᠬᠦᠴᠦ ᠣᠷᠣᠭᠤᠯᠤᠨ ᠬᠢᠵᠦ᠂ ᠵᠠᠬ᠎ᠠ ᠳᠡᠯᠭᠡᠭᠦᠷ ᠢᠶᠠᠨ ᠰᠠᠨᠠᠭᠠᠴᠢᠯᠠᠭ᠎ᠠ ᠠᠴᠠ ᠪᠠᠨ ᠥᠷᠭᠡᠳᠬᠡᠵᠦ᠂ ᠦᠢᠯᠡᠳᠬᠦᠨ ᠤ ᠬᠡᠪᠴᠢᠶ᠎ᠡ ᠪᠠᠨ | ᠦᠷᠭᠦᠯᠵᠢᠯᠡᠨ ᠪᠤᠵᠠᠭᠠᠶᠢᠷᠠᠭᠤᠯᠵᠤ᠂ ᠲᠤᠬᠠᠢ ᠶᠢᠨ ᠭᠠᠵᠠᠷ ᠤᠨ ᠣᠯᠠᠨ ᠲᠦᠮᠡᠨ ᠤ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠨᠠᠩ ᠰᠠᠶᠢᠲᠤᠷ ᠳᠠᠶᠢᠴᠢᠯᠠᠬᠤ | ᠬᠡᠷᠡᠭᠲᠡᠢ ᠭᠡᠵᠦ ᠵᠣᠷᠢᠭᠵᠢᠭᠤᠯᠪᠠ᠃ ᠰᠦᠨ ᠱᠤᠤ ᠴᠧᠩ᠂ ᠡᠯ᠎ᠡ ᠱᠠᠲᠤᠨ ᠤ ᠬᠢᠨ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠬᠡᠷᠡᠭᠵᠢᠭᠦᠯᠬᠦ ᠲᠠᠢ | ᠤᠶᠠᠯᠳᠤᠭᠤᠯᠵᠤ᠂ ᠰᠠᠨᠠᠭᠠᠴᠢᠯᠠᠭ᠎ᠠ ᠠᠴᠠ ᠪᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠲᠠᠢ ᠬᠠᠷᠢᠯᠴᠠᠵᠤ᠂ ᠲᠡᠳᠡᠨ ᠢ ᠬᠠᠪᠰᠤᠷᠤᠨ ᠪᠣᠳᠠᠲᠠᠢ ᠬᠦᠴᠢᠷᠳᠡᠯ | ᠪᠣᠯᠣᠨ ᠠᠰᠠᠭᠤᠳᠠᠯ ᠢ ᠨᠢ ᠴᠠᠭ ᠲᠤᠬᠠᠢ ᠳᠤᠨᠢ ᠰᠢᠢᠳᠪᠦᠷᠢᠯᠡᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠳᠡᠮᠵᠢᠬᠦ ᠬᠡᠷᠡᠭᠲᠡᠢ | ᠭᠡᠵᠡᠢ᠃ | ᠢᠦᠢ ᠯᠢ ᠰᠢᠨ ᠠᠵᠢᠯᠯᠠᠭ᠎ᠠ ᠳᠤ ᠣᠷᠣᠯᠴᠠᠵᠠᠢ᠃ | |